2021 ᠳᠤᠮᠳᠠᠳᠤ ᠤᠯᠤᠰ ᠤᠨ ᠡᠮᠡᠭᠲᠡᠶ ᠠᠵᠤ ᠠᠬᠤᠶᠢᠯᠠᠯᠲᠠᠳ ᠬᠥᠬᠡᠬᠤᠲᠠ ᠳᠤ ᠬᠦᠷᠴᠦ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠬᠥᠭᠵᠢᠯᠲᠡ ᠶᠢᠨ ᠶᠡᠭᠡ ᠬᠤᠷᠠᠯ ᠴᠡᠯᠡᠭᠡᠷ ᠲᠠᠯ᠎ᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2021/7/27
           7 ᠳ᠋ᠤᠭᠠᠷ ᠰᠠᠷ᠎ᠠ ᠶᠢᠨ 26 ᠤ ᠡᠳᠦᠷ᠂ 2021 ᠳᠤᠮᠳᠠᠳᠤ ᠤᠯᠤᠰ ᠤᠨ ᠡᠮᠡᠭᠲᠡᠢ ᠠᠵᠤ ᠠᠬᠤᠶᠢᠯᠠᠯᠲᠠᠳ ᠬᠥᠬᠡᠬᠤᠲᠠ ᠳᠤ ᠬᠦᠷᠴᠦ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠬᠥᠭᠵᠢᠯᠲᠡ ᠶᠢᠨ ᠶᠡᠭᠡ ᠬᠤᠷᠠᠯ ᠴᠡᠯᠡᠭᠡᠷ ᠲᠠᠯ᠎ᠠ ᠳᠤ ᠶᠠᠪᠤᠭᠳᠠᠪᠠ᠃         ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ᠂ ᠳᠤᠮᠳᠠᠳᠤ ᠤᠯᠤᠰ ᠤᠨ ᠡᠮᠡᠭᠲᠡᠶ ᠠᠵᠤ ᠠᠬᠤᠶᠢᠯᠠᠯᠲᠠᠳ ᠤᠨ ᠨᠡᠶᠢᠭᠡᠮᠯᠢᠭ ᠤᠨ ᠳᠠᠷᠤᠭ᠎ᠠ ᠯᠢ ᠳ᠋ᠠᠩ ᠬᠤᠷᠠᠯ ᠳᠤ ᠣᠷᠣᠯᠴᠠᠨ ᠪᠠᠶᠠᠷ ᠤᠨ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠧᠩ ᠬᠤᠩ ᠹᠠᠨ ᠬᠤᠷᠠᠯ ᠳᠤ ᠣᠷᠣᠯᠴᠠᠵᠠᠶ᠃        ᠸᠠᠩ ᠯᠢ ᠰᠢᠶᠠ ᠪᠠᠶᠠᠷ ᠤᠨ ᠦᠭᠡ ᠳᠤ ᠪᠠᠨ᠂ ᠥᠨᠥᠳᠦᠷ ᠤᠨ ᠬᠥᠬᠡᠬᠤᠲᠠ᠂ ᠶᠠᠭ ᠠᠵᠤ ᠦᠢᠯᠡᠰ ᠬᠥᠭᠵᠢᠨ ᠪᠠᠳᠠᠷᠠᠵᠤ ᠪᠠᠶᠢᠭ᠎ᠠ ᠬᠥᠭᠵᠢᠯᠲᠡ ᠶᠢᠨ ᠭᠤᠸ᠎ᠠ ᠰᠠᠶᠢᠬᠠᠨ᠂ ᠣᠷᠣᠰᠢᠨ ᠰᠠᠭᠤᠬᠤ ᠳᠤ ᠲᠣᠬᠢᠷᠠᠮᠵᠢᠲᠠᠶ ᠠᠮᠢ ᠠᠬᠤᠶ ᠶᠢᠨ ᠣᠷᠴᠢᠨ ᠲᠣᠭᠤᠷᠢᠨ ᠤ ᠭᠤᠸ᠎ᠠ ᠰᠠᠶᠢᠬᠠᠨ᠂ ᠬᠤᠳᠠᠯᠳᠤᠭᠠᠨ ᠤ ᠠᠵᠠ ᠲᠣᠬᠢᠶᠠᠯ ᠬᠢᠵᠠᠭᠠᠯᠠᠰᠢ ᠦᠭᠡᠶ ᠪᠠᠶᠢᠭ᠎ᠠ ᠠᠮᠢᠵᠢᠷᠠᠯ ᠤᠨ ᠬᠦᠴᠦᠨ ᠤ ᠭᠤᠸ᠎ᠠ ᠰᠠᠶᠢᠬᠠᠨ ᠢ ᠳᠡᠯᠭᠡᠨ ᠦᠵᠡᠭᠦᠯᠵᠦ᠂ ᠥᠷᠭᠡᠨ ᠤᠯᠠᠨ ᠠᠵᠤ ᠠᠬᠤᠶᠢᠯᠠᠯᠲᠠᠨ ᠤ ᠪᠡᠯᠡ ᠣᠷᠣᠭᠤᠯᠵᠤ ᠦᠢᠯᠡᠰ ᠴᠣᠭᠴᠠᠯᠠᠬᠤ ᠠᠭᠤᠳᠠᠮ ᠲᠠᠪᠴᠠᠩ᠂ ᠰᠢᠨ᠎ᠡ ᠶᠢ ᠡᠭᠦᠳᠴᠦ ᠦᠢᠯᠡᠰ ᠴᠣᠭᠴᠠᠯᠠᠬᠤ ᠬᠠᠮᠤᠭ ᠤᠨ ᠰᠢᠯᠢᠳᠡᠭ ᠲᠠᠪᠴᠠᠩ ᠪᠣᠯᠵᠤ ᠪᠠᠶᠢᠨ᠎ᠠ᠂ ᠬᠥᠬᠡᠬᠤᠲᠠ ᠳᠤᠷᠠᠲᠠᠶ᠎ᠠ ︽ᠬᠡᠷᠡᠭᠴᠡᠭᠡ ᠪᠠᠷ ᠢᠶᠠᠨ ᠲᠣᠭᠲᠠᠭᠠᠬᠤ︾᠂ ︽ᠴᠠᠭ ᠢᠮᠠᠭᠲᠠ ᠪᠡᠯᠡᠳᠬᠡᠯ ᠲᠠᠢ︾ ᠦᠢᠯᠡᠴᠢᠯᠡᠭᠡ ᠪᠠᠷ ᠥᠷᠭᠡᠨ ᠤᠯᠠᠨ ᠠᠵᠤ ᠠᠬᠤᠶᠢᠯᠠᠯᠲᠠᠨ ᠤ ᠦᠨᠡᠨ ᠬᠦ ᠣᠷᠣᠨ ᠤ ᠲᠥᠪ ᠲᠤ ᠰᠠᠨᠠᠭ᠎ᠠ ᠠᠮᠤᠷ ᠪᠡᠯᠡ ᠣᠷᠣᠭᠤᠯᠵᠤ᠂ ᠰᠠᠨᠠᠭ᠎ᠠ ᠠᠮᠤᠷ ᠦᠢᠯᠡᠰ ᠴᠣᠭᠴᠠᠯᠠᠨ᠂ ᠰᠠᠨᠠᠭᠠᠨ ᠤ ᠠᠶ᠎ᠠ ᠪᠠᠷ ᠬᠥᠭᠵᠢᠭᠦᠯᠬᠦ ᠳᠤ ᠨᠥᠭᠦᠴᠡᠯ ᠬᠠᠩᠭᠠᠵᠤ᠂ ᠡᠮᠡᠭᠲᠡᠢ ᠠᠵᠤ ᠠᠬᠤᠶᠢᠯᠠᠯᠲᠠᠨ ᠤ ᠬᠥᠬᠡᠬᠤᠲᠠ ᠳᠤ ᠢᠷᠡᠵᠦ᠂ ᠰᠡᠳᠬᠢᠯ ᠵᠢᠷᠦᠬᠡ ᠪᠠᠨ ᠬᠤᠯᠪᠣᠨ᠂ ᠲᠠᠯ᠎ᠠ ᠨᠤᠲᠤᠭ ᠲᠤ ᠦᠨᠳᠦᠰᠦᠯᠡᠵᠦ᠂ ᠢᠷᠡᠭᠡᠳᠦᠢ ᠪᠠᠨ ᠬᠠᠮᠲᠤ ᠪᠠᠷ ᠴᠣᠭᠴᠠᠯᠠᠬᠤ ᠶᠢ ᠴᠢᠩ ᠰᠡᠳᠬᠢᠯ ᠠᠴᠠ ᠪᠠᠨ ᠪᠠᠶᠠᠷᠯᠠᠨ ᠤᠭᠲᠤᠵᠤ ᠪᠠᠶᠢᠨ᠎ᠠ ᠭᠡᠪᠡ᠃        ᠯᠢ ᠳ᠋ᠠᠩ ᠪᠠᠶᠠᠷ ᠤᠨ ᠦᠭᠡ ᠳᠤ ᠪᠠᠨ ᠂ ᠡᠮᠡᠭᠲᠡᠢ ᠠᠵᠤ ᠠᠬᠤᠶᠢᠯᠠᠯᠲᠠᠨ ᠢ ᠵᠣᠬᠢᠶᠠᠨ ᠪᠠᠶᠢᠭᠤᠯᠵᠤ ᠬᠥᠬᠡᠬᠤᠲᠠ ᠳᠤ ᠢᠷᠡᠭᠦᠯᠬᠦ ᠨᠢ ᠡᠮᠡᠭᠲᠡᠢ ᠠᠵᠤ ᠠᠬᠤᠶᠢᠯᠠᠯᠲᠠᠳ ᠤᠨ ᠨᠡᠶᠢᠭᠡᠮᠯᠢᠭ ᠤᠨ ᠭᠡᠰᠢᠭᠦᠨ ᠵᠢᠴᠢ ᠭᠡᠰᠢᠭᠦᠨ ᠠᠵᠤ ᠠᠬᠤᠶᠢᠯᠠᠯ ᠳᠤ ᠪᠠᠨ ᠦᠢᠯᠡᠴᠢᠯᠡᠵᠦ᠂ ᠬᠤᠣᠰ ᠣᠷᠴᠢᠯ ᠤᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠴᠢᠬᠤᠯᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢᠨ ᠬᠠᠮᠲᠤ ᠪᠤᠢ ᠪᠦᠬᠦᠢ ᠡᠮᠡᠭᠲᠡᠢ ᠠᠵᠤ ᠠᠬᠤᠶᠢᠯᠠᠯᠲᠠᠨ ᠭᠡᠰᠢᠭᠦᠳ ᠲᠤ ᠬᠥᠬᠡᠬᠤᠲᠠ ᠶᠢᠨ ᠬᠥᠭᠵᠢᠯᠲᠡ ᠶᠢ ᠬᠠᠮᠲᠤ ᠳᠤ ᠪᠠᠨ ᠬᠦᠷᠲᠡᠬᠦ ᠠᠵᠠ ᠲᠣᠬᠢᠶᠠᠯ ᠢ ᠬᠠᠩᠭᠠᠵᠤ᠂ ᠲᠠᠪᠴᠠᠩ ᠪᠠᠶᠢᠭᠤᠯᠵᠤ ᠥᠭᠬᠦ ᠶᠢᠨ ᠲᠥᠯᠥᠭᠡ ᠶᠤᠮ᠃ ᠪᠢᠳᠠ ᠡᠭᠦᠨ ᠢᠶᠠᠷ ᠡᠬᠢᠯᠡᠯᠲᠡ ᠪᠣᠯᠭᠠᠨ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠰᠢᠨ᠎ᠡ ᠠᠶᠠᠨ ᠢᠶᠠᠨ ᠬᠠᠮᠲᠤ ᠪᠠᠷ ᠡᠬᠢᠯᠡᠭᠦᠯᠦᠶ᠎ᠡ ᠭᠡᠵᠡᠢ᠃        ᠬᠤᠷᠠᠯ ᠳᠡᠭᠡᠷ᠎ᠡ᠂ ᠸᠠᠩ ᠯᠢ ᠰᠢᠶᠠ ᠪᠣᠯᠤᠨ ᠯᠢ ᠳ᠋ᠠᠩ ᠬᠠᠮᠲᠤ ᠪᠠᠷ ᠪᠢ ᠲᠠᠯ᠎ᠠ ᠨᠤᠲᠤᠭ ᠲᠠᠢ ᠪᠠᠨ ᠪᠣᠯᠵᠤᠭ᠎ᠠ ᠲᠠᠢ ᠭᠡᠬᠦ ᠰᠠᠨᠠᠭ᠎ᠠ ᠶᠢ ᠠᠭᠤᠯᠤᠭᠰᠠᠨ ᠨᠥᠬᠦᠷᠯᠡᠯ ᠤᠨ ᠮᠣᠳᠣ ᠶᠢ ᠤᠰᠤᠯᠠᠭᠰᠠᠨ ᠤ ᠬᠠᠮᠲᠤ ᠡᠮᠡᠭᠲᠡᠢ ᠠᠵᠤ ᠠᠬᠤᠶᠢᠯᠠᠯᠲᠠᠳ ᠤᠨ ᠨᠡᠶᠢᠭᠡᠮᠯᠢᠭ ᠤᠨ ᠰᠠᠨᠠᠭᠠᠴᠢᠯᠠᠭ᠎ᠠ ᠶᠢᠨ ᠪᠢᠴᠢᠭ ᠢ ᠨᠡᠶᠢᠲᠡᠯᠡᠪᠡ᠃        15 ᠠᠵᠤ ᠠᠬᠤᠶᠢᠯᠠᠯ ᠬᠥᠬᠡᠬᠤᠲᠠ ᠯᠦᠭᠡ ᠲᠦᠷᠦᠯ ᠵᠦᠢᠯ ᠤᠨ ᠭᠡᠷ᠎ᠡ ᠲᠣᠭᠲᠠᠵᠤ᠂ ᠪᠡᠭᠡᠵᠢᠩ ᠬᠤᠳᠠ ᠶᠢᠨ ᠡᠮᠡᠭᠲᠡᠢ ᠠᠵᠤ ᠠᠬᠤᠶᠢᠯᠠᠯᠲᠠᠳ ᠤᠨ ᠨᠡᠶᠢᠭᠡᠮᠯᠢᠭ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠢ ᠠᠵᠤ ᠠᠬᠤᠶᠢᠯᠠᠯᠲᠠᠳ ᠤᠨ ᠨᠡᠶᠢᠭᠡᠮᠯᠢᠭ ᠬᠠᠮᠲᠤ ᠪᠠᠷ ᠥᠪᠥᠷ ᠮᠣᠩᠭᠤᠯ ᠤᠨ ᠡᠮᠡᠭᠲᠡᠶᠢᠴᠦᠳ ᠬᠡᠦᠬᠡᠳ ᠤᠨ ᠰᠠᠭᠤᠷᠢ ᠮᠥᠩᠭᠦᠨ ᠤ ᠨᠡᠶᠢᠭᠡᠮᠯᠢᠭ ᠲᠤ ᠶᠠᠳᠠᠭᠤ ᠬᠦᠴᠢᠷᠳᠡᠯᠲᠡᠢ ᠬᠡᠦᠬᠡᠳ ᠤᠨ ᠰᠤᠷᠤᠯᠭ᠎ᠠ ᠶᠢᠨ ᠬᠡᠷᠡᠭᠰᠡᠯ ᠢ ᠬᠠᠨᠳᠢᠪᠯᠠᠪᠠ᠃        ᠬᠤᠷᠠᠯ ᠳᠡᠭᠡᠷ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠪᠡᠭᠡᠵᠢᠩ ᠬᠤᠲᠠ᠂ ᠱᠠᠩᠬᠠᠶ ᠬᠤᠲᠠ ᠵᠡᠷᠭᠡ ᠶᠢᠰᠦᠨ ᠮᠤᠵᠢ ᠣᠷᠣᠨ ᠬᠤᠲᠠ ᠶᠢᠨ ᠡᠮᠡᠭᠲᠡᠶ ᠠᠵᠤ ᠠᠬᠤᠶᠢᠯᠠᠯᠲᠠᠳ ᠤᠨ ᠨᠡᠶᠢᠭᠡᠮᠯᠢᠭ ᠤᠨ ᠳᠠᠷᠤᠭ᠎ᠠ ᠬᠠᠮᠲᠤ ᠪᠠᠷ ᠡᠮᠡᠭᠲᠡᠶ ᠠᠵᠤ ᠠᠬᠤᠶᠢᠯᠠᠯᠲᠠᠳ ᠤᠨ ᠨᠥᠬᠦᠷᠯᠡᠯ ᠤᠨ ᠨᠡᠶᠢᠭᠡᠮᠯᠢᠭ ᠤᠨ ᠢᠯᠡᠷᠬᠡᠶᠢᠯᠡᠯ ᠢ ᠰᠡᠬᠦᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号