ᠥᠪᠥᠷ ᠮᠣᠩᠭᠤᠯ᠄ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠤᠷᠢᠳᠠᠪᠠᠷ ᠳᠣᠭᠢᠷᠠᠭᠤᠯᠵᠦ ᠪᠣᠢ
ᠨᠡᠶᠢᠲᠡᠯᠡᠭᠰᠡᠨ ᠴᠠᠭ᠄
2021/7/30
           ᠬᠥᠮᠦᠨ ᠠᠮᠠ ᠶᠢᠨ ᠨᠠᠰᠤᠵᠢᠯᠲᠠ ᠶᠢ ᠢᠳᠡᠪᠬᠢᠲᠡᠶ ᠠᠷᠭᠠᠴᠠᠭᠠᠵᠤ᠂ ᠨᠠᠰᠤᠲᠠᠶᠢᠴᠤᠳ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠭᠡᠷ ᠪᠦᠯᠢ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠬᠡᠷᠡᠭᠴᠡᠭᠡ ᠶᠢ ᠨᠡᠩ ᠰᠠᠶᠢᠨ ᠬᠠᠩᠭᠠᠬᠤ ᠶᠢᠨ ᠲᠤᠰᠠᠳᠠ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠬᠠᠮᠲᠤᠷᠠᠨ ︽ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢ ᠲᠥᠯᠥᠪᠵᠢᠭᠦᠯᠦᠨ ᠪᠠᠶᠢᠭᠤᠯᠬᠤ ᠶᠢ ᠴᠢᠩᠭᠠᠳᠬᠠᠬᠤ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠳ ᠲᠤᠰ ᠬᠠᠷᠢᠶ᠎ᠠ ᠣᠷᠣᠨ ᠤ ᠪᠠᠨ ︽ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢᠨ ᠲᠤᠰᠬᠠᠶ ᠲᠥᠯᠥᠪᠵᠢᠭᠦᠯᠭᠡ︾ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠲᠤᠬᠠᠶ ᠶᠢᠨ ᠭᠠᠵᠠᠷ ᠤᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠳᠤ ᠣᠷᠣᠭᠤᠯᠬᠤ ᠶᠢᠨ ᠬᠠᠮᠲᠤ ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠲᠥᠯᠥᠪᠯᠡᠭᠡ ᠳᠤ ᠤᠷᠢᠳᠠᠪᠡᠷ ᠲᠣᠬᠢᠷᠠᠭᠤᠯᠵᠤ᠂ 2022 ᠣᠨ ᠪᠣᠯᠬᠤ ᠳᠤ᠂ ᠵᠡᠭᠡᠯᠢ ᠭᠤᠳᠤᠮᠵᠢ ᠨᠢᠭᠡᠪᠦᠷᠢ ᠳᠤ ᠶᠡᠷᠦᠩᠬᠡᠶᠢᠯᠡᠭᠰᠡᠨ ᠴᠢᠳᠠᠮᠵᠢ ᠲᠠᠢ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ︵ᠵᠡᠭᠡᠯᠢ ᠭᠤᠳᠤᠮᠵᠢ ᠶᠢᠨ ᠲᠠᠰ ᠤᠨ ᠶᠡᠷᠦᠩᠬᠡᠶᠢᠯᠡᠭᠰᠡᠨ ᠨᠠᠰᠤᠵᠢᠯ ᠤᠨ ᠦᠢᠯᠡᠴᠢᠯᠡᠭᠡᠨ ᠤ ᠲᠥᠪ︶ ᠶᠢ ᠪᠠᠶᠢᠭᠤᠯᠵᠤ᠂ ᠨᠡᠶᠢᠭᠡᠮ ᠲᠣᠭᠤᠷᠢᠭ ᠤᠨ ᠡᠳᠦᠷ ᠲᠤᠲᠤᠮ ᠤᠨ ᠬᠠᠷᠠᠭᠠᠯᠵᠠᠬᠤ ᠲᠥᠪ ︵ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠥᠷᠲᠡᠭᠡ︶ ᠤᠨ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ ᠶᠢ 90% ᠠᠴᠠ ᠳᠡᠭᠡᠭᠰᠢ ᠳᠤ ᠬᠦᠷᠦᠭᠦᠯᠵᠦ᠂ ︽ᠨᠢᠭᠡ ᠮᠥᠴᠡ ᠶᠢᠨ ᠨᠠᠰᠤᠵᠢᠯ ᠤᠨ ᠦᠢᠯᠡᠴᠢᠯᠡᠭᠡᠨ ᠤ ᠲᠣᠭᠤᠷᠢᠭ︾ ᠢ ᠦᠨᠳᠦᠰᠦᠨ ᠳᠤ ᠪᠠᠨ ᠪᠠᠶᠢᠭᠤᠯᠬᠤ ᠶᠢ ᠥᠨᠡᠨ ᠬᠦ ᠪᠠᠲᠤᠯᠠᠬᠤ ᠬᠡᠷᠡᠭᠲᠡᠢ᠃ ᠰᠢᠨ᠎ᠡ ᠪᠠᠷ ᠪᠠᠶᠢᠭᠤᠯᠤᠭᠰᠠᠨ ᠵᠡᠭᠡᠯᠢ ᠭᠤᠳᠤᠮᠵᠢ ᠶᠢᠨ ᠲᠠᠰ ᠤᠨ ᠶᠡᠷᠦᠩᠬᠡᠶᠢᠯᠡᠭᠰᠡᠨ ᠨᠠᠰᠤᠵᠢᠯ ᠤᠨ ᠦᠢᠯᠡᠴᠢᠯᠡᠭᠡᠨ ᠤ ᠲᠥᠪ ᠤᠨ ᠪᠠᠷᠢᠯᠭ᠎ᠠ ᠶᠢᠨ ᠲᠠᠯᠠᠪᠠᠶ ᠶᠢ 1000 ᠲᠡᠭᠰᠢ ᠳᠥᠷᠪᠡᠯᠵᠢᠨ ᠮᠧᠳ᠋ᠷ ᠠᠴᠠ ᠳᠣᠤᠷ᠎ᠠ ᠪᠠᠶᠢᠯᠭᠠᠬᠤ ᠥᠬᠡᠶ᠂ ᠡᠳᠦᠷ ᠳᠣᠲᠣᠮ ᠤᠨ ᠬᠠᠷᠠᠭᠠᠯᠵᠠᠬᠤ ᠲᠥᠪ ︵ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠥᠷᠲᠡᠭᠡ︶ ᠤᠨ ᠪᠠᠷᠢᠯᠭ᠎ᠠ ᠶᠢᠨ ᠲᠠᠯᠠᠪᠠᠶ ᠶᠢ 350 ᠲᠡᠭᠰᠢ ᠳᠥᠷᠪᠡᠯᠵᠢᠨ ᠮᠧᠲᠷ ᠠᠴᠠ ᠳᠣᠤᠷ᠎ᠠ ᠪᠠᠶᠢᠯᠭᠠᠬᠤ ᠥᠬᠡᠶ ᠪᠠᠶᠢᠬᠤ ᠬᠡᠷᠡᠭᠲᠡᠢ ᠭᠡᠵᠦ ᠲᠣᠳᠣᠷᠬᠠᠶᠢᠯᠠᠪᠠ᠃        7 ᠳ᠋ᠤᠭᠠᠷ ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ︽ᠮᠡᠳᠡᠭᠳᠡᠯ︾ ᠳᠤ ᠴᠢᠬᠤᠯᠠᠴᠢᠯᠠᠭᠰᠠᠨ ᠨᠢ᠂ ᠰᠢᠨ᠎ᠡ ᠪᠠᠷ ᠪᠠᠶᠢᠭᠤᠯᠬᠤ ᠣᠷᠣᠨ ᠰᠠᠭᠤᠴᠠ ᠶᠢᠨ ᠵᠢᠵᠢᠭ ᠲᠣᠭᠤᠷᠢᠭ ᠲᠤ ᠵᠠᠭᠤᠨ ᠡᠷᠦᠬᠡ ᠪᠦᠷᠢ ᠳᠤ 20 ᠲᠡᠭᠰᠢ ᠳᠥᠷᠪᠡᠯᠵᠢᠨ ᠮᠧᠲᠷ ᠠᠴᠠ ᠳᠤᠲᠠᠭᠤ ᠥᠬᠡᠶ ᠪᠠᠷᠢᠯᠭ᠎ᠠ ᠶᠢᠨ ᠲᠠᠯᠠᠪᠠᠶ ᠪᠠᠷ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠳᠤ ᠬᠡᠷᠡᠭᠯᠡᠬᠦ ᠬᠡᠷ ᠪᠠᠶᠢᠰᠢᠩ ᠢ ᠳᠣᠭᠢᠷᠠᠭᠤᠯᠤᠨ ᠪᠠᠶᠢᠭᠤᠯᠬᠤ ᠬᠡᠷᠡᠭᠲᠡᠶ ᠪᠥᠭᠡᠳ ᠲᠠᠩ ᠬᠡᠷᠡᠭᠯᠡᠬᠦ ᠬᠡᠷ ᠪᠠᠶᠢᠰᠢᠩ ᠤᠨ ᠪᠠᠷᠢᠯᠭ᠎ᠠ ᠶᠢᠨ ᠲᠠᠯᠠᠪᠠᠶ ᠶᠢ 350 ᠲᠡᠭᠰᠢ ᠳᠥᠷᠪᠡᠯᠵᠢᠨ ᠮᠧᠲᠷ ᠠᠴᠠ ᠳᠤᠲᠠᠭᠤ ᠪᠠᠶᠢᠯᠭᠠᠵᠤ ᠪᠣᠯᠬᠤ ᠥᠬᠡᠶ᠃ ᠬᠠᠭᠤᠴᠢᠨ ᠬᠤᠲᠠ ᠲᠣᠭᠤᠷᠢᠭ ᠪᠣᠯᠤᠨ ᠨᠢᠭᠡᠨᠲᠡ ᠪᠠᠶᠢᠭᠤᠯᠤᠨ ᠰᠠᠭᠤᠷᠢᠰᠢᠭᠰᠠᠨ ︵ᠵᠢᠵᠢᠭ︶ ᠲᠣᠭᠤᠷᠢᠭ ᠲᠤ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠳᠤ ᠬᠡᠷᠡᠭᠯᠡᠬᠦ ᠬᠡᠷ ᠪᠠᠶᠢᠰᠢᠩ ᠥᠬᠡᠶ ᠪᠤᠶᠤ ᠣᠲᠣ ᠶᠢᠨ ᠪᠠᠶᠢᠭ᠎ᠠ ᠪᠡᠯᠡᠳᠬᠡᠮᠵᠢ ᠳᠤ ᠬᠡᠷᠡᠭᠯᠡᠬᠦ ᠬᠡᠷ ᠪᠠᠶᠢᠰᠢᠩ ᠨᠢ ᠲᠥᠯᠥᠪᠵᠢᠭᠦᠯᠭᠡ ᠶᠢᠨ ᠱᠠᠭᠠᠷᠳᠠᠯᠭ᠎ᠠ ᠳᠤ ᠬᠦᠷᠬᠦ ᠦᠭᠡᠢ ᠪᠠᠶᠢᠪᠠᠯ᠂ ᠪᠠᠯᠠ ᠮᠥᠩᠭᠦ ᠶᠢᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠵᠠᠭᠤᠨ ᠡᠷᠦᠬᠡ ᠪᠦᠷᠢ ᠳᠤ 15 ᠲᠡᠭᠰᠢ ᠳᠥᠷᠪᠡᠯᠵᠢᠨ ᠮᠧᠲᠷ ᠠᠴᠠ ᠳᠣᠣᠷ᠎ᠠ ᠦᠭᠡᠢ ᠪᠠᠶᠢᠬᠤ ᠪᠠᠷᠢᠯᠭ᠎ᠠ ᠶᠢᠨ ᠲᠠᠯᠠᠪᠠᠶ ᠶᠢᠨ ᠪᠠᠷᠢᠮᠵᠢᠶ᠎ᠠ ᠪᠠᠷ᠂ ᠬᠤᠳᠠᠯᠳᠤᠨ ᠠᠪᠬᠤ᠂ ᠰᠣᠯᠢᠬᠤ᠂ ᠲᠦᠷᠢᠶᠡᠰᠦᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠳᠣᠭᠢᠷᠠᠭᠤᠯᠬᠤ ᠬᠡᠷᠡᠭᠲᠡᠶ ᠭᠡᠪᠡ᠃        ᠡᠨᠡ ᠵᠢᠯ ᠠᠴᠠ ᠡᠬᠢᠯᠡᠨ᠂ ᠡᠯ᠎ᠡ ᠱᠠᠲᠤᠨ ᠤ ᠠᠷᠠᠳ ᠤᠨ ᠶᠠᠪᠤᠳᠠᠯ᠂ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠰᠠᠯᠠᠭ᠎ᠠ ᠮᠥᠴᠢᠷ ᠵᠢᠯ ᠪᠦᠷᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠳᠤ ᠬᠡᠷᠡᠭᠯᠡᠬᠦ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠬᠢᠨᠠᠨ ᠪᠠᠶᠢᠴᠠᠭᠠᠵᠤ᠂ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠳᠤ ᠬᠡᠷᠡᠭᠯᠡᠬᠦ ᠬᠡᠷ ᠪᠠᠶᠢᠰᠢᠩ ᠤᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ᠂ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠵᠢᠵᠢᠭ ᠲᠣᠭᠤᠷᠢᠭ ᠲᠤ ᠳᠣᠭᠢᠷᠠᠭᠤᠯᠤᠨ ᠪᠠᠶᠢᠭᠤᠯᠤᠭᠰᠠᠨ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠳᠤ ᠬᠡᠷᠡᠭᠯᠡᠬᠦ ᠬᠡᠷ ᠪᠠᠶᠢᠰᠢᠩ᠂ ᠬᠠᠭᠤᠴᠢᠨ ᠵᠢᠵᠢᠭ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠳᠤ ᠬᠡᠷᠡᠭᠯᠡᠬᠦ ᠬᠡᠷ ᠪᠠᠶᠢᠰᠢᠩ ᠤᠨ ᠳᠤᠲᠠᠭᠤᠳᠠᠯ ᠢ ᠨᠥᠬᠦᠪᠥᠷᠢᠯᠡᠭᠰᠡᠨ ᠪᠠᠶᠢᠳᠠᠯ ᠪᠠ ︽ᠵᠡᠷᠭᠡ ᠳᠤ ᠨᠢ ᠲᠥᠯᠥᠪᠵᠢᠭᠦᠯᠬᠦ᠂ ᠵᠡᠷᠭᠡ ᠳᠤ ᠨᠢ ᠪᠥᠲᠥᠭᠡᠨ ᠪᠠᠶᠢᠭᠤᠯᠬᠤ᠂ ᠵᠡᠷᠭᠡ ᠳᠤ ᠨᠢ ᠰᠢᠯᠭᠠᠨ ᠬᠤᠷᠢᠶᠠᠬᠤ᠂ ᠵᠡᠷᠭᠡ ᠳᠤ ᠨᠢ ᠲᠤᠰᠢᠶᠠᠬᠤ︾ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠨ᠎ᠠ᠃ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠣᠷᠣᠨ ᠰᠠᠭᠤᠴᠠ ︵ᠵᠢᠵᠢᠭ︶ ᠶᠢᠨ ᠲᠣᠭᠤᠷᠢᠭ ᠲᠤ ᠳᠣᠭᠢᠷᠠᠭᠤᠯᠤᠨ ᠪᠠᠶᠢᠭᠤᠯᠤᠭᠰᠠᠨ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠳᠤ ᠬᠡᠷᠡᠭᠯᠡᠬᠦ ᠬᠡᠷ ᠪᠠᠶᠢᠰᠢᠩ ᠢ ᠮᠡᠳᠡᠭᠦᠯᠦᠨ ᠳᠠᠩᠰᠠᠯᠠᠭᠤᠯᠬᠤ ᠲᠦᠷᠢᠮ ᠢ ᠪᠠᠶᠢᠭᠤᠯᠵᠤ᠂ ᠰᠢᠯᠵᠢᠭᠦᠯᠦᠨ ᠲᠤᠰᠢᠶᠠᠭᠰᠠᠨ ᠪᠡᠯᠡᠳᠬᠡᠮᠵᠢ ᠪᠣᠯᠤᠨ ᠡᠵᠡᠩᠨᠡᠯᠲᠡ ᠶᠢᠨ ᠪᠠᠶᠢᠳᠠᠯ ᠢ ᠵᠢᠯ ᠪᠦᠷᠢ ᠶᠢᠨ 11 ᠳ᠋ᠦ᠋ᠭᠡᠷ ᠰᠠᠷ᠎ᠠ ᠶᠢᠨ ᠡᠴᠦᠰ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠳᠤ ᠮᠡᠳᠡᠭᠦᠯᠦᠨ ᠬᠦᠷᠭᠡᠬᠦ ᠬᠡᠷᠡᠭᠲᠡᠶ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号