| | 7 ᠳ᠋ᠤᠭᠠᠷ ᠰᠠᠷ᠎ᠠ ᠶᠢᠨ 28 ᠤ ᠡᠳᠦᠷ᠂ ᠪᠦᠬᠦ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ | ᠰᠢᠰᠲ᠋ᠧᠮ ᠶᠡᠷᠦᠩᠬᠡᠢ ᠱᠦᠵᠢ ᠰᠢ ᠶᠢᠨ ᠫᠢᠩ ᠤᠨ ︽7.1︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ | ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ | ᠠᠬᠢᠭᠤᠯᠬᠤ ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠪᠠ᠃ ᠬᠤᠷᠠᠯ ᠳᠡᠭᠡᠷ᠎ᠡ ᠶᠡᠷᠦᠩᠬᠡᠢ ᠱᠦᠵᠢ ᠰᠢ ᠶᠢᠨ | ᠫᠢᠩ ᠤᠨ ︽7.1︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠰᠢ ᠶᠢᠨ ᠫᠢᠩ ᠤᠨ ᠬᠠᠤᠯᠢᠵᠢᠯ ᠤᠨ ᠦᠵᠡᠯ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ | ᠰᠢᠰᠲ᠋ᠧᠮ ᠤᠨ ᠰᠤᠷᠤᠯᠴᠠᠨ ᠲᠤᠭᠤᠰᠢᠯᠠᠭᠤᠯᠵᠤ ᠨᠠᠶᠢᠳᠠᠪᠤᠷᠢᠵᠢᠭᠤᠯᠬᠤ ᠠᠵᠢᠯ ᠢ ᠲᠠᠬᠢᠨ ᠪᠠᠶᠢᠷᠢᠯᠠᠭᠤᠯᠵᠤ᠂ ᠳᠠᠬᠢᠨᠲᠠ | ᠠᠬᠢᠭᠤᠯᠤᠭᠰᠠᠨ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ | ᠴᠠᠭᠠᠵᠠ ᠶᠢᠨ ᠬᠤᠷᠢᠶᠠᠨ ᠤ ᠱᠦᠵᠢ ᠯᠢᠨ ᠱᠣᠤ ᠴᠦᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ | ᠾᠧᠩ ᠰᠢᠶᠤᠤ ᠹᠠᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ | ᠳᠠᠷᠤᠭ᠎ᠠ ᠶᠠᠩ ᠽᠦᠩ ᠷᠧᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ | ᠪᠠᠶᠢᠴᠠᠭᠠᠬᠤ ᠳᠠᠷᠤᠭ᠎ᠠ ᠯᠢ ᠴᠢ ᠯᠢᠨ ᠬᠤᠷᠠᠯ ᠳᠤ ᠣᠷᠣᠯᠴᠠᠪᠠ᠃ | ᠯᠢᠨ ᠱᠤᠤ ᠴᠦᠨ ᠴᠢᠬᠤᠯᠠᠴᠢᠯᠠᠬᠤ ᠳᠤ ᠪᠠᠨ᠂ ᠪᠦᠬᠦ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ | ᠰᠢᠰᠲ᠋ᠧᠮ ᠶᠡᠷᠦᠩᠬᠡᠢ ᠱᠦᠵᠢ ᠶᠢᠨ ︽7.1︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠰᠢ ᠶᠢᠨ ᠫᠢᠩ ᠤᠨ | ᠬᠠᠤᠯᠢᠵᠢᠯ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠣᠳᠣᠬᠠᠨ ᠪᠠ ᠬᠤᠶᠢᠰᠢᠳᠠ ᠶᠢᠨ ᠨᠢᠭᠡ | ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠠᠨ ᠪᠣᠯᠭᠠᠵᠤ᠂ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠤᠨ ᠭᠤᠣᠯ ᠠᠭᠤᠯᠭ᠎ᠠ ᠪᠠᠨ ᠪᠣᠯᠭᠠᠵᠤ᠂ ᠤᠯᠤᠰ ᠲᠦᠷᠦ ᠬᠠᠤᠯᠢ ᠴᠠᠭᠠᠵᠠ ᠶᠢᠨ | ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠲᠡᠷᠢᠭᠦᠨ ᠴᠢᠬᠤᠯᠠ ᠡᠭᠦᠷᠭᠡ ᠪᠣᠯᠭᠠᠵᠤ᠂ ᠴᠢᠬᠤᠯᠠ ᠶᠡᠭᠡ ᠠᠴᠢ | ᠬᠤᠯᠪᠣᠭᠳᠠᠯ ᠢ ᠭᠦᠨᠵᠡᠭᠡᠢ ᠲᠠᠨᠢᠨ᠂ ᠭᠤᠣᠯ ᠠᠭᠤᠯᠭ᠎ᠠ ᠶᠢ ᠨᠢ ᠡᠵᠡᠮᠰᠢᠵᠦ᠂ ᠱᠠᠭᠠᠷᠳᠠᠯᠭ᠎ᠠ ᠶᠢ ᠦᠢᠯᠡᠳᠦᠯᠭᠡᠵᠢᠭᠦᠯᠦᠨ | ᠲᠤᠭᠤᠰᠢᠯᠠᠭᠤᠯᠵᠤ᠂ ᠰᠢᠨᠵᠢᠯᠡᠬᠦ ᠤᠬᠠᠭᠠᠨᠴᠢ ᠦᠵᠡᠯ ᠰᠠᠨᠠᠭ᠎ᠠ ᠶᠢ ᠠᠵᠢᠯ ᠢ ᠠᠬᠢᠭᠤᠯᠬᠤ ᠰᠢᠨ᠎ᠡ ᠬᠦᠴᠦᠨ ᠪᠣᠯᠭᠠᠨ | ᠬᠤᠪᠢᠷᠠᠭᠤᠯᠬᠤ ᠬᠡᠷᠡᠭᠲᠡᠢ ᠭᠡᠵᠡᠢ᠃ | ᠯᠢᠨ ᠱᠤᠤ ᠴᠦᠨ ᠪᠠᠰᠠ ᠴᠢᠬᠤᠯᠠᠴᠢᠯᠠᠭᠰᠠᠨ ᠨᠢ᠂ ᠪᠦᠬᠦ ᠣᠷᠣᠨ ᠤ ᠡᠯ᠎ᠡ ᠱᠠᠲᠤᠨ ᠤ ᠤᠯᠤᠰ ᠲᠦᠷᠦ | ᠬᠠᠤᠯᠢ ᠴᠠᠭᠠᠵᠠ ᠶᠢᠨ ᠪᠠᠶᠢᠭᠤᠯᠭ᠎ᠠ ᠨᠤᠭᠤᠳ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠬᠤ ᠶᠢ ᠶᠡᠷᠦᠩᠬᠡᠢ ᠱᠦᠵᠢ ᠰᠢ ᠶᠢᠨ ᠫᠢᠩ ᠤᠨ ︽7.1︾ ᠤ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ᠂ ᠤᠯᠤᠰ | ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠲᠠᠢ ᠤᠶᠠᠯᠳᠤᠭᠤᠯᠵᠤ᠂ ᠤᠨᠤᠯ ᠰᠤᠷᠤᠯᠴᠠᠬᠤ | ᠭᠤᠣᠯ ᠳᠤᠭᠤᠶᠢᠯᠠᠩ ᠤᠨ ᠰᠤᠷᠤᠯᠴᠠᠬᠤ᠂ ᠤᠯᠤᠰ ᠲᠦᠷᠦ ᠶᠢᠨ ᠡᠭᠡᠯᠵᠢᠲᠦ ᠪᠣᠯᠪᠠᠰᠤᠷᠠᠯ ᠬᠢᠬᠦ᠂ ᠰᠤᠷᠤᠯᠴᠠᠬᠤ | ᠠᠩᠬᠢ ᠡᠷᠬᠢᠯᠡᠬᠦ᠂ ᠰᠤᠳᠤᠯᠤᠨ ᠶᠠᠷᠢᠯᠴᠠᠬᠤ ᠠᠩᠬᠢ ᠡᠷᠬᠢᠯᠡᠬᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨ᠎ᠠ | ᠪᠣᠯᠪᠠᠰᠤᠷᠠᠯ ᠬᠢᠬᠦ ᠵᠡᠷᠭᠡ ᠠᠷᠭ᠎ᠠ ᠬᠡᠯᠪᠡᠷᠢ ᠪᠠᠷ ᠤᠯᠤᠰ ᠲᠦᠷᠦ ᠬᠠᠤᠯᠢ ᠴᠠᠭᠠᠵᠠ ᠶᠢᠨ ᠹᠷᠣᠨᠲ ᠤᠨ ᠪᠣᠯᠪᠠᠰᠤᠷᠠᠯ ᠢ | ᠪᠦᠷᠢᠨ ᠪᠦᠷᠬᠦᠬᠦᠯᠬᠦ ᠶᠢ ᠪᠡᠶᠡᠯᠡᠭᠦᠯᠵᠦ᠂ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠨᠢᠭᠡᠪᠦᠷᠢ ᠳᠤ | ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠣᠨᠣᠪᠴᠢᠲᠠᠢ ᠤᠢᠢᠯᠠᠭᠠᠭᠤᠯᠬᠤ ᠬᠡᠷᠡᠭᠲᠡᠢ | ︔ ᠤᠳᠤᠷᠢᠳᠬᠤ ᠺᠠᠳ᠋ᠷ ᠭᠡᠬᠦ ︽ᠵᠠᠩᠭᠢᠯᠠᠭ᠎ᠠ ᠶᠢᠨ ᠴᠥᠭᠡᠨ ᠲᠣᠭᠠᠲᠠᠳ︾ ᠢ ᠠᠳᠬᠤᠵᠤ᠂ ᠲᠦᠷᠦᠭᠦᠯᠡᠨ | ᠰᠤᠷᠤᠯᠴᠠᠬᠤ᠂ ᠭᠦᠨᠵᠡᠭᠡᠢ ᠰᠤᠷᠤᠯᠴᠠᠬᠤ ᠶᠢ ᠠᠬᠢᠭᠤᠯᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭᠠᠨ ᠤ | ᠣᠬᠢ ᠰᠣᠳᠤ ᠵᠣᠷᠢᠯᠲᠠ ᠶᠢ ᠪᠦᠬᠦ ᠲᠠᠯ᠎ᠠ ᠪᠠᠷ ᠡᠵᠡᠮᠰᠢᠨ᠂ ᠥᠷᠭᠡᠨ ᠤᠯᠠᠨ ᠨᠠᠮ ᠤᠨ ᠭᠡᠰᠢᠭᠦᠳ ᠺᠠᠳ᠋ᠷᠴᠤᠳ ᠢ | ᠳᠠᠭᠠᠭᠤᠯᠤᠨ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠪᠦᠬᠦ | ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠤᠯᠤᠰ ᠲᠦᠷᠦ ᠶᠢᠨ ᠴᠢᠭᠯᠡᠯ᠂ ᠴᠢᠬᠤᠯᠠ ᠪᠠᠶᠢᠷᠢ ᠰᠠᠭᠤᠷᠢ᠂ | ᠠᠵᠢᠯ ᠤᠨ ᠭᠤᠣᠯᠳᠠᠯᠭ᠎ᠠ ᠶᠢ ᠪᠠᠲᠤ ᠡᠵᠡᠮᠳᠡᠵᠦ᠂ ᠡᠯ᠎ᠡ ᠵᠦᠢᠯ ᠤᠨ ᠡᠭᠦᠷᠭᠡ ᠶᠢ ᠦᠨᠡᠨ ᠬᠦ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ︔ ᠪᠦᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠠᠵᠢᠯ | ᠰᠢᠨ᠎ᠡ ᠪᠦᠲᠦᠮᠵᠢ ᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ︔ ᠤᠯᠤᠰ ᠲᠦᠷᠦ ᠬᠠᠤᠯᠢ | ᠴᠠᠭᠠᠵᠠ ᠶᠢᠨ ᠬᠦᠷᠢᠶᠡᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠣᠷᠢᠭ ᠰᠠᠨᠠᠭ᠎ᠠ ᠶᠢ | ᠪᠣᠳᠠᠲᠠᠢ ᠳᠤ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ ᠭᠡᠯᠡ᠃ |