ᠡᠭᠦᠷᠭᠡ ᠬᠠᠷᠢᠭᠤᠴᠠᠯᠭ᠎ᠠ ᠪᠠᠨ ᠲᠠᠨᠢᠵᠤ ᠡᠭᠦᠷᠭᠡᠯᠡᠨ ᠨᠠᠮ ᠤᠨ ᠦᠢᠯᠡᠰ ᠲᠤ ᠬᠤᠪᠢ ᠨᠡᠮᠡᠷᠢ ᠪᠠᠨ ᠦᠵᠡᠭᠦᠯᠦᠨ᠎ᠡ
ᠨᠡᠶᠢᠲᠡᠯᠡᠭᠰᠡᠨ ᠴᠠᠭ᠄
2021/7/8
           ᠮᠠᠨ ᠤ ᠬᠤᠲᠠ ᠶᠢᠨ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠪᠠ        ᠣᠶᠢᠷ᠎ᠠ ᠶᠢᠨ ᠡᠳᠦᠷ ᠤᠳ ᠲᠤ᠂ ᠮᠠᠨ ᠤ ᠬᠤᠲᠠ ᠶᠢᠨ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠳ ᠣᠯᠠᠨ ᠵᠦᠢᠯ ᠤᠨ ᠬᠡᠯᠪᠡᠷᠢ ᠪᠠᠷ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠬᠠᠯᠠᠭᠤᠨ ᠥᠷᠨᠢᠯᠲᠡ ᠭᠠᠷᠭᠠᠪᠠ᠃        ᠶᠤᠸᠠᠨ ᠪᠦᠦ ᠱᠠᠨ ᠲᠣᠭᠤᠷᠢᠭ᠄ ᠤᠷᠢᠳᠤ ᠡᠮᠦᠨ᠎ᠡ ᠪᠠᠶᠢᠭ᠎ᠠ ᠦᠭᠡᠢ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠨᠠᠮ ᠤᠨ ᠦᠢᠯᠡᠰ ᠲᠤ ᠬᠤᠪᠢ ᠨᠡᠮᠡᠷᠢ ᠪᠠᠨ ᠦᠵᠡᠭᠦᠯᠦᠨ᠎ᠡ        ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠤᠨ ᠰᠢᠭᠤᠳ ᠨᠡᠪᠲᠡᠷᠡᠭᠦᠯᠭᠡ ᠶᠢ ᠬᠠᠮᠲᠤ ᠪᠠᠷ ᠢᠶᠠᠨ ᠦᠵᠡᠭᠰᠡᠨ ᠤ ᠳᠠᠷᠠᠭ᠎ᠠ᠂ ᠶᠤᠸᠠᠨ ᠪᠦᠦ ᠱᠠᠨ ᠲᠣᠭᠤᠷᠢᠭ ᠪᠦᠬᠦ ᠰᠢᠶᠠᠨ ᠭᠠᠵᠠᠷ ᠤᠨ ᠳᠡᠰ ᠤᠨ ᠤᠳᠤᠷᠢᠳᠤᠯᠭ᠎ᠠ ᠶᠢ ᠵᠣᠬᠢᠶᠠᠨ ᠪᠠᠶᠢᠭᠤᠯᠤᠨ ᠲᠤᠬᠠᠢ ᠶᠢᠨ ᠲᠠᠯᠠᠪᠠᠢ ᠳᠤ ᠰᠤᠳᠤᠯᠤᠨ ᠶᠠᠷᠢᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠪᠠ᠃ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠼᠤᠤ ᡁᠢ ᠶᠦᠩ᠂ ᠪᠦᠬᠦ ᠲᠣᠭᠤᠷᠢᠭ ᠤᠨ ᠡᠯ᠎ᠡ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠪ ᠬᠠᠮᠲᠤᠴᠤᠳ ᠤᠨ ᠡᠭᠦᠷᠭᠡ ᠶᠢ ᠨᠡᠩ ᠰᠠᠶᠢᠲᠤᠷ ᠡᠭᠦᠷᠭᠡᠯᠡᠵᠦ᠂ ᠵᠥᠪ ᠵᠠᠮ ᠢᠶᠠᠷ ᠦᠷᠭᠦᠯᠵᠢᠯᠡᠨ ᠲᠡᠮᠡᠴᠡᠵᠦ᠂ ᠨᠠᠮ ᠳᠠᠭᠠᠨ ᠣᠰᠣᠯᠳᠠᠬᠤ ᠦᠭᠡᠢ᠂ ᠡᠭᠦᠷᠭᠡ ᠬᠠᠷᠢᠭᠤᠴᠠᠯᠭ᠎ᠠ ᠳᠠᠭᠠᠨ ᠣᠰᠣᠯᠳᠠᠬᠤ ᠦᠭᠡᠢ᠂ ᠠᠷᠠᠳ ᠤᠯᠠᠨ ᠳᠠᠭᠠᠨ ᠣᠰᠣᠯᠳᠠᠬᠤ ᠦᠭᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ ᠭᠡᠵᠦ ᠳᠤᠷᠠᠳᠪᠠ᠃        ᠣᠯᠠᠨ ᠢᠶᠠᠷ ᠢᠶᠠᠨ ᠬᠤᠶᠢᠰᠢᠳᠠ ᠶᠢᠨ ᠠᠵᠢᠯ ᠳᠤᠮᠳᠠ ᠪᠠᠨ ᠨᠠᠮ ᠤᠨ ᠣᠳᠣᠬᠢ ᠱᠠᠲᠤᠨ ᠤ ᠦᠨᠳᠦᠰᠦᠨ ᠬᠥᠲᠥᠯᠪᠦᠷᠢ ᠶᠢ ᠪᠡᠶᠡᠯᠡᠭᠦᠯᠬᠦ ᠶᠢᠨ ᠲᠥᠯᠥᠭᠡ ᠦᠷᠭᠦᠯᠵᠢᠯᠡᠨ ᠯᠠᠪᠳᠠᠭᠤᠨ ᠪᠠᠲᠤᠲᠠᠢ ᠪᠠᠷ ᠴᠥᠬᠦᠷᠡᠰᠢ ᠦᠭᠡᠢ ᠴᠢᠷᠮᠠᠶᠢᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠳᠠᠯᠠᠨ᠂ ᠤᠬ ᠰᠠᠨᠠᠭ᠎ᠠ ᠪᠠᠨ ᠦᠯᠦ ᠮᠠᠷᠲᠠᠵᠤ᠂ ᠠᠵᠢᠯ ᠪᠦᠬᠦᠨ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠤᠷᠢᠳᠤ ᠡᠮᠦᠨ᠎ᠡ ᠪᠠᠶᠢᠭ᠎ᠠ ᠦᠭᠡᠢ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠨᠠᠮ ᠤᠨ ᠦᠢᠯᠡᠰ ᠲᠤ ᠬᠤᠪᠢ ᠨᠡᠮᠡᠷᠢ ᠦᠵᠡᠭᠦᠯᠵᠦ᠂ ᠪᠦᠬᠦ ᠲᠣᠭᠤᠷᠢᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠪᠡ᠃        ᠪᠠᠭᠠᠷᠢᠨ ᠵᠡᠭᠦᠨ ᠬᠤᠰᠢᠭᠤ᠄ ᠬᠠᠳᠠ ᠴᠢᠯᠠᠭᠤ ᠮᠡᠲᠦ ᠪᠠᠲᠤ ᠴᠢᠩᠭ᠎ᠠ ᠵᠣᠷᠢᠭ ᠰᠠᠨᠠᠭ᠎ᠠ ᠪᠠᠷ ᠶᠡᠷᠦᠩᠬᠡᠢ ᠱᠦᠵᠢ ᠰᠢ ᠶᠢᠨ ᠫ᠊ᠵᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ        ᠪᠠᠭᠠᠷᠢᠨ ᠵᠡᠭᠦᠨ ᠬᠤᠰᠢᠭᠤᠨ ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠳ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠢ ᠵᠣᠬᠢᠶᠠᠨ ᠪᠠᠶᠢᠭᠤᠯᠤᠨ ᠶᠡᠭᠡ ᠬᠤᠷᠠᠯ ᠢ ᠦᠵᠡᠭᠰᠡᠨ ᠤ ᠰᠠᠨᠠᠯ ᠢᠶᠠᠨ ᠰᠣᠯᠢᠯᠴᠠᠨ ᠶᠠᠷᠢᠯᠴᠠᠪᠠ᠃ ᠬᠤᠰᠢᠭᠤᠨ ᠨᠠᠮ ᠤᠨ ᠬᠤᠷᠢᠶᠠᠨ ᠤ ᠱᠦᠵᠢ ᠷᠧᠨ ᠰᠢ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠪᠠᠭᠠᠷᠢᠨ ᠵᠡᠭᠦᠨ ᠬᠤᠰᠢᠭᠤᠨ ᠤ ᠬᠤᠶᠢᠰᠢᠳᠠ ᠶᠢᠨ ᠡᠯ᠎ᠡ ᠵᠦᠢᠯ ᠤᠨ ᠠᠵᠢᠯ ᠢ ᠥᠷᠨᠢᠭᠦᠯᠬᠦ ᠳᠤ ᠤᠷᠤᠭᠰᠢᠯᠠᠯᠲᠠ ᠶᠢᠨ ᠴᠢᠭᠯᠡᠯ ᠢ ᠵᠢᠭᠠᠨ ᠥᠭᠴᠦ᠂ ᠦᠨᠳᠦᠰᠦᠨ ᠵᠢᠷᠤᠮᠯᠠᠯ ᠬᠠᠩᠭᠠᠪᠠ᠃ ᠪᠥᠬᠦ ᠨᠠᠮ ᠤᠨ ᠭᠡᠰᠢᠭᠦᠨ ᠺᠠᠳ᠋ᠷᠴᠤᠳ ᠤᠯᠤᠰ ᠲᠥᠷᠥ ᠶᠢᠨ ᠵᠣᠭᠰᠣᠴᠠ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠂ ᠶᠡᠷᠦᠩᠬᠡᠶ ᠱᠦᠵᠢ ᠰᠢ ᠶᠢᠨ ᠫᠢᠩ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠡᠭᠦᠷᠭᠡ ᠬᠠᠷᠢᠭᠤᠴᠠᠯᠭ᠎ᠠ ᠪᠠᠨ ᠲᠠᠨᠢᠵᠤ ᠡᠭᠦᠷᠭᠡᠯᠡᠨ᠂ ᠬᠠᠳᠠ ᠴᠢᠯᠠᠭᠤ ᠮᠡᠲᠦ ᠪᠠᠲᠤ ᠴᠢᠩᠭ᠎ᠠ ᠡᠷᠡᠰ ᠵᠣᠷᠢᠭ ᠢᠶᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ ᠬᠡᠷᠡᠭᠲᠡᠶ᠃ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠳᠤᠷᠠᠳᠤᠭᠰᠠᠨ ︽ᠬᠤᠶᠠᠷ ᠬᠠᠯᠬᠠᠪᠴᠢ︾ ᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠶᠢᠨ ᠲᠣᠭᠤᠷᠢᠨ ᠳᠤ᠂ ᠠᠮᠢ ᠠᠬᠤᠶ ᠶᠢ ᠲᠡᠷᠢᠭᠦᠨ ᠳᠤ ᠪᠣᠳᠤᠯᠬᠢᠯᠠᠵᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠬᠠᠶᠢᠨ ᠰᠦᠪᠡᠭᠴᠢᠯᠡᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠬᠡᠨ ᠠᠬᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ᠂ ᠠᠭᠤᠷᠬᠠᠶ ᠶᠢᠨ ᠦᠢᠯᠡᠰ ᠤᠨ ᠠᠵᠤ ᠠᠬᠤᠶ᠂ ᠰᠣᠶᠣᠯ ᠵᠢᠭᠤᠯᠴᠢᠯᠠᠯ᠂ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠤᠨ ︽ᠳᠥᠷᠪᠡᠨ ᠶᠡᠭᠡ ᠪᠦᠯᠦᠭᠯᠡᠯ︾ ᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠵᠤ᠂ ᠪᠣᠬᠢᠷᠲᠤᠯ ᠥᠬᠡᠶ ᠥᠨᠳᠥᠷ ᠦᠷ᠎ᠡ ᠪᠦᠲᠦᠮᠵᠢᠲᠡᠶ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠥᠷᠢᠰᠦᠯᠳᠦᠬᠦ ᠬᠦᠴᠦᠨ ᠢᠶᠠᠷ ᠴᠢᠩᠭ᠎ᠠ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮᠵᠢ ᠶᠢ ᠬᠦᠴᠦᠯᠡᠨ ᠪᠠᠶᠢᠭᠤᠯᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠤᠢᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠪᠠᠬᠢᠵᠢᠭᠦᠯᠦᠨ ᠥᠷᠭᠡᠳᠬᠡᠵᠦ᠂ ᠠᠷᠠᠳ ᠤᠯᠠᠨ ᠤ ᠠᠩᠬᠠᠷᠴᠤ ᠬᠠᠯᠠᠮᠵᠢᠯᠠᠵᠤ ᠪᠠᠶᠢᠭ᠎ᠠ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠠᠰᠠᠭᠤᠳᠠᠯ ᠢ ᠪᠦᠬᠦ ᠲᠠᠯ᠎ᠠ ᠪᠠᠷ ᠰᠠᠶᠢᠲᠤᠷ ᠰᠢᠢᠳᠪᠦᠷᠢᠯᠡᠵᠦ᠂ ᠰᠠᠭᠤᠷᠢ ᠲᠠᠯᠪᠢᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠯᠤᠰ ᠬᠡᠳᠦ ᠳᠤ ᠠᠰᠢᠭᠲᠠᠢ ᠨᠢᠭᠡ ᠪᠦᠯᠦᠭ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠢ ᠬᠡᠷᠡᠭᠵᠢᠭᠦᠯᠵᠦ᠂ ᠤᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠦ ᠢᠯᠡᠷᠬᠡᠶᠢᠯᠡᠪᠡ᠃
 
ᠢᠷᠡᠯᠲᠡ᠄ ᠤᠯᠠᠭᠠᠨᠬᠠᠳᠠ ᠬᠤᠲᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号