| | 2021 ᠣᠨ ᠤ 7 ᠳ᠋ᠤᠭᠠᠷ ᠰᠠᠷ᠎ᠠ ᠶᠢᠨ 25 ᠤ ᠡᠳᠦᠷ ᠤᠨ 7 ᠴᠠᠭ ᠠᠴᠠ 7 ᠳ᠋ᠤᠭᠠᠷ ᠰᠠᠷ᠎ᠠ ᠶᠢᠨ | 26 ᠤ ᠡᠳᠦᠷ ᠤᠨ 7 ᠴᠠᠭ ᠪᠣᠯᠲᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠰᠡᠵᠢᠭᠯᠡᠯᠲᠡᠢ | ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠨᠡᠮᠡᠭᠳᠡᠭᠰᠡᠨ ᠦᠭᠡᠢ᠂ ᠬᠢᠯᠢ ᠶᠢᠨ | ᠭᠠᠳᠠᠨ᠎ᠠ ᠠᠴᠠ ᠣᠷᠣᠵᠣ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 2 ︵ᠨᠡᠶᠢᠰᠯᠡᠯ ᠤᠨ ᠣᠯᠠᠨ ᠤᠯᠤᠰ ᠤᠨ | ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠦᠬᠡᠬᠤᠲᠠ ᠶᠢᠨ ᠴᠠᠭᠠᠨ ᠰᠣᠪᠣᠷᠭ᠎ᠠ ᠤᠯᠠᠨ ᠤᠯᠤᠰ ᠤᠨ | ᠨᠢᠰᠬᠡᠯ ᠤᠨ ᠪᠠᠭᠤᠳᠠᠯ ᠳᠤ ᠪᠠᠭᠤᠭᠰᠠᠳ︶ ᠨᠡᠮᠡᠭᠳᠡᠪᠡ᠃ | 2021 ᠣᠨ ᠤ 7 ᠳ᠋ᠤᠭᠠᠷ ᠰᠠᠷ᠎ᠠ ᠶᠢᠨ 26 ᠤ ᠡᠳᠦᠷ ᠤᠨ 7 ᠴᠠᠭ ᠪᠣᠯᠲᠠᠯ᠎ᠠ᠂ ᠥᠪᠦᠷ ᠮᠣᠩᠭᠤᠯ ᠤᠨ | ᠥᠪᠡᠷᠲᠡᠭᠡᠨ ᠵᠠᠰᠠᠬᠤ ᠣᠷᠤᠨ ᠳᠤ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠣᠯᠠᠭᠰᠠᠨ ᠡᠪᠡᠳᠴᠢᠨ ᠤ | ᠵᠢᠱᠢᠶ᠎ᠡ 7 ᠪᠠᠶᠢᠵᠤ᠂ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ | ᠣᠶᠢᠷᠠᠲᠤᠭᠰᠠᠳ ᠢ ᠨᠢ ᠪᠦᠬᠦᠨ ᠢ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ | ᠠᠵᠢᠭᠯᠠᠯᠲᠠ ᠬᠢᠵᠦ᠂ ᠪᠦᠬᠦ ᠶᠠᠪᠤᠴᠠ ᠳᠤ ᠪᠢᠲᠡᠭᠦᠮᠵᠢᠯᠡᠭᠰᠡᠨ ᠬᠠᠮᠢᠶᠠᠷᠤᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ | ᠰᠡᠷᠭᠡᠶᠢᠯᠡᠵᠦ ᠪᠠᠶᠢᠨ᠎ᠠ᠃ |