ᠳᠦᠷᠪᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠨᠣᠬᠠᠶ ᠶᠢᠨ ᠬᠤᠰᠢᠭᠤ ᠰᠠᠭᠠᠭ ᠤᠨ ᠠᠵᠤ ᠤᠢᠢᠯᠡᠰ ᠤᠨ ᠶᠡᠭᠡ ᠬᠤᠷᠠᠯ ᠤᠯᠠᠭᠠᠨᠴᠠᠪ ᠲᠤ ᠶᠠᠪᠤᠭᠳᠠᠪᠠ ᠯᠢ ᠪᠢᠩ ᠷᠦᠩ ᠬᠤᠷᠠᠯ ᠳᠤ ᠣᠷᠣᠯᠴᠠᠵᠠᠢ
ᠨᠡᠶᠢᠲᠡᠯᠡᠭᠰᠡᠨ ᠴᠠᠭ᠄
2021/7/27
           7 ᠰᠠᠷ᠎ᠠ ᠶᠢᠨ 26 ᠤ ᠡᠳᠦᠷ᠂ ᠳᠥᠷᠪᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠨᠣᠬᠠᠢ ᠶᠢᠨ ᠬᠤᠰᠢᠭᠤ ᠰᠠᠭᠠᠭ ᠤᠨ ᠠᠵᠤ ᠦᠢᠯᠡᠰ ᠤᠨ ᠶᠡᠭᠡ ᠬᠤᠷᠠᠯ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠲᠤ ᠶᠠᠪᠤᠭᠳᠠᠪᠠ᠃        ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ ᠬᠤᠷᠠᠯ ᠳᠤ ᠣᠷᠤᠯᠴᠠᠵᠠᠢ᠃        ᠲᠤᠰ ᠤᠳᠠᠭ᠎ᠠ ᠶᠢᠨ ᠶᠡᠭᠡ ᠬᠤᠷᠠᠯ ︽ᠨᠣᠬᠠᠢ ᠶᠢᠨ ᠬᠤᠰᠢᠭᠤ ᠰᠠᠭᠠᠭ ᠤᠨ ᠭᠤᠷᠪᠠᠨ ᠠᠵᠤ ᠦᠢᠯᠡᠰ ᠢ ᠠᠭᠤᠰᠤᠯᠴᠠᠭᠤᠯᠵᠤ ᠬᠥᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠶᠢ ᠠᠬᠢᠭᠤᠯᠬᠤ︾ ᠪᠠᠷ ᠭᠤᠣᠯ ᠰᠡᠳᠦᠪ ᠪᠣᠯᠭᠠᠵᠦ᠂ ᠬᠤᠷᠠᠯ ᠢ ᠳᠤᠮᠳᠠᠳᠤ ᠤᠯᠤᠰ ᠤᠨ ᠢᠳᠡᠭᠡᠨ ᠤ ᠠᠵᠤ ᠦᠢᠯᠡᠳᠪᠦᠷᠢ ᠶᠢᠨ ᠨᠡᠶᠢᠭᠡᠮᠯᠢᠭ ᠤᠨ ᠡᠯᠳᠡᠪ ᠠᠮᠤ ᠶᠢᠨ ᠠᠵᠤ ᠦᠢᠯᠡᠰ ᠤᠨ ᠠᠵᠢᠯ ᠤᠨ ᠵᠥᠪᠯᠡᠯ᠂ ᠤᠯᠤᠰ ᠤᠨ ᠨᠣᠬᠠᠢ ᠶᠢᠨ ᠬᠤᠰᠢᠭᠤ ᠰᠠᠭᠠᠭ ᠤᠨ ᠠᠵᠤ ᠦᠢᠯᠡᠰ ᠤᠨ ᠮᠡᠷᠭᠡᠵᠢᠯ ᠤᠨ ᠰᠢᠰᠲ᠋ᠧᠮ ᠢ ᠰᠤᠳᠤᠯᠤᠨ ᠨᠡᠭᠡᠭᠡᠬᠦ ᠲᠥᠪ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠤᠨ ᠠᠴᠠ ᠭᠤᠣᠯᠯᠠᠨ ᠡᠷᠬᠢᠯᠡᠪᠡ᠃        ᠲᠣᠰ ᠬᠤᠷᠠᠯ ᠬᠤᠶᠠᠷ ᠡᠳᠦᠷ ᠶᠠᠪᠤᠭᠳᠠᠵᠤ᠂ ᠭᠤᠤᠯ ᠰᠡᠳᠦᠪᠲᠦ ᠮᠡᠳᠡᠭᠦᠯᠦᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠤ ᠨᠢᠭᠡᠴᠢ ᠪᠠ ᠠᠵᠤ ᠠᠬᠤᠶᠢᠯᠠᠯ ᠵᠣᠯᠭᠠᠯᠴᠠᠭ᠎ᠠ ᠵᠥᠪᠳᠡᠯᠴᠡᠭᠡ ᠬᠢᠬᠦ᠂ ᠠᠵᠤ ᠤᠢᠢᠯᠡᠰ ᠤᠨ ᠲᠥᠷᠥ ᠶᠢᠨ ᠪᠣᠳᠤᠯᠭ᠎ᠠ ᠶᠢᠨ ᠶᠠᠷᠢᠶᠠᠨ ᠤ ᠲᠠᠪᠴᠠᠩ᠂ ᠡᠯᠳᠡᠪ ᠠᠮᠤ ᠡᠳ᠋ᠰᠢᠭᠦᠯᠬᠦ ᠪᠠ ᠠᠵᠤ ᠤᠢᠢᠯᠡᠰ ᠤᠨ ᠬᠦᠭᠵᠢᠭᠦᠯᠦᠯᠲᠡ ᠶᠢᠨ ᠶᠠᠷᠢᠶᠠᠨ ᠤ ᠲᠠᠪᠴᠠᠩ᠂ ᠰᠢᠮ᠎ᠡ ᠲᠡᠵᠢᠭᠡᠯ ᠡᠷᠡᠭᠦᠯ ᠮᠡᠨᠳᠦ ᠶᠢᠨ ᠶᠠᠷᠢᠶᠠᠨ ᠤ ᠲᠠᠪᠴᠠᠩ᠂ ᠲᠤᠭᠤᠷᠠᠭ ᠰᠢᠷᠡᠭᠡᠨ ᠤ ᠬᠤᠷᠠᠯ᠂ ᠲᠤᠬᠠᠢ ᠶᠢᠨ ᠲᠠᠯᠠᠪᠠᠶ ᠳᠤ ᠲᠤᠭᠤᠷᠢᠨ ᠦᠵᠡᠬᠦ᠂ ᠪᠦᠲᠦᠭᠡᠭᠳᠡᠬᠦᠨ ᠤ ᠦᠵᠡᠭᠦᠯᠭᠡ ᠵᠡᠷᠭᠡ ᠣᠯᠠᠨ ᠠᠭᠤᠯᠭ᠎ᠠ ᠪᠠᠷ ᠶᠠᠪᠤᠭᠳᠠᠵᠥ᠂ ᠪᠥᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ 100 ᠭᠠᠷᠤᠶ ᠲᠤᠰᠬᠠᠶ ᠮᠡᠷᠭᠡᠵᠢᠯᠲᠡᠨ ᠡᠷᠳᠡᠮᠲᠡᠨ᠂ 280 ᠭᠠᠷᠤᠶ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ ᠪᠠ 200 ᠭᠠᠷᠤᠶ ᠠᠵᠤ ᠠᠬᠤᠶᠢᠯᠠᠯ ᠤᠨ ᠲᠥᠯᠥᠭᠡᠯᠡᠭᠴᠢ ᠨᠣᠬᠠᠢ ᠶᠢᠨ ᠬᠤᠰᠢᠭᠤ ᠶᠢᠨ ᠠᠵᠤ ᠤᠢᠢᠯᠡᠰ ᠤᠨ ᠬᠥᠭᠵᠢᠯᠲᠡ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ ᠴᠢᠨᠠᠷ ᠰᠠᠶᠢᠲᠠᠶ ᠬᠥᠭᠵᠢᠯᠲᠡ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠬᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠵᠡᠷᠭᠡ ᠲᠠᠯ᠎ᠠ ᠪᠠᠷ ᠠᠷᠭ᠎ᠠ ᠤᠬᠠᠭᠠᠨ ᠢᠳᠡᠪᠬᠢᠲᠡᠶ ᠳᠡᠪᠰᠢᠭᠦᠯᠬᠦ ᠪᠣᠯᠤᠨ᠎ᠠ᠃        ᠦᠳᠡ ᠶᠢᠨ ᠡᠮᠦᠨ᠎ᠡ ᠶᠠᠪᠤᠭᠳᠠᠭᠰᠠᠨ ᠡᠬᠢᠯᠡᠯᠲᠡ ᠶᠢᠨ ᠶᠣᠰᠣᠯᠠᠯ ᠳᠤ᠂ ᠳᠤᠮᠳᠠᠳᠤ ᠤᠯᠤᠰ ᠤᠨ ᠪᠣᠬᠢᠷᠲᠤᠯ ᠥᠬᠡᠶ ᠢᠳᠡᠭᠡᠨ ᠤ ᠬᠦᠭᠵᠢᠭᠦᠯᠦᠯᠲᠡ ᠶᠢᠨ ᠲᠥᠪ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠮᠲᠤ ᠪᠠᠷ ︽ᠤᠮᠠᠷᠠᠲᠤ ᠶᠢᠨ ᠪᠣᠬᠢᠷᠲᠤᠯ ᠥᠬᠡᠶ ᠣᠷᠭᠠᠨᠢᠭ ᠤᠰᠤᠯᠠᠯᠲᠠ ᠶᠢᠨ ᠪᠤᠰᠦ ᠲᠠᠷᠢᠶᠠᠯᠠᠩ ᠢ ᠤᠷᠢᠳ ᠢᠶᠠᠷ ᠬᠡᠷᠡᠭᠵᠢᠭᠦᠯᠬᠦ ᠣᠷᠤᠨ ᠢ ᠬᠠᠮᠲᠤ ᠪᠠᠷ ᠪᠥᠲᠥᠭᠡᠨ ᠪᠠᠶᠢᠭᠤᠯᠬᠤ ᠪᠤᠷᠤ ᠲᠦᠯᠦᠪ ᠤᠨ ᠵᠥᠪᠯᠡᠯᠴᠡᠭᠡᠷ︾ ᠲᠤ ᠭᠠᠷ ᠤᠨ ᠥᠰᠥᠭ ᠵᠢᠷᠤᠪᠠ᠃        ᠭᠤᠤᠯ ᠰᠡᠳᠦᠪᠲᠦ ᠮᠡᠳᠡᠭᠦᠯᠦᠯᠲᠡ ᠳᠤ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠴᠧᠨ ᠵᠢᠶᠠᠨ ᠫᠢᠩ᠂ ᠬᠦᠳᠡᠭᠡ ᠠᠵᠤ ᠠᠬᠤᠢ ᠪᠠ ᠬᠥᠳᠡᠭᠡ ᠲᠣᠰᠬᠤᠨ ᠤ ᠶᠠᠮᠤᠨ ᠤ ᠰᠢᠨᠵᠢᠯᠡᠬᠦ ᠤᠬᠠᠭᠠᠨ ᠰᠤᠷᠭᠠᠨ ᠬᠦᠮᠦᠵᠢᠯ ᠤᠨ ᠵᠤᠷᠭᠠᠨ ᠤ ᠤᠯᠤᠰ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠯᠢᠦ ᠶᠠᠨ᠂ ᠤᠯᠤᠰ ᠤᠨ ᠨᠣᠬᠠᠶ ᠶᠢᠨ ᠬᠤᠰᠢᠭᠤ ᠰᠠᠭᠠᠭ ᠤᠨ ᠠᠵᠤ ᠤᠢᠢᠯᠡᠰ ᠤᠨ ᠮᠡᠷᠭᠡᠵᠢᠯ ᠤᠨ ᠰᠢᠰᠲ᠋ᠧᠮ ᠤᠨ ᠲᠠᠷᠢᠬᠦᠨ ᠰᠢᠨᠵᠢᠯᠡᠬᠦ ᠤᠬᠠᠭᠠᠨᠲᠠᠨ᠂ ᠣᠷᠣᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠭᠠᠳᠠᠭᠠᠳᠤ ᠶᠢᠨ ᠬᠠᠷᠢᠶᠠᠲᠤ ᠠᠺᠠᠳᠧᠮᠢᠴᠢ ᠷᠧᠨ ᠴᠠᠩ ᠵᠥᠩ ᠨᠠᠷ ᠲᠣᠰ ᠲᠣᠰ ︽ᠬᠥᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠰᠢᠨ᠎ᠡ ᠠᠵᠢᠬᠯᠠᠯᠳᠠ︾᠂ ︽ᠠᠵᠤ ᠤᠢᠢᠯᠡᠰ ᠤᠨ ᠬᠤᠪᠢᠰᠤᠯᠲᠠ ᠬᠢᠭᠡᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ︾᠂ ︽ᠨᠣᠬᠠᠢ ᠶᠢᠨ ᠬᠤᠰᠢᠭᠤ ᠰᠠᠭᠠᠭ ᠤᠨ ᠭᠤᠷᠪᠠᠨ ᠠᠵᠤ ᠤᠢᠢᠯᠡᠰ ᠢ ᠠᠭᠤᠰᠤᠯᠴᠠᠭᠤᠯᠤᠨ ᠴᠢᠨᠠᠷ ᠰᠠᠶᠢᠲᠠᠶ ᠬᠥᠭᠵᠢᠭᠦᠯᠬᠦ︾ ᠵᠡᠷᠭᠡ ᠰᠡᠳᠤᠪ ᠢᠶᠠᠷ ᠮᠡᠳᠡᠭᠦᠯᠦᠯᠲᠡ ᠬᠢᠪᠠ᠃ ᠨᠣᠬᠠᠢ ᠶᠢᠨ ᠬᠤᠰᠢᠭᠤ ᠰᠠᠭᠠᠭ ᠤᠨ ᠠᠵᠤ ᠦᠢᠯᠡᠰ ᠤᠨ ᠶᠠᠷᠢᠶᠠᠨ ᠤ ᠲᠠᠪᠴᠠᠩ ᠪᠣᠯᠤᠨ ᠲᠤᠭᠤᠷᠠᠭ ᠰᠢᠷᠡᠭᠡᠨ ᠤ ᠬᠤᠷᠠᠯ ᠳᠡᠭᠡᠷ᠎ᠡ᠂ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ ᠶᠢᠨ ᠲᠥᠯᠥᠭᠡᠯᠡᠭᠴᠢᠳ ᠨᠣᠬᠠᠢ ᠶᠢᠨ ᠬᠤᠰᠢᠭᠤ ᠰᠠᠭᠠᠭ ᠤᠨ ᠠᠵᠤ ᠦᠢᠯᠡᠰ ᠤᠨ ᠴᠢᠨᠠᠭᠰᠢᠳᠠ ᠶᠢᠨ ᠬᠦᠭᠵᠢᠯᠲᠡ ᠶᠢ ᠠᠬᠢᠭᠤᠯᠬᠤ ᠲᠤᠬᠠᠢ ᠰᠠᠨᠠᠯ ᠰᠠᠨᠠᠭᠤᠯᠭ᠎ᠠ ᠳᠡᠪᠰᠢᠭᠦᠯᠬᠦ ᠪᠣᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号