ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠬᠤᠶᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ ᠱᠢ ᠲᠠᠢ ᠹᠧᠩ ᠬᠤᠷᠠᠯ ᠢ ᠡᠷᠬᠢᠯᠡᠵᠡᠢ
ᠨᠡᠶᠢᠲᠡᠯᠡᠭᠰᠡᠨ ᠴᠠᠭ᠄
2021/7/30
           7 ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠬᠤᠶᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠣᠳᠣᠬᠠᠨ ᠤ ᠭᠤᠣᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠱᠢ ᠲᠠᠢ ᠹᠧᠩ ᠬᠤᠷᠠᠯ ᠢ ᠡᠷᠭᠢᠯᠡᠵᠡᠶ᠃        ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠵᠠᠩ ᠱᠤᠤ ᠴᠦᠨ᠂ ᠠᠢ ᠯᠢ ᠬᠤᠸᠠ᠂ ᠯᠢ ᠪᠢᠩ ᠷᠦᠩ᠂ ᠪᠦᠦ ᠭᠠᠩ ᠬᠤᠷᠠᠯ ᠳᠤ ᠣᠷᠣᠯᠴᠠᠪᠠ᠃        ᠬᠤᠷᠠᠯ ᠠᠴᠠ 7 ᠰᠠᠷ᠎ᠠ ᠶᠢᠨ 6 ᠤ ᠡᠳᠦᠷ ᠱᠠᠨᠳᠦ᠋ᠩ ᠮᠤᠵᠢ ᠶᠢᠨ ᠵᠢᠨᠠᠨ ᠬᠤᠲᠠ ᠳᠤ ᠬᠤᠷᠠᠯᠳᠤᠭᠰᠠᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠣᠷᠴᠢᠨ ᠲᠣᠭᠤᠷᠢᠨ ᠤ ᠰᠡᠷᠡᠮᠵᠢᠯᠡᠬᠦᠯᠬᠦ ᠹᠢᠯᠢᠮ ᠪᠣᠯᠤᠨ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠲᠣᠪᠤᠶᠢᠮ᠎ᠠ ᠠᠰᠠᠭᠤᠳᠠᠯ ᠢ ᠳᠠᠯᠳᠠᠭᠤᠷ ᠰᠤᠷᠪᠤᠯᠵᠢᠯᠠᠬᠰᠠᠨ ᠹᠢᠯᠢᠮ ᠢ ᠨᠠᠷᠢᠨ ᠬᠢᠨᠠᠮᠠᠭᠠᠶ ᠦᠵᠡᠵᠦ᠂ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠬᠢᠨ ᠵᠢᠴᠢ ᠬᠠᠲᠤᠨ ᠭᠤᠤᠯ ᠳᠠᠭᠠᠤ ᠶᠢᠨ ᠲᠤᠯᠤᠭᠠᠨ ᠠᠶᠢᠮᠠᠭ ᠬᠤᠲᠠ ᠶᠢᠨ ᠭᠤᠤᠯ ᠬᠠᠷᠢᠭᠤᠴᠠᠯᠭᠠᠲᠠᠨ ᠨᠥᠬᠦᠳ ᠠᠵᠢᠯ ᠤᠨ ᠬᠠᠷᠢᠭᠤ ᠮᠡᠳᠡᠭᠦᠯᠦᠯᠲᠡ ᠬᠢᠪᠠ᠃        ᠬᠤᠷᠠᠯ ᠠᠴᠠ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠣᠯ ᠥᠪᠥᠷ ᠮᠣᠩᠭᠤᠯ ᠤᠨ ᠡᠷᠬᠡᠪᠰᠢ ᠡᠭᠦᠷᠭᠡᠯᠡᠬᠦ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠮᠥᠨ᠂ ᠡᠨᠡ ᠬᠦ ᠴᠢᠬᠤᠯᠠ ᠶᠡᠭᠡ ᠤᠯᠤᠰ ᠤᠨ ᠪᠠᠶᠢᠯᠳᠤᠬᠤ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ ᠴᠢᠳᠠᠬᠤ ᠡᠰᠡᠬᠦ ᠨᠢ ᠡᠯ᠎ᠡ ᠱᠠᠲᠤᠨ ᠤ ᠤᠳᠤᠷᠢᠳᠬᠤ ᠺᠠᠳ᠋ᠷ ᠦᠨᠡᠨ ᠬᠦ ᠦᠭᠡ ᠶᠠᠷᠢᠶ᠎ᠠ ᠦᠢᠯᠡ ᠠᠵᠢᠯᠯᠠᠭ᠎ᠠ ᠨᠢᠭᠡᠳᠦᠯᠲᠡᠶ ᠪᠠᠷ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ ᠪᠠᠶᠢᠬᠤ ᠡᠰᠡᠬᠦ᠂ ᠦᠨᠡᠨ ᠬᠦ ᠦᠭᠡ ᠶᠠᠷᠢᠶ᠎ᠠ ᠦᠢᠯᠡ ᠠᠵᠢᠯᠯᠠᠭ᠎ᠠ ᠨᠢᠭᠡᠳᠦᠯᠲᠡᠶ ᠪᠠᠷ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠣᠯᠭᠡᠵᠢᠭᠦᠯᠵᠦ ᠪᠠᠶᠢᠬᠤ ᠡᠰᠡᠬᠦ᠂ ᠦᠨᠡᠨ ᠬᠦ ᠦᠭᠡ ᠶᠠᠷᠢᠶ᠎ᠠ ᠦᠢᠯᠡ ᠠᠵᠢᠯᠯᠠᠭ᠎ᠠ ᠨᠢᠭᠡᠳᠦᠯᠲᠡᠶ ᠪᠠᠷ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ ᠪᠠᠶᠢᠬᠤ ᠡᠰᠡᠬᠦ ᠶᠢ ᠰᠢᠯᠭᠠᠵᠤ ᠪᠠᠶᠢᠨ᠎ᠠ᠃ ᠪᠢᠳᠡ ᠵᠠᠪᠠᠯ ᠤᠯᠤᠰ ᠲᠥᠷᠥ ᠶᠢᠨ ᠲᠠᠯ᠎ᠠ ᠪᠠᠷ᠂ ᠪᠠᠶᠢᠯᠳᠤᠬᠤ ᠪᠣᠳᠣᠯᠭ᠎ᠠ ᠶᠢᠨ ᠲᠠᠯ᠎ᠠ ᠪᠠᠷ᠂ ᠪᠥᠬᠦ ᠲᠠᠯ᠎ᠠ ᠪᠠᠷ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠶᠡᠭᠡ ᠠᠴᠢ ᠬᠤᠯᠪᠣᠭᠳᠠᠯ ᠤᠨ ᠲᠤᠬᠠᠶ ᠲᠠᠨᠢᠯᠲᠠ ᠪᠠᠨ ᠭᠦᠨᠵᠡᠭᠡᠶᠢᠷᠡᠭᠦᠯᠵᠦ᠂ ᠡᠨᠡ ᠬᠦ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠤᠯᠤᠰ ᠲᠥᠷᠥ ᠶᠢᠨ ᠱᠠᠭᠠᠷᠳᠠᠯᠭ᠎ᠠ ᠶᠢ ᠭᠦᠨᠵᠡᠭᠡᠶ ᠤᠶᠢᠯᠠᠭᠠᠨ ᠨᠠᠶᠢᠳᠠᠪᠤᠷᠢᠵᠢᠭᠤᠯᠵᠤ᠂ ︽ᠤᠯᠤᠰ ᠤᠨ ᠶᠡᠭᠡ ᠶᠠᠪᠤᠳᠠᠯ︾ ᠢ ᠪᠤᠳᠤᠯᠬᠢᠯᠠᠵᠤ᠂ ᠤᠯᠤᠰ ᠲᠥᠷᠥ ᠶᠢᠨ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ ᠬᠡᠵᠤ ᠵᠢᠭᠠᠵᠤ ᠭᠠᠷᠭᠠᠪᠠ᠃        ᠬᠤᠷᠠᠯ ᠠᠴᠠ᠂ ᠮᠠᠨ ᠤ ᠣᠷᠣᠨ ᠤ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠶ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠵᠦᠢᠯ ᠵᠦᠢᠯ ᠤᠨ ᠠᠰᠠᠭᠤᠳᠠᠯ ᠨᠢ ᠬᠠᠭᠤᠴᠢᠨ ᠠᠰᠠᠭᠤᠳᠠᠯ ᠴᠤ ᠲᠡᠷᠡ ᠰᠢᠨ᠎ᠡ ᠠᠰᠠᠭᠤᠳᠠᠯ ᠴᠤ ᠲᠡᠷᠡ᠂ ᠲᠠᠷᠢᠶᠠᠯᠠᠩ ᠤᠨ ᠬᠦᠷᠢᠶᠡᠨ ᠳᠤ ᠭᠠᠷᠤᠭᠰᠠᠨ ᠠᠰᠠᠭᠤᠳᠠᠯ ᠴᠤ ᠲᠡᠷᠡ ᠠᠵᠤ ᠦᠢᠯᠡᠳᠪᠤᠷᠢ ᠶᠢᠨ ᠬᠦᠷᠢᠶᠡᠨ ᠳᠤ ᠭᠠᠷᠤᠭᠰᠠᠨ ᠠᠰᠠᠭᠤᠳᠠᠯ ᠴᠤ ᠲᠡᠷᠡ᠂ ᠦᠨᠡᠨ ᠳᠡᠭᠡᠨ ᠪᠦᠷ ᠬᠥᠮᠦᠨ ᠤ ᠠᠰᠠᠭᠤᠳᠠᠯ ᠮᠥᠨ᠂ ᠺᠠᠳ᠋ᠷ ᠢᠯᠠᠩᠭᠤᠶ᠎ᠠ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠨ ᠤᠯᠤᠰ ᠲᠥᠷᠥ ᠶᠢᠨ ᠵᠣᠭᠰᠣᠴᠠ ᠥᠨᠳᠥᠷ ᠪᠢᠰᠢ᠂ ᠤᠯᠤᠰ ᠲᠥᠷᠥ ᠶᠢᠨ ᠬᠠᠷᠢᠭᠤᠴᠠᠯᠭ᠎ᠠ ᠳᠤᠲᠠᠭᠳᠠᠵᠤ ᠪᠠᠶᠢᠭ᠎ᠠ ᠠᠰᠠᠭᠤᠳᠠᠯ ᠮᠥᠨ᠃ ᠡᠯ᠎ᠡ ᠬᠤᠯᠪᠣᠭᠳᠠᠯ ᠪᠦᠬᠦᠢ ᠭᠠᠵᠠᠷ ᠣᠷᠣᠨ ᠪᠣᠯᠤᠨ ᠰᠠᠯᠠᠭ᠎ᠠ ᠮᠥᠴᠢᠷ ᠤᠨ ᠬᠢᠨ ᠮᠠᠨ ᠤ ᠣᠷᠣᠨ ᠤ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠳᠤ ᠲᠤᠯᠭᠠᠷᠠᠵᠤ ᠪᠠᠶᠢᠭ᠎ᠠ ᠬᠦᠨᠳᠦ ᠬᠡᠴᠡᠬᠦᠦ ᠪᠠᠶᠢᠳᠠᠯ ᠢ ᠭᠦᠢᠴᠡᠳ ᠲᠠᠨᠢᠵᠤ᠂ ᠠᠵᠢᠯ ᠤᠨ ᠳᠤᠮᠳᠠ ᠣᠷᠣᠰᠢᠵᠤ ᠪᠠᠶᠢᠭ᠎ᠠ ᠵᠦᠷᠢᠶ᠎ᠡ ᠪᠣᠯᠤᠨ ᠬᠦᠷᠦᠯᠴᠡᠬᠦ ᠦᠭᠡᠢ ᠲᠠᠯ᠎ᠠ ᠳᠠᠭᠠᠨ ᠵᠥᠪ ᠢᠶᠠᠷ ᠬᠠᠨᠳᠤᠵᠤ᠂ ᠰᠡᠷᠡᠮᠵᠢᠯᠡᠭᠦᠯᠬᠦ ᠹᠢᠯᠢᠮ ᠪᠣᠯᠤᠨ ᠳᠠᠯᠳᠠᠭᠤᠷ ᠰᠤᠷᠪᠤᠯᠵᠢᠯᠠᠬᠰᠠᠨ ᠹᠢᠯᠢᠮ ᠠᠴᠠ ᠦᠨᠡᠨ ᠬᠦ ᠰᠡᠷᠡᠮᠵᠢ ᠰᠡᠭᠡᠭᠡᠷᠡᠯᠳᠠ ᠤᠯᠵᠦ᠂ ᠤᠯᠤᠰ ᠲᠦᠷᠦ ᠶᠢᠨ ᠲᠠᠯ᠎ᠠ ᠠᠴᠠ ᠭᠦᠨᠵᠡᠭᠡᠢ ᠲᠤᠩᠭᠠᠨ ᠪᠣᠳᠣᠯᠬᠢᠯᠠᠵᠤ᠂ ᠴᠡᠭᠴᠡᠯᠡᠨ ᠰᠠᠶᠢᠵᠢᠷᠠᠭᠤᠯᠬᠤ ᠪᠠ ᠠᠰᠠᠭᠤᠳᠠᠯ ᠢ ᠰᠢᠢᠳᠪᠦᠷᠢᠯᠡᠬᠦ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠢᠶᠠᠨ ᠤᠯᠠᠮ ᠴᠢᠨᠠᠭᠰᠢᠳᠠ ᠴᠢᠩᠭᠠᠳᠬᠠᠬᠤ ᠬᠡᠷᠡᠭᠲᠡᠢ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠳᠬᠤᠬᠤ ᠳᠤ᠂ ᠪᠤᠳᠠᠳᠤ ᠪᠠᠶᠢᠳᠠᠯ ᠳᠤᠨᠢ ᠲᠤᠬᠢᠷᠠᠭᠤᠯᠬᠤ ᠪᠦᠭᠡᠳ ᠪᠠᠰᠠ ᠨᠢᠭᠡ ᠠᠴᠠ ᠨᠦᠬᠦᠭᠡ ᠶᠢ ᠵᠦᠢᠴᠢᠯᠡᠨ ᠮᠡᠳᠡᠵᠤ᠂ ᠡᠷᠡᠰ ᠳᠠᠰᠤᠷᠬᠠᠢ ᠠᠷᠭ᠎ᠠ ᠪᠠᠷᠢᠯ ᠢᠶᠠᠷ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠠᠯ᠎ᠠ ᠪᠠᠷ ᠢᠯᠡᠳᠲᠡ ᠦᠷ᠎ᠡ ᠪᠦᠲᠦᠮᠵᠢ ᠤᠯᠬᠤ ᠶᠢ ᠴᠢᠩᠭ᠎ᠠ ᠪᠣᠳᠠᠲᠠᠢ ᠲᠦᠷᠭᠡᠨ ᠠᠬᠢᠭᠤᠯᠵᠤ᠂ ᠠᠰᠠᠭᠤᠳᠠᠯ ᠢ ᠪᠦᠲᠦᠮᠵᠢᠲᠡᠢ ᠰᠡᠷᠭᠡᠶᠢᠯᠡᠨ ᠰᠢᠢᠳᠪᠦᠷᠢᠯᠡᠬᠦ ᠳᠤᠮᠳᠠ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠢ ᠣᠨᠣᠪᠴᠢᠲᠠᠢ᠂ ᠨᠠᠷᠢᠯᠢᠭ᠂ ᠭᠦᠨᠵᠡᠭᠡᠢ ᠠᠳᠬᠤᠬᠤ ᠬᠡᠷᠡᠭᠲᠡᠢ᠃ ᠬᠠᠲᠤᠨ ᠭᠤᠤᠯ ᠤᠨ ᠭᠤᠤᠯ ᠤᠨ ᠬᠡᠪᠡᠯᠢ ᠶᠢᠨ ︽ᠳᠤᠷ᠎ᠠ ᠪᠠᠷ ᠢᠶᠠᠨ ᠡᠵᠡᠯᠡᠬᠦ᠂ ᠳᠤᠷ᠎ᠠ ᠪᠠᠷ ᠢᠶᠠᠨ ᠪᠠᠶᠢᠭᠤᠯᠬᠤ︾ ᠠᠰᠠᠭᠤᠳᠠᠯ ᠢ ᠴᠡᠭᠴᠡᠯᠡᠨ ᠵᠠᠰᠠᠬᠤ ᠲᠠᠯ᠎ᠠ ᠪᠠᠷ ᠬᠦᠴᠦ ᠣᠷᠣᠭᠤᠯᠵᠤ᠂ ᠭᠤᠤᠯ ᠤᠨ ᠬᠡᠪᠡᠯᠢ ᠶᠢᠨ ︽ᠳᠥᠷᠪᠡᠨ ᠡᠮᠬᠢ ᠵᠠᠮᠪᠠᠷᠠᠭ᠎ᠠ ᠦᠭᠡᠢ ᠪᠠᠶᠢᠳᠠᠯ ᠢ ᠠᠷᠢᠯᠭᠠᠬᠤ︾ ᠶᠢ ᠦᠷᠭᠦᠯᠵᠢᠯᠡᠨ ᠠᠬᠢᠭᠤᠯᠵᠤ᠂ ᠦᠶᠡᠷ ᠢ ᠰᠡᠷᠭᠡᠶᠢᠯᠡᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠭᠤᠤᠯ ᠤᠨ ᠲᠠᠩ ᠳᠡᠭᠡᠷᠡᠬᠢ ᠲᠠᠷᠠᠬᠠᠶ ᠪᠤᠲᠠᠷᠬᠠᠶ ᠡᠷᠦᠬᠡ ᠶᠢ ᠨᠡᠭᠦᠯᠭᠡᠨ ᠪᠠᠶᠢᠭᠤᠯᠬᠤ ᠠᠵᠢᠯ ᠢ ᠲᠦᠷᠭᠡᠳᠬᠡᠨ ᠠᠬᠢᠭᠤᠯᠬᠤ ᠬᠡᠷᠡᠭᠲᠡᠶ᠃ ᠣᠳᠣᠬᠠᠨ ᠳᠤ ᠬᠠᠲᠤᠨ ᠭᠤᠤᠯ ᠤᠨ ᠤᠰᠤᠨ ᠤ ᠪᠠᠶᠢᠳᠠᠯ ᠤᠨ ᠬᠤᠪᠢᠷᠠᠯᠲᠠ ᠶᠢ ᠨᠢᠭᠲᠠ ᠠᠩᠬᠠᠷᠴᠤ᠂ ᠠᠶᠤᠯ ᠲᠦᠭᠰᠢᠭᠦᠷᠢ ᠶᠢᠨ ᠬᠡᠮ ᠰᠤᠭᠤᠭ ᠢ ᠴᠠᠭ ᠲᠤᠬᠠᠶ ᠳᠤᠨᠢ ᠠᠷᠢᠯᠭᠠᠵᠤ᠂ ᠦᠶᠡᠷ ᠢ ᠰᠡᠷᠭᠡᠶᠢᠯᠡᠬᠦ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ ᠪᠦᠳᠦᠭᠦᠯᠢᠭ ᠪᠥᠭᠡᠳ ᠳᠣᠣᠷ᠎ᠠ ᠪᠦᠲᠦᠮᠵᠢᠲᠡᠢ ᠤᠰᠤ ᠬᠡᠷᠡᠭᠯᠡᠬᠦ ᠠᠷᠭ᠎ᠠ ᠬᠡᠯᠪᠡᠷᠢ ᠶᠢ ᠴᠡᠭᠴᠡᠯᠡᠨ ᠵᠠᠰᠠᠬᠤ ᠳᠡᠭᠡᠷ᠎ᠡ ᠬᠦᠴᠦ ᠲᠠᠯᠪᠢᠵᠤ᠂ ᠤᠰᠤᠨ ᠤ ᠡᠬᠢ ᠪᠠᠶᠠᠯᠢᠭ ᠢ ᠬᠠᠮᠤᠭ ᠤᠨ ᠴᠢᠩᠭ᠎ᠠ ᠬᠢᠵᠠᠭᠠᠷᠯᠠᠯ ᠪᠣᠯᠭᠠᠵᠤ᠂ ︽ᠤᠰᠤ ᠪᠠᠷ ᠲᠦᠷᠪᠡ ᠶᠢ ᠲᠤᠭᠳᠠᠭᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠵᠤᠬᠢᠰ ᠦᠭᠡᠢ ᠤᠰᠤ ᠬᠡᠷᠡᠭᠯᠡᠬᠦ ᠬᠡᠷᠡᠭᠴᠡᠭᠡ ᠶᠢ ᠡᠷᠡᠰ ᠬᠤᠷᠢᠬᠯᠠᠵᠤ᠂ ᠬᠠᠳᠤᠨ ᠭᠤᠣᠯ ᠤᠨ ᠤᠰᠤᠨ ᠤ ︽ᠤᠷᠤᠰᠤᠨ ᠭᠤᠭᠤᠵᠢᠬᠤ︾ ᠠᠰᠠᠭᠤᠳᠠᠯ ᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠲᠦᠷᠢᠮ ᠠᠴᠠ ᠵᠥᠷᠢᠴᠡᠭᠰᠡᠨ ᠤᠰᠤ ᠠᠪᠬᠤ ᠠᠵᠢᠯᠯᠠᠭ᠎ᠠ ᠶᠢ ᠴᠢᠩᠭ᠎ᠠ ᠰᠢᠢᠳᠪᠦᠷᠢᠯᠡᠵᠦ᠂ ᠠᠷᠭ᠎ᠠ ᠪᠦᠬᠦᠨ ᠢ ᠰᠦᠪᠡᠭᠴᠢᠯᠡᠨ ᠡᠯ᠎ᠡ ᠠᠵᠢᠯ ᠲᠦᠷᠦᠯ ᠡᠯ᠎ᠡ ᠬᠦᠷᠢᠶᠡᠨ ᠤ ᠤᠰᠤ ᠠᠷᠪᠢᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠢ ᠰᠢᠰᠲ᠋ᠧᠮ ᠲᠠᠢ ᠴᠡᠭᠴᠡᠯᠡᠨ ᠵᠠᠰᠠᠬᠤ ᠠᠰᠠᠭᠤᠳᠠᠯ ᠳᠡᠭᠡᠷ᠎ᠡ ᠬᠦᠴᠦ ᠣᠷᠣᠭᠤᠯᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠲᠦᠰᠦᠪᠯᠡᠵᠦ᠂ ᠬᠠᠮᠵᠢᠯᠴᠠᠭᠤᠯᠤᠨ ᠠᠬᠢᠭᠤᠯᠵᠤ ᠭᠡᠷᠡᠭᠲᠡᠢ᠂ ᠳᠥᠭᠦᠮᠬᠡᠨ ᠢᠶᠠᠷ ᠭᠠᠭᠴᠠᠭᠠᠷ ᠬᠢᠵᠤ ᠂ ᠰᠠᠨᠠᠭᠠᠴᠢᠯᠠᠭᠠᠳᠤ ᠪᠤᠰᠤ ᠪᠠᠷ ᠠᠷᠭᠠᠴᠠᠭᠠᠵᠤ᠂ ᠠᠰᠠᠭᠤᠳᠠᠯ ᠢ ᠦᠨᠳᠤᠰᠤᠨ ᠠᠴᠠ ᠨᠢ ᠰᠢᠢᠳᠪᠤᠷᠢᠯᠡᠬᠦ ᠦᠭᠡᠢ ᠪᠠᠶᠢᠵᠤ ᠪᠣᠯᠬᠤ ᠦᠭᠡᠢ᠃ ᠠᠭᠤᠷᠬᠠᠶ ᠶᠢᠨ ᠠᠮᠢ ᠠᠬᠤᠶ ᠶᠢ ᠵᠠᠰᠠᠨ ᠰᠡᠷᠭᠦᠭᠡᠬᠦ ᠶᠠᠪᠤᠴᠠ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠣᠬᠢᠷᠲᠤᠯ ᠢ ᠭᠠᠳᠠᠭᠰᠢᠯᠠᠭᠤᠯᠬᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠶᠡᠭᠡ ᠬᠦᠴᠦ ᠣᠷᠣᠭᠤᠯᠤᠨ ᠤᠰᠤᠨ ᠤ ᠪᠣᠬᠢᠷᠲᠤᠯ ᠤᠨ ᠠᠰᠠᠭᠤᠳᠠᠯ ᠢ ᠵᠠᠰᠠᠵᠤ᠂ ᠬᠠᠮᠤᠭ ᠤᠨ ᠶᠡᠭᠡ ᠴᠢᠷᠮᠠᠶᠢᠯᠭ᠎ᠠ ᠪᠠᠷ ᠲᠡᠤᠬᠡ ᠶᠢᠨ ᠥᠷᠢ ᠰᠢᠷᠢ ᠶᠢ ᠨᠥᠬᠦᠪᠥᠷᠢᠯᠡᠬᠦ ᠬᠡᠷᠡᠭᠲᠡᠶ᠃ ᠠᠵᠤ ᠦᠢᠯᠡᠰ ᠤᠨ ᠪᠦᠲᠦᠴᠡ ᠶᠢ ᠲᠤᠬᠢᠷᠠᠭᠤᠯᠤᠨ ᠰᠢᠯᠢᠳᠡᠭᠵᠢᠭᠦᠯᠬᠦ ᠳᠡᠭᠡᠷ᠎ᠡ ᠬᠦᠴᠦ ᠲᠠᠯᠪᠢᠵᠤ᠂ ︽ᠨᠡᠮᠡᠵᠦ ᠬᠠᠰᠤᠵᠤ ᠦᠷᠡᠵᠢᠭᠦᠯᠵᠦ ᠬᠤᠪᠢᠶᠠᠬᠤ︾ ᠶᠢ ᠵᠡᠷᠭᠡ ᠪᠠᠷ ᠬᠢᠬᠦ ᠶᠢ ᠪᠠᠷᠢᠮᠲᠠᠯᠠᠵᠤ᠂ ᠬᠤᠴᠣᠷᠤᠩᠭᠤᠢ᠂ ᠳᠣᠣᠷ᠎ᠠ ᠲᠡᠰ ᠤᠨ᠂ ᠦᠯᠡᠭᠦᠳᠡᠭᠰᠡᠨ ᠦᠢᠯᠡᠳᠪᠦᠷᠢᠯᠡᠬᠦ ᠴᠢᠳᠠᠪᠤᠷᠢ ᠶᠢ ᠲᠦᠷᠭᠡᠪᠴᠢᠯᠡᠨ ᠰᠢᠭᠰᠢᠭᠳᠡᠭᠦᠯᠵᠦ᠂ ︽ᠡᠨᠧᠷᠬᠢ ᠶᠢᠨ ᠬᠤᠷᠤᠬᠳᠠᠯ ᠦᠨᠳᠦᠷ᠂ ᠭᠠᠳᠠᠭᠰᠢᠯᠠᠭᠤᠯᠤᠯᠳᠠ ᠶᠡᠭᠡᠳᠠᠢ︾ ᠲᠦᠷᠦᠯ ᠵᠦᠢᠯ ᠢ ᠰᠤᠬᠤᠷ ᠪᠠᠯᠠᠢ ᠪᠠᠷ ᠬᠦᠭᠵᠢᠬᠦᠯᠬᠦ ᠶᠢ ᠡᠷᠡᠰ ᠬᠤᠷᠢᠬᠯᠠᠵᠦ᠂ ᠡᠨᠧᠷᠭᠢ ᠶᠢᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ ᠰᠢᠯᠢᠳᠡᠭᠵᠢᠭᠦᠯᠦᠨ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠲᠦᠷᠭᠡᠳᠭᠡᠨ ᠪᠤᠶᠢᠵᠢᠭᠤᠯᠬᠤ ᠬᠡᠷᠡᠭᠲᠡᠢ ᠭᠡᠵᠤ ᠵᠢᠭᠠᠵᠤ ᠭᠠᠷᠭᠠᠪᠠ᠃        ᠬᠤᠷᠠᠯ ᠠᠴᠠ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠪᠠᠶᠢᠭᠤᠯᠤᠮᠵᠢ ᠲᠣᠭᠲᠠᠴᠠ ᠪᠠᠨ ᠲᠡᠭᠦᠯᠳᠡᠷᠵᠢᠭᠦᠯᠵᠦ᠂ ᠬᠠᠳᠤᠨ ᠭᠤᠣᠯ ᠳᠠᠭᠠᠤ ᠭᠠᠵᠠᠷ ᠣᠷᠣᠨ ᠤ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠡᠬᠡ ᠲᠠᠩᠰᠠ ᠪᠠ ᠱᠠᠯᠠᠪᠳᠠᠭᠤᠯᠤᠨ ᠪᠠᠶᠢᠴᠠᠭᠠᠬᠤ᠂ ᠴᠡᠭᠴᠡᠯᠡᠨ ᠰᠠᠶᠢᠵᠢᠷᠠᠭᠤᠯᠵᠤ ᠰᠢᠯᠭᠠᠨ ᠠᠪᠬᠤ᠂ ᠬᠢᠨᠠᠨ ᠰᠢᠯᠭᠠᠵᠤ ᠦᠨᠡᠯᠡᠬᠦ ᠵᠡᠷᠭᠡ ᠲᠣᠭᠲᠠᠴᠠ ᠶᠢ ᠲᠦᠷᠭᠡᠳᠬᠡᠨ ᠲᠡᠭᠦᠯᠳᠡᠷᠵᠢᠭᠦᠯᠵᠦ᠂ ᠠᠵᠢᠯ ᠤᠨ ᠳᠠᠷᠤᠯᠲᠠ ᠶᠢ ᠱᠠᠲᠤ ᠱᠠᠲᠤ ᠪᠠᠷ ᠪᠣᠳᠠᠲᠠᠶᠢᠵᠢᠭᠤᠯᠬᠤ᠂ ᠠᠵᠢᠯ ᠤᠨ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠬᠤ ᠶᠢ ᠠᠬᠢᠭᠤᠯᠵᠤ ᠡᠯ᠎ᠡ ᠲᠥᠷᠥᠯ ᠤᠨ ᠠᠰᠠᠭᠤᠳᠠᠯ ᠢ ᠪᠦᠬᠦᠨ ᠢ ᠪᠣᠳᠠᠲᠠᠶ ᠰᠠᠶᠢᠵᠢᠷᠠᠭᠤᠯᠬᠤ᠂ ᠪᠥᠬᠦ ᠲᠠᠯ᠎ᠠ ᠪᠠᠷ ᠲᠦᠢᠯᠪᠤᠷᠢᠲᠠᠶ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠶ᠃ ᠤᠳᠤᠷᠢᠳᠬᠤ ᠳᠤᠭᠤᠶᠢᠯᠠᠩ ᠤᠨ ᠠᠯᠪᠠᠨ ᠬᠡᠷ ᠨᠢᠭᠡᠳᠦᠯᠲᠡᠶ ᠲᠥᠯᠥᠪᠵᠢᠭᠦᠯᠦᠨ ᠶᠡᠷᠦᠩᠬᠡᠶᠢᠯᠡᠨ ᠠᠳᠬᠤᠬᠤ ᠦᠢᠯᠡᠳᠣᠯ ᠢᠶᠠᠨ ᠰᠠᠶᠢᠲᠤᠷ ᠪᠠᠳᠠᠷᠠᠭᠤᠯᠵᠤ᠂ ᠡᠯ᠎ᠡ ᠪᠦᠷᠢᠯᠳᠦᠬᠦᠨ ᠨᠢᠭᠡᠴᠢ ᠶᠢᠨ ᠬᠢᠨ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠪᠠᠷ ᠪᠠᠷᠠᠬᠤ ᠥᠬᠡᠶ ᠪᠠᠰᠠ ᠬᠦᠴᠦ ᠪᠠᠨ ᠬᠠᠮᠲᠤᠳᠬᠠᠨ ᠬᠠᠮᠵᠢᠯᠴᠠᠵᠤ᠂ ᠡᠯ᠎ᠡ ᠵᠦᠢᠯ ᠤᠨ ᠠᠵᠢᠯ ᠤᠨ ᠲᠠᠰᠤᠷᠠᠯᠲᠠ ᠥᠬᠡᠶ ᠭᠦᠨᠵᠡᠭᠡᠶᠢᠷᠡᠨ ᠪᠣᠳᠠᠲᠠᠶᠢᠵᠢᠬᠤ ᠶᠢ ᠬᠠᠮᠲᠤ ᠪᠠᠷ ᠠᠬᠢᠭᠤᠯᠬᠤ ᠬᠡᠷᠡᠭᠲᠡᠶ᠃ ᠬᠠᠲᠤᠨ ᠭᠤᠤᠯ ᠳᠠᠭᠠᠤ ᠶᠢᠨ ᠲᠤᠯᠤᠭᠠᠨ ᠠᠶᠢᠮᠠᠭ ᠬᠤᠲᠠ ᠡᠭᠦᠷᠭᠡᠯᠡᠬᠦ ᠶᠣᠰᠣᠲᠠᠶ ᠬᠠᠷᠢᠭᠤᠴᠠᠯᠭ᠎ᠠ ᠪᠠᠨ ᠤᠬᠠᠮᠰᠠᠷ ᠠᠴᠠ ᠪᠠᠨ ᠡᠭᠦᠷᠭᠡᠯᠡᠵᠦ᠂ ᠨᠠᠶᠢᠳᠠᠪᠤᠷᠢᠵᠢᠭᠤᠯᠬᠤ ᠶᠣᠰᠣᠲᠠᠶ ᠡᠭᠦᠷᠭᠡ ᠪᠠᠨ ᠨᠠᠶᠢᠳᠠᠪᠤᠷᠢᠵᠢᠭᠤᠯᠵᠤ᠂ ᠨᠠᠮ ᠵᠠᠰᠠᠭ ᠤᠨ ᠭᠤᠤᠯ ᠬᠠᠷᠢᠭᠤᠴᠠᠯᠭᠠᠲᠠᠨ ᠪᠡᠶ᠎ᠡ ᠪᠠᠷ ᠢᠶᠠᠨ ᠠᠳᠬᠤᠬᠤ ᠬᠡᠷᠡᠭᠲᠡᠶ᠂ ᠬᠠᠮᠢᠶᠠᠷᠬᠤ ᠦᠭᠡᠢ ᠪᠠᠶᠢᠵᠦ ᠪᠣᠯᠬᠤ ᠥᠬᠡᠶ᠃ ᠵᠠᠰᠠᠭ ᠵᠠᠬᠢᠷᠭ᠎ᠠ᠂ ᠬᠠᠤᠯᠢ ᠴᠠᠭᠠᠵᠠ ᠶᠢᠨ ᠬᠠᠮᠵᠢᠯᠴᠠᠭᠠᠨ ᠤ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠲᠦᠷᠦᠯ ᠤᠨ ᠠᠰᠠᠭᠤᠳᠠᠯ ᠤᠨ ᠠᠷᠤ ᠳᠠᠬᠢ ᠬᠠᠤᠯᠢ ᠴᠠᠭᠠᠵᠠ ᠰᠠᠬᠢᠯᠭ᠎ᠠ ᠪᠠᠲᠤ ᠶᠢ ᠵᠥᠷᠢᠴᠡᠭᠰᠡᠨ ᠠᠵᠢᠯᠯᠠᠭ᠎ᠠ ᠳᠤ ︽ᠤᠬᠳᠤ ᠠᠭᠤᠴᠢᠯᠠᠬᠤ ᠦᠭᠡᠢ︾ ᠪᠠᠶᠢᠬᠤ ᠶᠢ ᠪᠠᠷᠢᠮᠲᠠᠯᠠᠵᠤ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠵᠠᠯᠬᠠᠭᠠᠨ ᠰᠢᠢᠳᠬᠡᠬᠦ ᠬᠡᠷᠡᠭᠲᠡᠢ ᠭᠡᠵᠦ ᠴᠢᠬᠤᠯᠠᠴᠢᠯᠠᠪᠠ᠃        ᠤᠳᠤᠷᠢᠳᠬᠤ ᠳᠤᠭᠤᠶᠢᠯᠠᠩ ᠤᠨ ᠭᠡᠰᠢᠭᠦᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号