ᠠᠷᠪᠠᠨ ᠵᠢᠷᠭᠤᠳᠤᠭᠠᠷ ᠬᠤᠭᠤᠴᠠᠭᠠᠨ ᠤ ᠥᠪᠥᠷ ᠮᠣᠩᠭᠤᠯ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠡᠷᠳᠡᠮ ᠰᠢᠨᠵᠢᠯᠡᠭᠡᠨ ᠤ ᠣᠨ ᠤ ᠬᠤᠷᠠᠯ ᠬᠤᠷᠠᠯᠳᠤᠵᠠᠢ ᠬᠤᠸᠠᠩ ᡁᠢ ᠴᠢᠶᠠᠩ ᠣᠷᠣᠯᠴᠠᠪᠠ
ᠨᠡᠶᠢᠲᠡᠯᠡᠭᠰᠡᠨ ᠴᠠᠭ᠄
2021/7/27
           7 ᠰᠠᠷ᠎ᠠ ᠶᠢᠨ 26 ᠤ ᠡᠳᠦᠷ᠂ ᠠᠷᠪᠠᠨ ᠵᠢᠷᠭᠤᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠡᠷᠳᠡᠮ ᠰᠢᠨᠵᠢᠯᠡᠭᠡᠨ ᠤ ᠣᠨ ᠤ ᠬᠤᠷᠠᠯ ᠬᠥᠬᠡᠬᠤᠲᠠ ᠳᠤ ᠬᠤᠷᠠᠯᠳᠤᠪᠠ᠃        ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠳᠤ ᠣᠷᠣᠯᠴᠠᠭᠰᠠᠨ ᠪᠥᠭᠡᠳ ᠦᠭᠡ ᠬᠡᠯᠡᠵᠦ᠂ ᠴᠧᠨ ᠶᠦᠨ᠂ ᠲᠧᠩ ᠵᠢᠶ ᠸᠧᠨ᠂ ᠫᠧᠩ ᠰᠦ᠋ ᠫᠢᠩ ᠵᠡᠷᠭᠡ ᠭᠤᠷᠪᠠᠨ ᠠᠺᠠᠳᠧᠮᠢᠴᠢ ᠣᠨ ᠤ ᠬᠤᠷᠠᠯ ᠤᠨ ᠭᠤᠣᠯ ᠰᠡᠳᠦᠪᠲᠦ ᠮᠡᠳᠡᠭᠦᠯᠦᠯᠲᠡ ᠬᠢᠪᠡ᠃        ᠬᠤᠸᠠᠩ ᡁᠢ ᠴᠢᠶᠠᠩ ᠶᠠᠷᠢᠶᠠᠨ ᠳᠠᠭᠠᠨ ᠥᠷᠭᠡᠨ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠣᠶᠠᠨ ᠤᠷᠬᠢᠯ ᠥᠭᠡᠳᠡ ᠵᠣᠷᠢᠭᠲᠠᠢ ᠠᠪᠠᠷᠢᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠦᠨ ᠠᠷᠠᠳ ᠲᠤ ᠠᠰᠢᠭ ᠬᠦᠷᠲᠡᠭᠡᠬᠦ ᠳᠤ ᠣᠷᠣᠯᠴᠠᠵᠤ᠂ ᠰᠢᠨ᠎ᠡ ᠶᠢ ᠡᠭᠦᠳᠬᠦ ᠬᠡᠯᠪᠡᠷᠢ ᠶᠢᠨ ᠥᠪᠥᠷ ᠮᠣᠩᠭᠤᠯ ᠢ ᠪᠦᠳᠦᠬᠡᠨ ᠪᠠᠶᠢᠭᠤᠯᠬᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠶᠢ ᠵᠣᠷᠢᠭᠵᠢᠭᠤᠯᠪᠠ᠃        ᠲᠣᠰ ᠬᠤᠭᠤᠴᠠᠭᠠᠨ ᠤ ᠡᠷᠳᠡᠮ ᠰᠢᠨᠵᠢᠯᠡᠭᠡᠨ ᠤ ᠣᠨ ᠤ ᠬᠤᠷᠠᠯ ᠨᠢ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠴᠦ ᠪᠣᠬᠢᠷᠲᠤᠯ ᠥᠬᠡᠶ ᠬᠥᠭᠵᠢᠭᠦᠯᠬᠦ︾ ᠪᠠᠷ ᠭᠤᠤᠯ ᠰᠡᠳᠦᠪ ᠪᠣᠯᠭᠠᠵᠤ᠂ ᠨᠡᠶᠢᠲᠡ 1 ᠭᠤᠤᠯ ᠬᠤᠷᠠᠯ ᠤᠨ ᠲᠠᠯᠠᠪᠠᠶ ᠪᠠ 20 ᠬᠤᠪᠢᠶᠠᠷᠢ ᠬᠤᠷᠠᠯ ᠤᠨ ᠲᠠᠯᠠᠪᠠᠶ ᠲᠣᠬᠢᠷᠠᠭᠤᠯᠵᠤ᠂ ᠰᠢᠨᠵᠢᠯᠡᠭᠡᠨ ᠤ ᠬᠤᠰᠢᠭᠤᠷᠠᠯ ᠤᠨ ᠲᠣᠭᠤᠷᠢᠨ ᠳᠤ ᠰᠣᠯᠢᠯᠴᠠᠭ᠎ᠠ ᠪᠠ ᠰᠤᠳᠤᠯᠤᠨ ᠶᠠᠷᠢᠯᠴᠠᠵᠤ᠂ ᠥᠪᠥᠷ ᠮᠣᠩᠭᠤᠯ ᠤᠨ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠶᠢ ᠵᠣᠷᠢᠭᠰᠠᠨ ᠪᠠᠶᠢᠨ᠎ᠠ᠃        ᠬᠤᠷᠠᠯ ᠤᠨ ᠠᠬᠤᠢ ᠲᠠᠯᠠᠪᠠᠢ ᠳᠤ᠂ ᠠᠷᠪᠠᠨ ᠵᠢᠷᠭᠤᠳᠤᠭᠠᠷ ᠬᠤᠭᠤᠴᠠᠭᠠᠨ ᠤ ᠥᠪᠥᠷ ᠮᠣᠩᠭᠤᠯ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠡᠷᠳᠡᠮ ᠰᠢᠨᠵᠢᠯᠡᠭᠡᠨ ᠤ ᠣᠨ ᠤ ᠬᠤᠷᠠᠯ ᠤᠨ ᠰᠢᠯᠢᠳᠡᠭ ᠥᠭᠦᠯᠡᠯ ᠤᠨ ᠨᠢᠭᠡᠳᠦᠭᠡᠷ ᠳᠡᠰ ᠤᠨ ᠱᠠᠩᠨᠠᠯ᠂ ᠥᠭᠦᠯᠡᠯ ᠤᠨ ᠰᠢᠯᠢᠳᠡᠭ ᠵᠣᠬᠢᠶᠠᠨ ᠪᠠᠶᠢᠭᠤᠯᠬᠤ ᠨᠢᠭᠡᠴᠢ ᠶᠢᠨ ᠱᠠᠩᠨᠠᠯ ᠢ ᠭᠠᠷᠳᠠᠭᠤᠯᠪᠠ᠃ ᠣᠨ ᠤ ᠬᠤᠷᠠᠯ ᠤᠨ ᠬᠤᠭᠤᠴᠠᠭᠠᠨ ᠳᠤ ᠪᠠᠰᠠ ︽ᠠᠺᠠᠳᠧᠮᠢᠴᠢ ᠲᠤᠰᠬᠠᠶ ᠮᠡᠷᠭᠡᠵᠢᠯᠲᠡᠨ ᠤ ᠥᠪᠥᠷ ᠮᠣᠩᠭᠤᠯ ᠳᠠᠬᠢ ᠠᠶᠠᠯᠠᠯ︾ ᠤᠨ ᠠᠵᠢᠯᠯᠠᠭ᠎ᠠ ᠶᠢ ᠡᠷᠭᠢᠯᠡᠬᠦ ᠪᠥᠭᠡᠳ ᠣᠯᠠᠨ ᠨᠡᠶᠢᠲᠡ᠂ ᠨᠡᠶᠢᠭᠡᠮ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠴᠡᠭᠡ ᠲᠠᠢ ᠤᠶᠠᠯᠳᠤᠭᠤᠯᠤᠨ᠂ ᠵᠠᠯᠠᠭᠤᠴᠤᠳ ᠪᠠᠭᠠᠴᠤᠳ᠂ ᠲᠠᠷᠢᠶᠠᠴᠢᠨ᠂ ᠬᠤᠲᠠ ᠪᠠᠯᠭᠠᠰᠤᠨ ᠤ ᠰᠠᠭᠤᠭᠠᠯᠢ ᠠᠷᠠᠳ᠂ ᠤᠳᠤᠷᠢᠳᠬᠤ ᠺᠠᠳ᠋ᠷ ᠪᠠ ᠠᠯᠪᠠᠲᠠᠨ ᠵᠡᠷᠭᠡ ᠭᠤᠣᠯᠳᠠᠯᠭ᠎ᠠ ᠲᠠᠢ ᠬᠥᠮᠦᠰ ᠲᠤ ᠬᠠᠨᠳᠤᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠣᠯᠠᠨ ᠬᠡᠯᠪᠡᠷᠢ ᠶᠢᠨ ᠰᠢᠷᠢᠰ ᠠᠵᠢᠯᠯᠠᠭ᠎ᠠ ᠶᠢ ᠥᠷᠨᠢᠭᠦᠯᠬᠦ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号