ᠰᠢᠨ᠎ᠡ ᠴᠠᠭ ᠦᠶ᠎ᠡ ᠳᠤ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠶᠢ ᠭᠠᠷᠭᠠᠶ᠎ᠠ
ᠨᠡᠶᠢᠲᠡᠯᠡᠭᠰᠡᠨ ᠴᠠᠭ᠄
2021/7/8
           ᠮᠠᠨ ᠤ ᠬᠤᠲᠠ ᠶᠢᠨ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠰᠢ ᠶᠢᠨ ᠫᠢᠩ ᠶᠡᠷᠦᠩᠬᠡᠶ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠵᠤ ᠲᠤᠤᠱᠯᠠᠭᠤᠯᠪᠠ᠃        ᠤᠢᠢᠷ᠎ᠠ ᠶᠢᠨ ᠡᠳᠦᠷ ᠤᠳ ᠲᠤ᠂ ᠮᠠᠨ ᠤ ᠬᠤᠲᠠ ᠶᠢᠨ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠳ ᠰᠤᠷᠤᠯᠴᠠᠬᠤ᠂ ᠶᠠᠷᠢᠯᠴᠠᠬᠤ ᠵᠡᠷᠭᠡ ᠬᠡᠯᠪᠡᠷᠢ ᠪᠠᠷ ᠳᠠᠮᠵᠢᠨ᠂ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠣᠢ ᠪᠣᠯᠭᠠᠪᠠ᠃ ᠤᠯᠠᠨ ᠢᠶᠠᠷ ᠢᠶᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠤᠯᠠᠮᠵᠢᠯᠠᠵᠤ᠂ ᠬᠦᠴᠦᠷᠬᠡᠭ ᠶᠡᠭᠡ ᠡᠷᠡᠯᠬᠡᠭᠯᠡᠨ ᠤᠷᠤᠭᠰᠢᠯᠠᠬᠤ ᠬᠦᠴᠦᠨ ᠢ ᠨᠢᠭᠲᠠᠷᠠᠭᠤᠯᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠬᠤ ᠰᠢᠨ᠎ᠡ ᠠᠶᠠᠨ ᠵᠠᠮ ᠳᠤ ᠰᠢᠨ᠎ᠡ ᠬᠠᠭᠤᠳᠠᠰᠤ ᠶᠢ ᠪᠢᠴᠢᠭᠯᠡᠨ᠎ᠡ ᠭᠡᠵᠦ ᠢᠯᠡᠳᠬᠡᠵᠡᠭᠡᠪᠡ᠃        ᠬᠠᠷᠠᠴᠢᠨ ᠬᠤᠰᠢᠭᠤ᠄ ᠠᠷᠢᠭᠤᠨ ᠲᠤᠩᠭᠠᠯᠠᠭ ᠣᠷᠴᠢᠨ ᠲᠣᠭᠤᠷᠢᠨ ᠢᠶᠠᠨ ᠰᠠᠶᠢᠲᠤᠷ ᠬᠠᠮᠠᠭᠠᠯᠠᠨ᠎ᠠ        ᠮᠢᠩᠭᠠᠨ ᠣᠨ ᠤ ᠠᠤᠭ᠎ᠠ ᠦᠢᠯᠡᠰ ᠲᠤ ᠵᠣᠷᠢᠭ ᠰᠢᠭᠤᠳᠬᠤ ᠳᠤ᠂ ᠵᠠᠭᠤᠨ ᠵᠢᠯ ᠪᠣᠯ ᠵᠥᠪᠬᠡᠨ ᠡᠬᠢᠯᠡᠯᠲᠡ ᠲᠡᠳᠦᠢ ᠶᠤᠮ᠂ ᠪᠠᠰᠠ ᠨᠡᠩ ᠤᠯᠠᠨ ᠬᠦᠴᠢᠷ ᠪᠡᠷᠬᠡᠰᠢᠶᠡᠯ ᠬᠠᠷᠰᠢ ᠰᠠᠭᠠᠳ ᠢ ᠪᠢᠳᠡ ᠢᠯᠠᠨ ᠳᠠᠪᠠᠭ᠋ᠤ ᠴᠢᠬᠤᠯᠠᠲᠠᠢ ᠪᠠᠶᠢᠨ᠎ᠠ᠂ ᠨᠡᠩ ᠶᠡᠭᠡ ᠢᠯᠠᠯᠲᠠ ᠶᠢ ᠲᠡᠮᠡᠴᠡᠨ ᠤᠯᠬᠤ ᠪᠠᠷ ᠴᠢᠷᠮᠠᠶᠢᠬᠤ ᠴᠢᠬᠤᠯᠠᠲᠠᠢ ᠪᠠᠶᠢᠨ᠎ᠠ᠃ ᠮᠠ ᠠᠨ ᠱᠠᠨ ᠣᠶ ᠰᠢᠭᠤᠶ ᠶᠢᠨ ᠲᠠᠯᠠᠪᠠᠶ ᠶᠢᠨ ᠨᠠᠮ ᠤᠨ ᠡᠭᠦᠷ ᠤᠨ ᠱᠦᠵᠢ᠂ ᠲᠠᠯᠠᠪᠠᠶ ᠶᠢᠨ ᠳᠠᠷᠤᠭ᠎ᠠ ᠶᠦᠩ ᠱᠠᠨ ᠬᠡᠯᠡᠬᠦ ᠳᠡᠭᠡᠨ᠂ ᠶᠡᠷᠦᠩᠬᠡᠶ ᠱᠦᠵᠢ ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠨᠢ ᠡᠷᠡᠰ ᠪᠠᠲᠤ ᠠᠷᠠᠳ ᠲᠦᠮᠡᠨ ᠤ ᠵᠣᠭᠰᠣᠯᠲᠠ ᠳᠤ ᠲᠤᠤᠱᠯᠠᠭᠳᠠᠵᠤ᠂ ᠡᠪ ᠬᠠᠮᠲᠤ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠨᠠᠮ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠮᠠᠷᠲᠠᠯ ᠦᠭᠡᠢ ᠪᠠᠷ ᠯᠠᠪᠳᠠᠭᠤᠨ ᠪᠠᠲᠤᠲᠠᠢ ᠭᠦᠢᠴᠡᠳᠬᠡᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠵᠤ᠂ ᠵᠢᠱᠢᠶᠡᠴᠢ ᠳᠠᠭᠠᠭᠤᠯᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠢᠳᠡᠪᠬᠢᠲᠡᠢ ᠠᠵᠢᠯᠯᠠᠵᠤ᠂ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠠᠷᠢᠭᠤᠨ ᠲᠤᠩᠭᠠᠯᠠᠭ ᠣᠷᠴᠢᠨ ᠲᠣᠭᠤᠷᠢᠨ ᠢᠶᠠᠨ ᠰᠠᠶᠢᠲᠤᠷ ᠰᠠᠬᠢᠨ ᠬᠠᠮᠠᠭᠠᠯᠠᠵᠤ᠂ ᠤᠢ ᠰᠢᠭᠤᠢ ᠶᠢᠨ ᠲᠠᠯᠠᠪᠠᠢ ᠶᠢᠨ ᠬᠥᠭᠵᠢᠯᠲᠡ ᠶᠢ ᠠᠬᠢᠭᠤᠯᠬᠤ ᠳᠤᠮᠳᠠ ᠥᠪᠡᠷ ᠤᠨ ᠬᠦᠴᠦᠨ ᠴᠢᠳᠠᠯ ᠢᠶᠠᠨ ᠡᠷᠭᠦᠶ᠎ᠡ ᠭᠡᠵᠦ ᠴᠠᠭ ᠢᠮᠠᠭᠲᠠ ᠪᠡᠶ᠎ᠡ ᠳᠡᠭᠡᠨ ᠰᠠᠨᠠᠭᠤᠯᠤᠨ᠎ᠠ ᠭᠡᠪᠡ᠃        ᠪᠦᠬᠦ ᠲᠠᠯᠠᠪᠠᠢ ᠶᠢᠨ ᠨᠠᠮ ᠤᠨ ᠭᠡᠰᠢᠭᠦᠨ ᠺᠠᠳ᠋ᠷᠴᠤᠳ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠪᠣᠯᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠡᠬᠢᠯᠡᠯᠲᠡ ᠶᠢᠨ ᠵᠢᠯ ᠤᠨ ᠰᠢᠨ᠎ᠡ ᠴᠡᠭ ᠳᠡᠭᠡᠷ᠎ᠡ ᠵᠣᠭᠰᠣᠵᠤ᠂ ᠠᠮᠢ ᠠᠬᠤᠢ ᠶᠢᠨ ᠪᠣᠯᠪᠠᠰᠤᠨ ᠤ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠮᠠ ᠠᠨ ᠱᠠᠨ ᠤᠢ ᠰᠢᠭᠤᠢ ᠶᠢᠨ ᠲᠠᠯᠠᠪᠠᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ︽ᠠᠮᠢ ᠠᠬᠤᠢ ᠶᠢᠨ ᠬᠠᠯᠬᠠᠪᠴᠢ ᠶᠢ ᠪᠦᠳᠦᠭᠡᠨ ᠪᠠᠶᠢᠭᠤᠯᠵᠤ᠂ ᠬᠥᠬᠡ ᠠᠭᠤᠯᠠ ᠬᠥᠬᠡᠮᠳᠦᠭ ᠤᠰᠤ ᠶᠢ ᠰᠠᠶᠢᠲᠤᠷ ᠰᠠᠬᠢᠬᠤ︾ ᠪᠣᠯ ᠮᠠ ᠠᠨ ᠱᠠᠨ ᠤᠢ ᠰᠢᠭᠤᠢ ᠶᠢᠨ ᠲᠠᠯᠠᠪᠠᠢ ᠶᠢᠨ ᠡᠭᠦᠷᠢᠳᠡ ᠶᠢᠨ ᠢᠲᠡᠭᠡᠯ ᠪᠢᠰᠢᠷᠡᠯ ᠪᠠ ᠬᠥᠭᠡᠭᠡᠴᠡᠯᠳᠦᠯ ᠪᠣᠯᠤᠨ᠎ᠠ᠂ ᠤᠯᠠᠨ ᠢᠶᠠᠷ ᠢᠶᠠᠨ ᠠᠷᠢᠭᠤᠨ ᠲᠤᠩᠭᠠᠯᠠᠭ ᠣᠷᠴᠢᠨ ᠲᠣᠭᠤᠷᠢᠨ ᠢᠶᠠᠨ ᠰᠠᠶᠢᠲᠤᠷ ᠬᠠᠮᠢᠶᠠᠷᠤᠨ ᠬᠠᠮᠠᠭᠠᠯᠠᠵᠤ᠂ ᠶᠡᠷᠦᠩᠬᠡᠢ ᠱᠦᠵᠢ ᠶᠢᠨ ᠨᠠᠨᠳᠢᠨ ᠬᠦᠰᠡᠯ ᠢ ᠬᠥᠰᠡᠷᠳᠡᠭᠦᠯᠬᠦ ᠦᠭᠡᠢ ᠭᠡᠵᠦ ᠢᠯᠡᠳᠬᠡᠵᠡᠭᠡᠪᠡ᠃          ᠨᠢᠩᠴᠧᠩ ᠰᠢᠶᠠᠨ᠄ ᠡᠪ ᠬᠠᠮᠲᠤᠴᠤᠳ ᠤᠨ ᠤᠯᠤᠰ ᠲᠥᠷᠥ ᠶᠢᠨ ᠮᠥᠨ ᠴᠢᠨᠠᠷ ᠢᠶᠠᠨ ᠡᠭᠦᠷᠢᠳᠡ ᠬᠠᠳᠠᠭᠠᠯᠠᠨ᠎ᠠ        ᠠᠭᠤᠤ ᠶᠡᠭᠡ ᠵᠣᠷᠢᠭ ᠰᠠᠨᠠᠭ᠎ᠠ ᠪᠣᠯ ᠠᠭᠤᠤ ᠶᠡᠭᠡ ᠦᠢᠯᠡᠳᠦᠯᠭᠡ ᠠᠴᠠ ᠢᠷᠡᠯᠲᠡ ᠲᠠᠢ ᠶᠤᠮ᠂ ᠠᠭᠤᠤ ᠶᠡᠭᠡ ᠵᠣᠷᠢᠭ ᠰᠠᠨᠠᠭ᠎ᠠ ᠨᠢ ᠮᠦᠨ ᠠᠭᠤᠤ ᠶᠡᠭᠡ ᠦᠢᠯᠡᠳᠦᠯᠭᠡ ᠶᠢ ᠠᠬᠢᠭᠤᠯᠳᠠᠭ ᠶᠤᠮ᠃ ᠨᠢᠩᠴᠧᠩ ᠰᠢᠶᠠᠨ ᠤ ᠰᠠᠨ ᠽᠦᠸᠧ ᠳ᠋ᠢᠶᠠᠨ ᠪᠠᠯᠭᠠᠰᠤᠨ ᠤ ᠨᠠᠮ ᠤᠨ ᠭᠡᠰᠢᠭᠦᠨ ᠺᠠᠳ᠋ᠷ᠂ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠪᠣᠭᠤᠮᠲᠠ ᠰᠢᠪᠲᠤᠯᠤᠨ ᠪᠡᠷᠬᠡ ᠶᠢ ᠳᠠᠪᠠᠭ᠋ᠤ᠂ ᠠᠵᠢᠯ ᠬᠢᠵᠦ ᠦᠢᠯᠡᠰ ᠪᠤᠰᠬᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠵᠣᠷᠢᠭᠲᠠᠢ ᠪᠠᠷ ᠪᠣᠭᠤᠮᠲᠠ ᠰᠢᠪᠲᠤᠯᠵᠤ ᠠᠰᠠᠭᠤᠳᠠᠯ ᠢ ᠰᠢᠢᠳᠪᠦᠷᠢᠯᠡᠨ᠎ᠡ᠃ ᠴᠠᠭ ᠢᠮᠠᠭᠲᠠ ᠨᠠᠮ ᠳᠠᠭᠠᠨ ᠦᠨᠡᠨᠴᠢ ᠰᠢᠳᠤᠷᠭᠤ᠂ ᠠᠷᠠᠳ ᠲᠦᠮᠡᠨ ᠢᠶᠠᠨ ᠬᠥᠰᠡᠷᠳᠡᠭᠦᠯᠬᠦ ᠦᠭᠡᠢ ᠪᠠᠶᠢᠵᠤ᠂ ᠨᠠᠮ ᠳᠠᠭᠠᠨ ᠦᠨᠡᠨᠴᠢ ᠰᠢᠳᠤᠷᠭᠤ᠂ ᠨᠠᠮ ᠤᠨ ᠲᠥᠯᠥᠭᠡ ᠰᠠᠨᠠᠭᠠᠰᠢᠷᠠᠬᠤ᠂ ᠨᠠᠮ ᠤᠨ ᠲᠥᠯᠥᠭᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠠᠷᠠᠳ ᠲᠦᠮᠡᠨ ᠳᠡᠭᠡᠨ ᠪᠤᠶᠠᠨ ᠦᠢᠯᠡᠳᠬᠦ ᠶᠢ ᠦᠨᠳᠦᠰᠦᠨ ᠤᠯᠤᠰ ᠲᠦᠷᠦ ᠶᠢᠨ ᠡᠭᠦᠷᠭᠡᠯᠡᠯ ᠪᠣᠯᠭᠠᠵᠤ᠂ ᠡᠪ ᠬᠠᠮᠲᠤᠴᠤᠳ ᠤᠨ ᠤᠯᠤᠰ ᠲᠦᠷᠦ ᠶᠢᠨ ᠤᠤᠷ ᠴᠢᠨᠠᠷ ᠢᠶᠠᠨ ᠡᠭᠦᠷᠢᠳᠡ ᠬᠠᠳᠠᠭᠠᠯᠠᠵᠤ᠂ ᠪᠦᠬᠦ ᠪᠠᠯᠭᠠᠰᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠤᠶᠤᠨ ᠤᠬᠠᠭᠠᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ᠃         ᠪᠠ ᠲᠠᠢ ᠶᠢᠩᠽᠢ ᠲᠣᠰᠬᠤᠨ ᠤ ᠨᠠᠮ ᠤᠨ ᠡᠭᠦᠷ ᠤᠨ ᠱᠦᠵᠢ ᠹᠠᠩ ᠯᠢ ᠫᠢᠩ ︽ᠪᠡᠯᠭᠡᠯᠡᠯᠲᠡ ᠶᠢᠨ ᠶᠡᠭᠡ ᠬᠤᠷᠠᠯ ᠢ ᠬᠦᠯᠢᠶᠡᠨ ᠠᠪᠴᠤ ᠦᠵᠡᠭᠰᠡᠨ ᠤ ᠳᠠᠷᠠᠭ᠎ᠠ ᠪᠢ ᠲᠦᠢᠯ ᠢᠶᠠᠷ ᠰᠡᠳᠬᠢᠯ ᠳᠣᠭᠳᠣᠯᠵᠤ ᠪᠠᠶᠢᠨ᠎ᠠ᠂ ᠶᠡᠷᠦᠩᠬᠡᠶ ᠱᠦᠵᠢ ᠰᠢ ᠶᠢᠨ ᠫᠢᠩ ᠤ ᠴᠢᠬᠤᠯᠠ ᠶᠠᠷᠢᠶ᠎ᠠ ᠨᠢ ᠬᠥᠮᠦᠰ ᠢ ᠶᠡᠬᠡᠳᠡ ᠤᠷᠮᠠᠰᠢᠭᠤᠯᠤᠨ ᠵᠣᠷᠢᠭᠵᠢᠭᠤᠯᠵᠠᠶ᠃        ᠦᠨᠳᠦᠰᠦᠨ ᠱᠠᠲᠤᠨ ᠤ ᠨᠠᠮ ᠤᠨ ᠡᠭᠦᠷ ᠤᠨ ᠱᠦᠵᠢ ᠪᠣᠯᠤᠭᠰᠠᠨ ᠤ ᠬᠤᠪᠢ ᠳᠤ ᠪᠢ ᠯᠠᠪᠲᠠᠶ ᠠᠷᠠᠳ ᠲᠦᠮᠡᠨ ᠢᠶᠠᠷ ᠭᠤᠣᠯ ᠪᠣᠯᠭᠠᠵᠤ᠂ ᠲᠤᠬᠠᠶᠢᠯᠠᠭᠰᠠᠨ ᠠᠵᠢᠯ ᠢᠶᠠᠨ ᠰᠠᠶᠢᠨ ᠬᠢᠨ᠎ᠡ︾ ᠭᠡᠵᠦ ᠰᠡᠳᠬᠢᠯ ᠳᠣᠭᠳᠣᠯᠤᠨ ᠬᠡᠯᠡᠪᠡ᠃    
 
ᠢᠷᠡᠯᠲᠡ᠄ ᠤᠯᠠᠭᠠᠨᠬᠠᠲᠠ ᠬᠤᠲᠠ ᠶᠢᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号