ᠥᠪᠥᠷ ᠮᠣᠩᠭᠤᠯ ᠨᠤᠲᠤᠭ ᠪᠡᠯᠴᠢᠭᠡᠷ ᠤᠨ ᠠᠮᠢ ᠠᠬᠤᠶ ᠶᠢᠨ ᠪᠦᠬᠦ ᠪᠠᠶᠢᠳᠠᠯ ᠢ ᠪᠥᠬᠦ ᠲᠠᠯ᠎ᠠ ᠪᠠᠷ ᠢᠯᠭᠠᠷᠠᠭᠤᠯᠤᠨ ᠪᠠᠶᠢᠴᠠᠭᠠᠪᠠ
ᠨᠡᠶᠢᠲᠡᠯᠡᠭᠰᠡᠨ ᠴᠠᠭ᠄
2021/7/27
           ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠢᠭᠡᠳᠦᠯᠲᠡᠶ ᠪᠠᠶᠢᠷᠢᠯᠠᠭᠤᠯᠤᠯᠲᠠ ᠶᠢ ᠦᠨᠳᠦᠰᠦᠯᠡᠨ᠂ ᠣᠳᠣᠬᠠᠨ ᠳᠤ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠨᠢᠭᠡᠨᠲᠡ ᠨᠤᠲᠤᠭ ᠪᠡᠯᠴᠢᠭᠡᠷ ᠢ ᠬᠢᠨᠠᠨ ᠰᠢᠨᠵᠢᠯᠡᠵᠦ ᠦᠨᠡᠯᠡᠬᠦ ᠠᠵᠢᠯ ᠢ ᠡᠬᠢᠯᠡᠭᠦᠯᠵᠦ᠂ ᠮᠠᠨ ᠤ ᠣᠷᠣᠨ ᠤ ᠨᠤᠲᠤᠭ ᠪᠡᠯᠴᠢᠭᠡᠷ ᠤᠨ ᠠᠮᠢ ᠠᠬᠤᠶ ᠶᠢᠨ ᠪᠦᠬᠦ ᠪᠠᠶᠢᠳᠠᠯ ᠢ ᠪᠥᠬᠦ ᠲᠠᠯ᠎ᠠ ᠪᠠᠷ ᠢᠯᠭᠠᠷᠠᠭᠤᠯᠤᠨ ᠪᠠᠶᠢᠴᠠᠭᠠᠵᠤ ᠪᠠᠶᠢᠨ᠎ᠠ᠃        ᠲᠣᠰ ᠤᠳᠠᠭᠠᠨ ᠤ ᠨᠤᠲᠤᠭ ᠪᠡᠯᠴᠢᠭᠡᠷ ᠢ ᠬᠢᠨᠠᠨ ᠰᠢᠨᠵᠢᠯᠡᠵᠦ ᠦᠨᠡᠯᠡᠬᠦ ᠠᠵᠢᠯ ᠪᠣᠯ ᠪᠥᠬᠦ ᠤᠯᠤᠰ ᠤᠨ ᠬᠡᠪᠴᠢᠶᠡᠨ ᠳᠤ ᠨᠢᠭᠡᠳᠦᠯᠲᠡᠶ ᠪᠠᠶᠢᠷᠢᠯᠠᠭᠤᠯᠵᠤ᠂ ᠨᠢᠭᠡᠳᠦᠯᠲᠡᠶ ᠠᠵᠢᠯᠯᠠᠭᠤᠯᠤᠭᠰᠠᠨ ᠡᠬᠢ ᠪᠠᠶᠠᠯᠢᠭ ᠠᠮᠢ ᠠᠬᠤᠶ ᠶᠢᠨ ᠣᠳᠣᠬᠢ ᠪᠠᠶᠢᠳᠠᠯ ᠤᠨ ᠪᠠᠶᠢᠴᠠᠭᠠᠯᠲᠠ ᠪᠠᠶᠢᠵᠤ᠂ ᠡᠭᠦᠨ ᠤ ᠵᠣᠷᠢᠯᠭ᠎ᠠ ᠨᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠦᠢᠯᠡᠳᠪᠦᠷᠢᠯᠡᠬᠦ ᠴᠢᠳᠠᠪᠤᠷᠢ᠂ ᠲᠠᠰ᠂ ᠲᠥᠷᠥᠯ ᠬᠡᠯᠪᠡᠷᠢ ᠶᠢᠨ ᠬᠤᠪᠢᠷᠠᠯᠲᠠ ᠵᠡᠷᠭᠡ ᠡᠬᠢ ᠪᠠᠶᠠᠯᠢᠭ ᠤᠨ ᠰᠠᠭᠤᠷᠢ ᠲᠤᠭ᠎ᠠ ᠶᠢ ᠪᠠᠶᠢᠴᠠᠭᠠᠨ ᠳᠣᠲᠣᠯᠠᠬᠤ ᠶᠠᠪᠤᠳᠠᠯ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠲᠣᠰ ᠤᠳᠠᠭᠠᠨ ᠤ ᠨᠤᠲᠤᠭ ᠪᠡᠯᠴᠢᠭᠡᠷ ᠢ ᠬᠢᠨᠠᠨ ᠰᠢᠨᠵᠢᠯᠡᠵᠦ ᠦᠨᠡᠯᠡᠬᠦ ᠠᠵᠢᠯ ᠪᠣᠯ ᠮᠠᠨ ᠤ ᠣᠷᠣᠨ ᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠬᠠᠮᠤᠭ ᠤᠨ ᠴᠢᠬᠤᠯᠠ ᠰᠠᠭᠤᠷᠢ ᠴᠢᠨᠠᠷᠲᠠᠶ ᠠᠵᠢᠯ ᠪᠠᠶᠢᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠳᠤ ᠬᠤᠯᠪᠣᠭᠳᠠᠵᠤ᠂ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ᠂ ᠡᠯᠡᠰᠦ ᠶᠢ ᠬᠡᠪᠴᠢᠶᠡᠵᠢᠭᠦᠯᠵᠦ ᠰᠡᠷᠭᠡᠶᠢᠯᠡᠨ ᠵᠠᠰᠠᠬᠤ ᠪᠠ ᠤᠯᠤᠰ ᠤᠨ ᠭᠠᠵᠠᠷ ᠰᠢᠷᠣᠶ ᠶᠢ ᠶᠡᠭᠡ ᠬᠡᠪᠴᠢᠶ᠎ᠡ ᠪᠠᠷ ᠨᠣᠭᠤᠭᠠᠷᠠᠭᠤᠯᠬᠤ ᠶᠢ ᠰᠢᠨᠵᠢᠯᠡᠬᠦ ᠤᠬᠠᠭᠠᠨᠴᠢ ᠪᠠᠷ ᠵᠢᠯᠣᠭᠤᠳᠬᠤ ᠶᠢᠨ ᠴᠢᠬᠤᠯᠠ ᠦᠨᠳᠦᠰᠦᠯᠡᠯ ᠪᠠᠶᠢᠵᠤ᠂ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃        ᠣᠶᠢᠯᠠᠭᠠᠭᠰᠠᠨ ᠢᠶᠠᠷ᠂ ᠲᠣᠰ ᠠᠵᠢᠯ ᠢ ᠰᠠᠶᠢᠲᠤᠷ ᠬᠢᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠪᠠᠰᠠ ᠭᠤᠤᠯ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠬᠦᠴᠦᠨ ᠢᠶᠠᠷ ᠭᠤᠤᠯ ᠬᠦᠴᠦᠨ ᠪᠣᠯᠭᠠᠭᠰᠠᠨ᠂ ᠡᠯ᠎ᠡ ᠱᠠᠲᠤᠨ ᠤ ᠣᠶ ᠰᠢᠭᠤᠶ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠤᠨ ᠰᠤᠭᠤᠴᠢᠨ ᠰᠢᠯᠵᠢᠭᠦᠯᠦᠭᠰᠡᠨ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠢᠶᠠᠷ ᠲᠤᠰᠠᠯᠠᠭᠴᠢ ᠬᠦᠴᠦᠨ ᠪᠣᠯᠭᠠᠭᠰᠠᠨ᠂ ᠨᠡᠶᠢᠭᠡᠮ ᠤᠨ ᠬᠦᠴᠦᠨ ᠢᠶᠠᠷ ᠨᠥᠬᠦᠪᠥᠷᠢ ᠪᠣᠯᠭᠠᠭᠰᠠᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠪᠠ ᠶᠡᠭᠡ ᠳᠡᠭᠡᠳᠦ ᠰᠤᠷᠭᠠᠭᠤᠯᠢ ᠪᠠᠷ ᠮᠡᠷᠭᠡᠵᠢᠯ ᠤᠨ ᠲᠦᠰᠢᠭ ᠪᠣᠯᠭᠠᠭᠰᠠᠨ ᠨᠤᠲᠤᠭ ᠪᠡᠯᠴᠢᠭᠡᠷ ᠤᠨ ᠬᠢᠨᠠᠨ ᠰᠢᠨᠵᠢᠯᠡᠵᠦ ᠦᠨᠡᠯᠡᠬᠦ ᠡᠩᠨᠡᠭᠡ ᠶᠢ ᠪᠡᠯᠡᠳᠬᠡᠨ ᠪᠠᠶᠢᠭᠤᠯᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号