| | 7 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ | ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠮᠰᠢᠭ ᠠᠴᠠ | ᠠᠪᠤᠷᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢ ᠰᠤᠷᠤᠯᠴᠠᠨ ᠲᠤᠭᠤᠰᠢᠯᠠᠭᠤᠯᠵᠤ᠂ ᠣᠳᠣᠬᠠᠨ ᠤ ᠠᠵᠤ | ᠠᠬᠤᠢ ᠶᠢᠨ ᠪᠠᠶᠢᠳᠠᠯ ᠢ ᠵᠠᠳᠠᠯᠤᠨ ᠰᠤᠳᠤᠯᠵᠤ᠂ ᠲᠠᠷᠠᠭᠠᠴᠢ ᠶᠢᠨ ᠱᠠᠲᠤᠨ ᠤ ᠠᠵᠢᠯ ᠢ ᠲᠤᠬᠢᠷᠠᠭᠤᠯᠤᠨ | ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠢ | ᠡᠷᠬᠢᠯᠡᠪᠡ᠃ | ᠬᠤᠷᠠᠯ ᠠᠴᠠ᠂ ᠣᠳᠣᠬᠠᠨ ᠪᠤᠯ ᠶᠠᠭ ︽7 ᠰᠠᠷ᠎ᠠ ᠶᠢᠨ ᠰᠡᠭᠦᠯᠴᠢ 8 ᠰᠠᠷ᠎ᠠ ᠶᠢᠨ ᠡᠬᠢᠨ︾ ᠤ ᠭᠤᠤᠯ | ᠦᠶᠡᠷ ᠤᠨ ᠬᠤᠭᠤᠴᠠᠭ᠎ᠠ ᠪᠠ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠂ ᠡᠯ᠎ᠡ ᠱᠠᠲᠤᠨ ᠤ | ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠶᠡᠷᠦᠩᠬᠡᠶ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ | ᠭᠠᠮᠰᠢᠭ ᠠᠴᠠ ᠠᠪᠤᠷᠬᠠᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠶᠡᠷ ᠢ ᠰᠡᠷᠭᠡᠶᠢᠯᠡᠬᠦ ᠪᠠᠶᠢᠳᠠᠯ ᠤᠨ ᠬᠦᠨᠳᠦ ᠨᠣᠴᠢᠲᠠᠶ ᠴᠢᠨᠠᠷ ᠢ | ᠭᠦᠢᠴᠡᠳ ᠵᠢᠱᠢᠵᠦ᠂ ᠦᠶᠡᠷ ᠢ ᠰᠡᠷᠭᠡᠶᠢᠯᠡᠬᠦ ᠠᠮᠤᠷ ᠲᠦᠪᠰᠢᠨ ᠤ ᠬᠥᠪᠴᠢ ᠶᠢ ᠴᠠᠭ ᠢᠮᠠᠭᠲᠠ ᠴᠢᠩᠭᠠᠯᠠᠵᠤ᠂ ᠡᠯ᠎ᠡ | ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠶ ᠠᠳᠬᠤᠵᠤ᠂ ᠭᠡᠨᠡᠳᠲᠡ ᠡᠭᠦᠰᠬᠦ ᠠᠶᠤᠯ ᠲᠦᠭᠰᠢᠭᠦᠷᠢᠲᠦ | ᠪᠠᠶᠢᠳᠠᠯ ᠪᠣᠯᠤᠨ ᠡᠯ᠎ᠡ ᠵᠦᠢᠯ ᠤᠨ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠦ᠂ ᠦᠶᠡᠷ ᠤᠨ | ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠪᠠᠲᠤᠯᠠᠬᠤ ᠬᠡᠷᠡᠭᠲᠡᠶ᠃ ᠲᠦᠭᠰᠢᠭᠦᠷᠢ ᠶᠢᠨ ᠳᠠᠯᠳᠠ | ᠭᠡᠮ ᠢ ᠵᠢᠭᠰᠠᠭᠠᠨ ᠪᠠᠶᠢᠴᠠᠭᠠᠬᠤ ᠠᠵᠢᠯ ᠢ ᠴᠢᠩᠭ᠎ᠠ ᠨᠢᠮᠪᠠᠶ ᠥᠷᠨᠢᠭᠦᠯᠵᠦ᠂ ᠠᠶᠤᠯ ᠲᠦᠭᠰᠢᠬᠦᠷᠢ ᠶᠢᠨ ᠬᠡᠮ | ᠰᠤᠭᠤᠭ ᠲᠠᠢ ᠤᠰᠤᠨ ᠴᠥᠭᠦᠷᠥᠮ᠂ ᠠᠭᠤᠯᠠᠨ ᠦᠶᠡᠷ ᠬᠢᠯᠪᠠᠷᠬᠠᠨ ᠡᠬᠦᠰᠬᠦ ᠣᠷᠣᠨ᠂ ᠬᠤᠲᠠ ᠶᠢᠨ ᠨᠠᠮ ᠲᠤᠤᠷ᠎ᠠ | ᠭᠠᠵᠠᠷ᠂ ᠠᠭᠤᠷᠬᠠᠢ ᠶᠢᠨ ᠬᠠᠶᠠᠬᠳᠠᠮᠠᠯ ᠤᠨ ᠭᠠᠵᠠᠷ᠂ ᠦᠵᠡᠮᠵᠢ ᠶᠢᠨ ᠣᠷᠣᠨ ᠪᠠᠶᠢᠭᠤᠯᠵᠤ ᠪᠠᠶᠢᠭ᠎ᠠ ᠪᠠᠷᠢᠯᠭ᠎ᠠ ᠵᠡᠷᠭᠡ | ᠭᠤᠤᠯᠳᠠᠯᠭ᠎ᠠ ᠲᠠᠢ ᠣᠷᠣᠨ ᠪᠦᠰᠡ ᠶᠢ ᠲᠣᠭᠤᠷᠢᠨ ᠪᠠᠶᠢᠴᠠᠭᠠᠵᠤ ᠵᠢᠭᠰᠠᠭᠠᠨ ᠪᠠᠶᠢᠴᠠᠭᠠᠬᠤ ᠶᠢ ᠬᠦᠴᠦᠯᠡᠨ | ᠴᠢᠩᠭᠠᠳᠬᠠᠬᠤ ᠬᠡᠷᠡᠭᠲᠡᠶ᠃ ᠵᠢᠭᠰᠠᠭᠠᠨ ᠪᠠᠶᠢᠴᠠᠭᠠᠵᠤ ᠭᠠᠷᠭᠠᠭᠰᠠᠨ ᠲᠦᠭᠰᠢᠭᠦᠷᠢ ᠶᠢᠨ ᠳᠠᠯᠳᠠ ᠭᠡᠮ ᠰᠤᠭᠤᠬ ᠲᠤ | ᠨᠠᠷᠢᠨ ᠲᠠᠩᠰᠠ ᠵᠤᠬᠢᠶᠠᠬᠤ ᠮᠠᠶ᠋ᠢᠬ ᠢᠶᠠᠷ ᠴᠡᠭᠴᠡᠯᠡᠨ ᠰᠠᠶᠢᠵᠢᠷᠠᠭᠤᠯᠬᠤ᠂ ᠪᠢᠲᠡᠭᠦᠮᠵᠢᠯᠠᠨ ᠬᠠᠮᠢᠶᠠᠷᠬᠤ ᠶᠢ | ᠬᠡᠷᠡᠭᠵᠢᠭᠦᠯᠵᠦ᠂ ᠲᠥᠰᠦᠯ ᠢ ᠪᠣᠳᠠᠲᠠᠶ ᠲᠤᠭᠳᠠᠭᠠᠵᠦ᠂ ᠬᠠᠷᠢᠭᠤᠴᠠᠯᠭ᠎ᠠ ᠶᠢ ᠪᠤᠳᠠᠳᠠᠢ ᠬᠥᠮᠦᠨ ᠳᠤ | ᠨᠠᠶᠢᠳᠠᠪᠤᠷᠢᠵᠢᠭᠤᠯᠤᠨ᠂ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠯᠳᠠᠰᠢ ᠭᠠᠷᠬᠤ ᠶᠢ ᠬᠤᠷᠢᠬᠯᠠᠬᠤ ᠬᠡᠷᠡᠭᠲᠡᠶ᠃ | ᠴᠠᠭ ᠠᠭᠤᠷ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠣᠨᠣᠪᠴᠢ ᠶᠢᠨ | ᠬᠡᠮᠵᠢᠶ᠎ᠡ ᠪᠠ ᠴᠠᠬᠴᠢ ᠴᠢᠨᠠᠷ ᠢ ᠦᠨᠡᠨ ᠬᠦ ᠳᠡᠭᠡᠭᠰᠢᠯᠡᠭᠦᠯᠵᠦ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠪᠠᠶᠢᠭᠠᠳ | ᠡᠯ᠎ᠡ ᠵᠦᠢᠯ ᠤᠨ ᠠᠷᠭᠠᠴᠠᠭᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠣᠯᠠᠨ ᠲᠦᠮᠡᠨ ᠢ ᠵᠣᠬᠢᠶᠠᠨ ᠪᠠᠶᠢᠭᠤᠯᠵᠤ | ᠠᠶᠤᠯ ᠠᠴᠠ ᠵᠠᠶᠢᠯᠠᠭᠤᠯᠬᠤ ᠪᠠ ᠰᠢᠯᠵᠢᠬᠦᠯᠬᠦ ᠴᠢᠬᠤᠯᠠᠳᠠᠢ ᠦᠶ᠎ᠡ ᠳᠤ ᠡᠷᠬᠡᠪᠰᠢ ᠡᠷᠡᠰ ᠰᠢᠭᠤᠷᠬᠠᠶ ᠪᠠᠷ ᠠᠵᠢᠯᠯᠠᠵᠤ᠂ | ᠣᠯᠠᠨ ᠲᠦᠮᠡᠨ ᠤ ᠠᠮᠤᠷ ᠲᠦᠪᠰᠢᠨ ᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠵᠤ᠂ ᠭᠠᠮᠰᠢᠭ ᠤᠨ ᠬᠤᠬᠢᠷᠠᠯ ᠢ | ᠪᠠᠭᠠᠰᠬᠠᠬᠤ ᠬᠡᠷᠡᠭᠲᠡᠶ᠃ ᠬᠥᠯᠥᠨ ᠪᠤᠶᠢᠷ ᠬᠤᠲᠠ ᠶᠢᠨ ᠦᠶᠡᠷ ᠢ ᠰᠡᠷᠭᠡᠶᠢᠯᠡᠵᠦ ᠭᠠᠮᠰᠢᠭ ᠲᠠᠢ ᠲᠡᠮᠡᠴᠡᠬᠦ ᠠᠵᠢᠯ ᠢ | ᠰᠠᠶᠢᠲᠤᠷ ᠬᠢᠬᠦ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠭᠠᠮᠰᠢᠭᠳᠠᠭᠰᠠᠨ ᠭᠠᠵᠠᠷ ᠣᠷᠣᠨ ᠢ ᠬᠠᠪᠰᠤᠷᠤᠨ ᠰᠢᠨ᠎ᠡ | ᠦᠶᠡᠷ ᠤᠨ ᠪᠠᠶᠢᠳᠠᠯ ᠢ ᠢᠳᠡᠪᠬᠢᠲᠡᠶ ᠠᠷᠭᠠᠴᠠᠭᠠᠵᠤ᠂ ᠭᠠᠮᠰᠢᠭᠳᠠᠭᠰᠠᠨ ᠣᠯᠠᠨ ᠲᠦᠮᠡᠨ ᠢ ᠲᠣᠬᠢᠲᠠᠶ ᠲᠥᠪᠬᠢᠨᠡᠭᠦᠯᠵᠦ | ᠂ ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠦᠢᠯᠡᠳᠪᠦᠷᠢᠯᠡᠯ | ᠠᠮᠢᠳᠤᠷᠠᠯ ᠤᠨ ᠡᠮᠬᠢ ᠳᠢᠭᠯᠢᠮ ᠢ ᠳᠠᠷᠤᠶ ᠲᠦᠷᠭᠡᠨ ᠰᠡᠷᠭᠦᠭᠡᠵᠦ᠂ ᠭᠠᠮᠰᠢᠭ ᠠᠴᠠ ᠪᠣᠯᠵᠣ ᠳᠠᠬᠢᠨ ᠶᠠᠳᠠᠭᠤᠷᠠᠬᠤ ᠪᠠ | ︽ᠶᠡᠭᠡ ᠭᠠᠮᠰᠢᠭ ᠤᠨ ᠳᠠᠷᠠᠭ᠎ᠠ ᠶᠡᠭᠡ ᠬᠢᠵᠢᠭ ᠳᠡᠯᠭᠡᠷᠡᠬᠦ︾ ᠶᠢ ᠰᠡᠷᠭᠡᠶᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ᠂ ᠡᠨᠡ ᠵᠢᠯ ᠠᠴᠠ ᠨᠠᠭᠠᠰᠢ᠂ ᠣᠷᠣᠨ ᠳᠠᠶᠠᠭᠠᠷ ᠶᠡᠷᠦᠩᠬᠡᠶ ᠱᠦᠵᠢ ᠰᠢ ᠶᠢᠨ ᠫᠢᠩ ᠤᠨ | ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ | ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ | ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠪᠥᠬᠦ | ᠣᠷᠣᠨ ᠤ ᠠᠵᠤ ᠠᠬᠤᠶ ᠶᠡᠷᠦᠩᠬᠡᠶ ᠳᠡᠭᠡᠨ ᠦᠷᠭᠦᠯᠵᠢᠯᠡᠨ ᠲᠣᠭᠲᠠᠭᠤᠨ ᠢᠶᠠᠷ ᠰᠡᠷᠭᠦᠵᠦ᠂ ᠲᠣᠭᠲᠠᠭᠤᠨ ᠤ ᠳᠤᠮᠳᠠ | ᠤᠷᠤᠭᠰᠢᠯᠠᠨ ᠳᠠᠪᠰᠢᠬᠤ ᠬᠥᠭᠵᠢᠯᠲᠡ ᠶᠢᠨ ᠪᠠᠶᠢᠳᠠᠯ ᠢᠶᠠᠨ ᠪᠠᠳᠤᠯᠠᠵᠤ᠂ ᠴᠢᠨᠠᠷ ᠰᠠᠶᠢᠲᠠᠶ ᠬᠥᠭᠵᠢᠯᠲᠡ ᠰᠢᠨ᠎ᠡ ᠦᠷ᠎ᠡ | ᠪᠦᠲᠦᠮᠵᠢ ᠣᠯᠵᠤ᠂ ᠪᠥᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠳᠤ | ᠨᠡᠯᠢᠶᠡᠳ ᠰᠠᠶᠢᠨ ᠰᠠᠭᠤᠷᠢ ᠲᠠᠯᠪᠢᠪᠠ᠃ ᠡᠭᠦᠨ ᠤ ᠬᠠᠮᠲᠤ᠂ ᠮᠠᠨ ᠤ ᠣᠷᠣᠨ ᠤ ᠠᠵᠤ ᠠᠬᠤᠶ ᠶᠢᠨ ᠰᠡᠷᠭᠦᠯᠲᠡ ᠶᠢᠨ | ᠰᠠᠭᠤᠷᠢ ᠪᠠᠰᠠ ᠲᠡᠶᠢᠮᠦ ᠪᠠᠲᠤ ᠪᠠᠬᠢ ᠪᠢᠰᠢ᠂ ᠠᠵᠤ ᠠᠬᠤᠶ ᠶᠢᠨ ᠬᠥᠭᠵᠢᠯᠲᠡ ᠶᠢᠨ ᠳᠤᠮᠳᠠᠬᠢ ᠪᠦᠲᠦᠴᠡ ᠶᠢᠨ | ᠠᠰᠠᠭᠤᠳᠠᠯ᠂ ᠶᠠᠰᠤ ᠴᠢᠨᠠᠷ ᠤᠨ ᠠᠰᠠᠭᠤᠳᠠᠯ ᠮᠥᠨ ᠬᠦ ᠲᠣᠪᠤᠶᠢᠮ᠎ᠠ ᠪᠠᠶᠢᠭᠰᠠᠭᠠᠷ᠃ ᠣᠳᠣᠬᠠᠨ ᠤ ᠠᠵᠤ | ᠠᠬᠤᠶ ᠶᠢᠨ ᠪᠠᠶᠢᠳᠠᠯ ᠳᠤ ᠪᠤᠰᠤᠳᠴᠢ ᠬᠤᠪᠢᠰᠤᠩᠭᠤᠶ ᠪᠠᠷ ᠬᠠᠨᠳᠤᠵᠤ᠂ ᠠᠵᠤ ᠦᠢᠯᠡᠰ ᠤᠨ ᠪᠦᠲᠦᠴᠡ ᠶᠢᠨ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠲᠦᠷᠭᠡᠳᠬᠡᠨ ᠠᠬᠢᠭᠤᠯᠬᠤ ᠲᠤᠯᠭᠠᠮ ᠪᠣᠳᠣᠯ ᠢᠶᠠᠨ ᠦᠨᠡᠨ ᠬᠦ | ᠴᠢᠩᠭᠠᠳᠬᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠠᠷᠭ᠎ᠠ ᠬᠡᠯᠪᠡᠷᠢ ᠪᠠᠨ ᠬᠤᠪᠢᠷᠠᠭᠤᠯᠤᠨ᠂ | ᠪᠦᠲᠦᠴᠡ ᠪᠠᠨ ᠲᠣᠬᠢᠷᠠᠭᠤᠯᠵᠤ᠂ ᠬᠦᠳᠡᠯᠭᠡᠭᠦ ᠴᠢᠳᠠᠪᠤᠷᠢ ᠪᠠᠨ ᠰᠣᠯᠢᠵᠤ᠂ ᠠᠮᠢ ᠠᠬᠤᠶ ᠶᠢ ᠤᠷᠢᠳ ᠢᠶᠠᠷ | ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠤᠳᠤᠷᠢᠳᠤᠮᠵᠢ ᠶᠢ ᠦᠨᠡᠨ ᠬᠦ ᠨᠠᠶᠢᠳᠠᠪᠤᠷᠢᠵᠢᠭᠤᠯᠵᠤ᠂ ᠠᠵᠤ | ᠠᠬᠤᠶ ᠶᠢᠨ ᠰᠡᠷᠭᠦᠯᠲᠡ ᠶᠢᠨ ᠳᠤᠮᠳᠠ ᠴᠢᠨᠠᠷ ᠰᠠᠶᠢᠲᠠᠶ ᠬᠥᠭᠵᠢᠬᠦᠯᠬᠦ ᠶᠢ ᠠᠬᠢᠭᠤᠯᠬᠤ ᠬᠡᠷᠡᠭᠲᠡᠶ ᠭᠡᠵᠤ ᠵᠢᠭᠠᠵᠤ | ᠭᠠᠷᠭᠠᠪᠠ᠃ | ᠬᠤᠷᠠᠯ ᠠᠴᠠ᠂ ᠪᠦᠲᠦᠮᠵᠢᠲᠡᠢ ᠪᠡᠯᠡ ᠣᠷᠣᠭᠤᠯᠤᠯᠲᠠ ᠶᠢ ᠲᠦᠷᠭᠡᠳᠬᠡᠨ ᠠᠬᠢᠭᠤᠯᠵᠤ᠂ ᠪᠠᠷᠢᠯᠭ᠎ᠠ ᠶᠢᠨ | ᠠᠵᠢᠯ ᠢᠶᠠᠨ ᠡᠬᠢᠯᠡᠭᠦᠯᠵᠦ ᠰᠡᠷᠭᠦᠭᠡᠭᠰᠡᠨ ᠦᠭᠡᠢ ᠪᠠ ᠪᠦᠳᠦᠭᠡᠨ ᠪᠠᠶᠢᠭᠤᠯᠤᠯᠲᠠ ᠶᠢᠨ ᠠᠬᠢᠴᠠ ᠤᠳᠠᠭᠠᠨ ᠪᠠᠶᠢᠭ᠎ᠠ | ᠲᠦᠷᠦᠯ ᠵᠦᠢᠯ ᠢ ᠨᠢᠭᠡᠳ ᠨᠢᠭᠡ ᠪᠠᠷ ᠵᠢᠭᠰᠠᠭᠠᠨ ᠪᠠᠶᠢᠴᠠᠭᠠᠵᠤ᠂ ᠵᠠᠩᠭᠢᠯᠠᠭ᠎ᠠ ᠶᠢ ᠨᠢ ᠣᠨᠣᠪᠴᠢᠲᠠᠢ ᠣᠯᠵᠤ | ᠣᠨᠣᠴᠠᠲᠠᠢ ᠠᠷᠭ᠎ᠠ ᠪᠤᠳᠤᠯᠭ᠎ᠠ ᠬᠡᠷᠡᠭᠵᠢᠭᠦᠯᠵᠦ᠂ ᠠᠵᠤ ᠠᠬᠤᠶᠢᠯᠠᠯ ᠢ ᠦᠨᠡᠨ ᠪᠣᠳᠠᠲᠠᠢ ᠬᠠᠪᠰᠤᠷᠤᠨ ᠪᠣᠳᠠᠲᠠᠢ | ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠢ᠃ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢ | ᠲᠣᠭᠲᠠᠪᠤᠷᠢᠵᠢᠭᠤᠯᠬᠤ ᠶᠢ ᠲᠤᠪᠤᠶᠢᠮ᠎ᠠ ᠪᠠᠶᠢᠷᠢᠨ ᠳᠤ ᠲᠠᠯᠪᠢᠵᠤ᠂ ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ | ᠪᠦᠳᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠪᠠ ᠤᠯᠠᠨ | ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠳᠤᠲᠠᠭᠤᠳᠠᠯ ᠢ ᠲᠦᠷᠭᠡᠨ ᠢᠶᠠᠷ ᠨᠥᠬᠦᠪᠥᠷᠢᠯᠡᠵᠦ᠂ | ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ | ᠠᠵᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠪᠡᠯᠡ ᠣᠷᠣᠭᠤᠯᠤᠯᠲᠠ ᠶᠢ ᠲᠦᠷᠭᠡᠨ ᠢᠶᠠᠷ | ᠰᠡᠷᠭᠦᠭᠡᠬᠦ ᠶᠢ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠤᠨ ᠳᠡᠭᠡᠳᠦ ᠲᠡᠰᠵᠢᠬᠦᠯᠬᠦ᠂ ᠤᠶᠤᠨᠴᠢᠯᠠᠬᠤ᠂ | ᠪᠣᠬᠢᠷᠲᠤᠯ ᠦᠬᠡᠶᠢᠵᠢᠬᠦᠯᠬᠦ ᠥᠭᠡᠷᠡᠴᠢᠯᠡᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠡᠭᠡ ᠪᠠᠷ ᠳᠡᠮᠵᠢᠬᠦ | ᠬᠡᠷᠡᠭᠲᠡᠢ᠃ ᠬᠡᠷᠡᠭᠯᠡᠭᠡ ᠶᠢᠨ ᠰᠢᠨ᠎ᠡ ᠨᠡᠮᠡᠭᠳᠡᠯ ᠤᠨ ᠴᠡᠭ ᠢ ᠢᠳᠡᠪᠬᠢᠲᠡᠶ ᠪᠤᠶᠢᠵᠢᠭᠤᠯᠵᠤ᠂ ᠡᠯᠧᠺᠳ᠋ᠷᠣᠨ | ᠬᠤᠳᠠᠯᠳᠤᠭᠠᠨ ᠤ ᠶᠠᠪᠤᠳᠠᠯ ᠢ ᠮᠠᠯᠵᠢᠬᠤ ᠲᠠᠷᠢᠶᠠᠯᠠᠬᠤ ᠣᠷᠣᠨ ᠳᠤ ᠣᠷᠣᠭᠤᠯᠬᠤ ᠪᠦᠷᠬᠦᠴᠡ ᠶᠢᠨ ᠬᠡᠪᠴᠢᠶ᠎ᠡ ᠶᠢ | ᠥᠷᠭᠡᠳᠬᠡᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠦᠶ᠋ᠲᠡᠨ ᠢᠶᠠᠷ ᠬᠦᠷᠬᠡᠬᠦ ᠪᠠᠷᠠᠭᠠᠨ ᠤ | ᠬᠦᠢᠯᠬᠡᠬᠡ ᠶᠢᠨ ᠲᠦᠬᠦᠬᠡᠷᠦᠮᠵᠢ ᠶᠢᠨ ᠳᠤᠲᠠᠭᠤᠳᠠᠯ ᠢ ᠲᠦᠷᠭᠡᠳᠬᠡᠨ ᠨᠥᠬᠦᠪᠥᠷᠢᠯᠡᠵᠦ᠂ ᠬᠡᠷᠡᠭᠯᠡᠭᠡ ᠶᠢ ᠠᠬᠢᠭᠤᠯᠬᠤ | ᠬᠤᠯᠪᠤᠬᠳᠠᠯ ᠪᠦᠬᠦᠢ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠤᠨ᠂ ᠵᠢᠭᠤᠯᠴᠢᠯᠠᠯ ᠤᠨ ᠦᠢᠯᠡᠰ ᠪᠠ | ᠢᠳᠡᠭᠡᠨ ᠤᠮᠳᠠᠭᠠᠨ ᠤ ᠦᠢᠯᠡᠰ ᠢ ᠲᠦᠷᠭᠡᠳᠬᠡᠨ ᠰᠡᠷᠭᠦᠭᠡᠬᠦ ᠶᠢ ᠠᠬᠢᠭᠤᠯᠬᠤ ᠬᠡᠷᠡᠭᠲᠡᠶ᠃ ᠪᠥᠬᠦ ᠠᠵᠤ ᠦᠢᠯᠡᠰ ᠤᠨ | ᠬᠡᠯᠬᠢᠶ᠎ᠡ ᠶᠢᠨ ᠬᠠᠷᠠᠭᠠᠰᠤ ᠠᠴᠠ ᠠᠵᠤ ᠠᠬᠤᠶᠢᠯᠠᠯ ᠳᠤ ᠠᠰᠢᠭ ᠬᠦᠷᠲᠡᠭᠡᠵᠦ ᠠᠵᠤ ᠠᠬᠤᠶᠢᠯᠠᠯ ᠢ | ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠨᠠᠶᠢᠳᠠᠪᠤᠷᠢᠵᠢᠭᠤᠯᠵᠤ᠂ | ᠲᠠᠭᠠᠭᠤᠯᠤᠬᠴᠢ ᠠᠵᠤ ᠠᠬᠤᠶᠢᠯᠠᠯ ᠪᠤᠯᠤᠨ ᠳᠤᠮᠳᠠ ᠪᠠᠭ᠎ᠠ ᠠᠵᠤ ᠠᠬᠤᠶᠢᠯᠠᠯ ᠤᠨ ᠨᠢᠭᠲᠠ ᠬᠠᠮᠵᠢᠯᠴᠠᠬᠤ ᠶᠢ | ᠵᠣᠷᠢᠭᠵᠢᠭᠤᠯᠵᠤ᠂ ᠳᠡᠭᠡᠳᠦ ᠳᠤᠤᠷᠠᠳᠤ ᠬᠡᠯᠬᠢᠶ᠎ᠡ ᠶᠢᠨ ᠠᠵᠢᠯ ᠲᠥᠷᠥᠯ ᠤᠨ ᠣᠷᠳᠣ ᠬᠤᠭᠤᠴᠠᠭ᠎ᠠ ᠪᠠᠷ | ᠲᠣᠭᠲᠠᠭᠤᠨ ᠢᠶᠠᠷ ᠬᠠᠮᠲᠤᠷᠠᠯᠴᠠᠬᠤ ᠬᠠᠷᠢᠴᠠᠭ᠎ᠠ ᠪᠠᠶᠢᠭᠤᠯᠬᠤ ᠶᠢ ᠳᠡᠮᠵᠢᠵᠦ᠂ ᠠᠵᠤ ᠦᠢᠯᠡᠰ ᠤᠨ ᠬᠡᠯᠬᠢᠶ᠎ᠡ ᠶᠢᠨ | ᠤᠶᠠᠨ ᠬᠠᠲᠠᠨ ᠴᠢᠨᠠᠷ ᠪᠠ ᠥᠷᠢᠰᠥᠯᠳᠦᠬᠦ ᠬᠦᠴᠦᠨ ᠢ ᠲᠠᠰᠤᠷᠠᠯᠲᠠ ᠥᠬᠡᠶ ᠴᠢᠩᠭᠠᠷᠠᠭᠤᠯᠬᠤ ᠭᠡᠷᠡᠭᠳᠠᠢ᠃ ᠠᠵᠤ | ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠠᠵᠤ | ᠠᠬᠤᠶᠢᠯᠠᠯ ᠤᠨ ᠮᠡᠷᠭᠡᠵᠢᠯ ᠤᠨ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠢᠶᠠᠨ ᠣᠨᠳᠣᠣᠰᠢᠭᠤᠯᠬᠤ ᠶᠢ | ᠢᠳᠡᠪᠬᠢᠲᠡᠢ ᠥᠷᠨᠢᠭᠦᠯᠬᠦ ᠶᠢ ᠲᠠᠮᠵᠢᠵᠤ᠂ ᠠᠵᠤ ᠦᠢᠯᠡᠰ ᠤᠨ ᠬᠡᠯᠬᠢᠶ᠎ᠡ ᠪᠠ ᠰᠢᠨ᠎ᠡ ᠶᠢ ᠡᠭᠦᠳᠬᠦ ᠬᠡᠯᠬᠢᠶ᠎ᠡ ᠶᠢᠨ | ᠭᠦᠨᠵᠡᠭᠡᠢ ᠠᠭᠤᠰᠤᠯᠴᠠᠯ ᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠲᠤᠯᠭᠠᠭᠤᠷᠢᠯᠠᠬᠤ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠵᠠ ᠲᠣᠬᠢᠶᠠᠯ ᠢ ᠠᠮᠵᠢᠨ | ᠰᠢᠨ᠎ᠡ ᠡᠨᠧᠷᠭᠢ ᠶᠢ ᠶᠡᠭᠡ ᠪᠠᠷ ᠬᠥᠭᠵᠢᠭᠦᠯᠵᠦ᠂ ᠵᠣᠷᠢᠭ ᠰᠢᠭᠤᠳᠤᠨ ᠰᠢᠨ᠎ᠡ ᠡᠨᠧᠷᠭᠢ ᠶᠢᠨ ᠮᠠᠰᠢᠨ ᠲᠣᠨᠣᠭᠯᠠᠯ | ᠦᠢᠯᠡᠳᠬᠦ ᠦᠢᠯᠡᠰ ᠢ ᠪᠤᠵᠠᠭᠠᠢᠢᠷᠠᠭᠤᠯᠤᠨ ᠬᠦᠴᠦᠷᠭᠡᠭᠵᠢᠬᠦᠯᠵᠤ᠂ ᠰᠢᠨ᠎ᠡ ᠡᠨᠧᠷᠭᠢ ᠶᠢᠨ ᠪᠦᠬᠦ ᠠᠵᠤ ᠦᠢᠯᠡᠰ ᠤᠨ | ᠬᠡᠯᠬᠢᠶ᠎ᠡ ᠶᠢ ᠬᠦᠴᠦᠷᠬᠡᠭᠵᠢᠭᠦᠯᠦᠨ ᠰᠢᠯᠢᠳᠡᠭᠵᠢᠭᠦᠯᠬᠦ ᠬᠡᠷᠡᠭᠲᠡᠢ᠃ ᠥᠭᠡᠷᠡᠴᠢᠯᠡᠯᠲᠡ ᠨᠡᠭᠡᠭᠡᠯᠲᠡ ᠶᠢ ᠨᠠᠩ ᠶᠡᠭᠡ | ᠡᠷᠴᠢᠮ ᠢᠶᠠᠷ ᠠᠬᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ ᠲᠠᠰ ᠳᠡᠪᠰᠢᠭᠦᠯᠵᠦ | ᠂ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠴᠢᠨᠠᠬᠰᠢᠳᠠ ᠡᠷᠬᠡ ᠶᠢ ᠲᠠᠯᠪᠢᠵᠦ ᠴᠢᠳᠠᠮᠵᠢ ᠣᠯᠭᠤᠵᠤ᠂ ᠥᠪᠡᠷᠲᠡᠭᠡᠨ | ᠵᠠᠰᠠᠬᠤ ᠣᠷᠣᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠥᠲᠥᠭᠡᠨ ᠪᠠᠶᠢᠭᠤᠯᠬᠤ | ᠠᠵᠢᠯᠯᠠᠭᠠᠨ ᠤ ᠲᠥᠰᠦᠯ ᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ ᠠᠵᠤ ᠠᠬᠤᠶ ᠮᠥᠩᠭᠦᠨ ᠭᠦᠢᠯᠭᠡᠭᠡᠨ ᠤ | ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠵᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠳᠠᠯᠳᠠ ᠥᠷᠢ | ᠥᠭᠴᠡᠭᠡ ᠶᠢ ᠦᠨᠡᠨ ᠬᠦ ᠠᠷᠢᠯᠭᠠᠵᠤ᠂ ᠠᠵᠤ ᠠᠬᠤᠶᠢᠯᠠᠯ ᠤᠨ ᠥᠷᠢ ᠥᠭᠴᠡᠭᠡ ᠶᠢᠨ ᠭᠡᠷ᠎ᠡ ᠠᠴᠠ ᠵᠥᠷᠢᠴᠡᠬᠦ ᠠᠶᠤᠯ | ᠲᠦᠭᠰᠢᠭᠦᠷᠢ ᠶᠢ ᠠᠷᠢᠯᠭᠠᠬᠤ ᠶᠢ ᠢᠳᠡᠪᠬᠢᠲᠡᠶ ᠠᠬᠢᠭᠤᠯᠵᠤ᠂ ᠴᠠᠬᠢᠯᠭᠠᠨ ᠬᠦᠴᠦᠨ ᠤ ᠠᠮᠤᠷ ᠲᠦᠪᠰᠢᠨ ᠤ | ᠬᠠᠩᠭᠠᠯᠭ᠎ᠠ ᠶᠢ ᠪᠠᠲᠤᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ | ᠭᠤᠣᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠭᠡᠷ ᠭᠠᠵᠠᠷ ᠤᠨ | ᠬᠦᠷᠦᠩᠭᠡ ᠶᠢᠨ ᠦᠯᠡᠳᠡᠭᠳᠡᠯ ᠠᠰᠠᠭᠤᠳᠠᠯ ᠢ ᠲᠦᠷᠭᠡᠨ ᠢᠶᠠᠷ ᠰᠢᠢᠳᠪᠦᠷᠢᠯᠡᠵᠦ᠂ ᠮᠠᠯᠵᠢᠬᠤ ᠲᠠᠷᠢᠶᠠᠯᠠᠬᠤ ᠣᠷᠣᠨ ᠤ | ᠵᠣᠷᠯᠣᠩ ᠢ ᠥᠭᠡᠷᠡᠴᠢᠯᠡᠨ ᠰᠠᠶᠢᠵᠢᠷᠠᠭᠤᠯᠬᠤ ᠠᠰᠠᠭᠤᠳᠠᠯ ᠢ ᠪᠠᠶᠢᠴᠠᠭᠠᠨ ᠣᠶᠢᠯᠠᠭᠠᠵᠤ ᠴᠡᠭᠴᠡᠯᠡᠨ ᠰᠠᠶᠢᠵᠢᠷᠠᠭᠤᠯᠬᠤ | ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠰᠢᠵᠢᠮ ᠢ | ᠢᠮᠠᠭᠲᠠ ᠴᠢᠩᠭᠠᠷᠠᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠨᠢᠭᠡ ᠪᠦᠷᠢ ᠶᠢ ᠦᠨᠡᠨ | ᠰᠡᠳᠬᠢᠯ ᠠᠴᠠ ᠪᠠᠨ ᠬᠦᠴᠦ ᠣᠷᠣᠭᠤᠯᠤᠨ ᠰᠠᠶᠢᠲᠤᠷ ᠬᠢᠬᠦ ᠬᠡᠷᠡᠭᠲᠡᠢ ᠭᠡᠵᠤ ᠴᠢᠬᠤᠯᠠᠴᠢᠯᠠᠪᠠ᠃ | ᠬᠤᠷᠠᠯ ᠠᠴᠠ᠂ ᠡᠨᠡ ᠵᠢᠯ ᠪᠣᠯ ᠬᠤᠭᠤᠴᠠᠭ᠎ᠠ ᠰᠣᠯᠢᠬᠤ ᠵᠢᠯ ᠪᠣᠯᠤᠨ᠎ᠠ᠂ ᠰᠢᠨ᠎ᠡ ᠪᠠᠷ ᠲᠤᠰᠢᠶᠠᠯ ᠳᠤ | ᠭᠠᠷᠤᠭᠰᠠᠨ ᠤᠳᠤᠷᠢᠳᠬᠤ ᠺᠠᠳ᠋ᠷᠴᠤᠤᠨ ᠳᠠᠷᠤᠢ ᠲᠦᠷᠭᠡᠨ ᠠᠵᠢᠯ ᠳᠠᠭᠠᠨ ᠣᠷᠣᠵᠤ᠂ ᠪᠠᠶᠢᠳᠠᠯ ᠢ ᠲᠦᠷᠭᠡᠨ ᠢᠶᠠᠷ | ᠣᠶᠢᠯᠠᠭᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ ᠠᠵᠢᠯ ᠢᠶᠠᠨ ᠰᠠᠶᠢᠳᠤᠷ ᠬᠢᠵᠦ᠂ ᠪᠦᠬᠦ ᠰᠡᠳᠬᠢᠯ ᠪᠦᠬᠦ | ᠬᠦᠴᠦ ᠪᠠᠷ ᠢᠶᠠᠨ ᠬᠥᠭᠵᠢᠯᠲᠡ ᠶᠢ ᠡᠷᠢᠯᠬᠢᠯᠡᠵᠦ᠂ ᠬᠤᠭᠤᠴᠠᠭ᠎ᠠ ᠰᠣᠯᠢᠬᠰᠠᠨ ᠴᠤ ᠬᠤᠷᠳᠤᠴᠠ ᠶᠢ | ᠤᠳᠠᠭᠠᠰᠢᠷᠠᠭᠤᠯᠬᠤ ᠦᠭᠡᠢ᠂ ᠪᠤᠤᠬᠢᠶ᠎ᠠ ᠲᠠᠮᠵᠢᠭᠤᠯᠤᠬᠰᠠᠨ ᠴᠤ ᠠᠯᠳᠠᠰᠢ ᠭᠠᠷᠬᠤ ᠦᠭᠡᠢ ᠪᠠᠶᠢᠬᠤ ᠶᠢ ᠡᠷᠬᠡᠪᠰᠢ | ᠪᠡᠶᠡᠯᠡᠭᠦᠯᠬᠦ ᠬᠡᠷᠡᠭᠲᠡᠢ᠃ ᠵᠥᠪ ᠡᠷᠬᠡ ᠶᠢᠨ ᠦᠵᠡᠯᠲᠡ᠂ ᠠᠵᠢᠯ ᠤᠨ ᠪᠦᠲᠦᠮᠵᠢ ᠶᠢᠨ ᠦᠵᠡᠯᠲᠡ᠂ ᠠᠵᠢᠯ | ᠦᠢᠯᠡᠰ ᠤᠨ ᠦᠵᠡᠯᠲᠡ ᠶᠢ ᠪᠠᠲᠤ ᠪᠤᠢ ᠪᠣᠯᠭᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ | ᠂ ᠠᠵᠢᠯ ᠤᠨ ᠪᠦᠲᠦᠮᠵᠢ ᠶᠢᠨ ᠢᠨᠵᠧᠨᠧᠷᠢᠩ᠂ ᠲᠦᠷᠢ ᠲᠥᠷᠬᠦ ᠶᠢᠨ ᠢᠨᠵᠧᠨᠧᠷᠢᠩ ᠬᠢᠬᠦ ᠶᠢ ᠡᠷᠡᠰ ᠬᠤᠷᠢᠬᠯᠠᠵᠤ᠂ ︽ | ᠰᠢᠨ᠎ᠡ ᠨᠣᠶᠠᠨ ᠬᠠᠭᠤᠴᠢᠨ ᠲᠠᠩᠰᠠ ᠶᠢ ᠬᠠᠮᠢᠶᠠᠷᠬᠤ ᠦᠭᠡᠢ︾ ᠪᠠᠶᠢᠬᠤ ᠶᠢ ᠡᠷᠡᠰ ᠰᠡᠷᠭᠡᠶᠢᠯᠡᠵᠦ᠂ ᠳᠤᠷ᠎ᠠ | ᠲᠠᠪᠠ ᠪᠠᠷ ᠢᠶᠠᠨ ︽ᠲᠦᠷᠦ ᠶᠢᠨ ᠪᠤᠳᠤᠯᠭ᠎ᠠ ᠶᠢ ᠬᠤᠪᠢᠷᠠᠭᠤᠯᠬᠤ︾ ᠶᠢ ᠡᠷᠡᠰ ᠰᠡᠷᠭᠡᠶᠢᠯᠡᠬᠦ ᠬᠡᠷᠡᠭᠲᠡᠢ᠃ ᠦᠶᠡᠷ ᠢ | ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠵᠠᠩᠭᠢᠯᠠᠭ᠎ᠠ ᠶᠢᠨ ᠦᠶ᠎ᠡ ᠳᠤ᠂ ᠲᠤᠰᠢᠶᠠᠯ ᠳᠤ ᠭᠠᠷᠤᠮᠠᠬᠴᠠ ᠪᠠᠨ | ᠪᠠᠶᠢᠯᠳᠤᠭᠠᠨ ᠳᠤ ᠤᠷᠤᠵᠦ᠂ ᠰᠢᠨ᠎ᠡ ᠪᠠᠷ ᠲᠤᠰᠢᠶᠠᠯ ᠳᠤ ᠭᠠᠷᠤᠭᠰᠠᠨ ᠤᠳᠤᠷᠢᠳᠬᠤ ᠺᠠᠳ᠋ᠷᠴᠤᠤᠨ ᠡᠷᠬᠡᠪᠰᠢ | ᠡᠬᠦᠷᠭᠡᠯᠡᠨ ᠳᠠᠭᠠᠭᠠᠵᠤ᠂ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠡᠮᠦᠨ᠎ᠡ ᠹᠷᠣᠨᠲ ᠲᠤ ᠬᠦᠷᠴᠦ ᠵᠢᠯᠣᠭᠤᠳᠤᠨ᠂ | ᠬᠠᠷᠢᠭᠤᠴᠠᠯᠭ᠎ᠠ ᠠᠯᠳᠠᠬᠤ᠂ ᠠᠵᠢᠯ ᠲᠠᠰᠤᠯᠳᠠᠬᠤ ᠠᠰᠠᠭᠤᠳᠠᠯ ᠢ ᠶᠠᠭᠠᠬᠢᠭᠰᠠᠨ ᠴᠤ ᠭᠠᠷᠭᠠᠵᠦ ᠪᠣᠯᠬᠤ ᠦᠭᠡᠢ ᠭᠡᠵᠤ | ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |