41 ᠸᠠᠺᠼᠢᠨ ᠤ ᠲᠠᠷᠢᠯᠭ᠎ᠠ ᠶᠢᠨ ᠴᠡᠭ ᠰᠠᠭᠤᠭᠠᠯᠢ ᠠᠷᠠᠳ ᠲᠤ ᠰᠦᠢᠳᠬᠡᠯ ᠬᠤᠷᠢᠶᠠᠬᠤ ᠥᠬᠡᠶ ᠪᠠᠷ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠦᠢᠯᠡᠴᠢᠯᠡᠭᠡ ᠬᠠᠩᠭᠠᠨ᠎ᠠ
ᠨᠡᠶᠢᠲᠡᠯᠡᠭᠰᠡᠨ ᠴᠠᠭ᠄
2021/7/8
           ᠲᠡᠭᠦᠨ ᠤ ᠳᠣᠲᠣᠷ᠎ᠠ 15 ᠲᠠᠷᠢᠯᠭ᠎ᠠ ᠶᠢᠨ ᠴᠡᠭ ᠨᠢ ᠬᠤᠩᠱᠠᠨ ᠲᠣᠭᠤᠷᠢᠭ ᠲᠤ ᠪᠠᠶᠢᠷᠢᠰᠢᠵᠤ᠂ 26 ᠨᠢ ᠰᠦᠩᠱᠠᠨ ᠲᠣᠭᠤᠷᠢᠭ ᠲᠤ ᠪᠠᠶᠢᠨ᠎ᠠ        ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠲᠠᠷᠢᠯᠭ᠎ᠠ ᠶᠢᠨ ᠱᠠᠭᠠᠷᠳᠠᠯᠭ᠎ᠠ ᠶᠣᠰᠣᠭᠠᠷ᠂ ᠬᠤᠩᠱᠠᠨ ᠲᠣᠭᠤᠷᠢᠭ ᠪᠠ ᠰᠦᠩᠱᠠᠨ ᠲᠣᠭᠤᠷᠢᠭ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠤᠨ ᠬᠤᠶᠠᠳᠤᠭᠠᠷ ᠱᠠᠲᠤ ᠨᠢᠭᠡᠨᠲᠡ ᠡᠬᠢᠯᠡᠪᠡ᠃ ᠣᠶᠢᠷ᠎ᠠ ᠬᠠᠪᠢ ᠳᠠᠭᠠᠨ ᠲᠥᠬᠦᠮ ᠦᠵᠡᠭᠦᠯᠬᠦ ᠵᠠᠷᠴᠢᠮ ᠢᠶᠠᠷ᠂ ᠬᠤᠩᠱᠠᠨ ᠲᠣᠭᠤᠷᠢᠭ ᠪᠠ ᠰᠦᠩᠱᠠᠨ ᠲᠣᠭᠤᠷᠢᠭ ᠲᠤ ᠨᠡᠶᠢᠲᠡ 41 ᠸᠠᠺᠼᠢᠨ ᠤ ᠲᠠᠷᠢᠯᠭ᠎ᠠ ᠶᠢᠨ ᠴᠡᠭ ᠭᠠᠷᠭᠠᠵᠤ᠂ ᠡᠭᠦᠨ ᠳᠤ ᠬᠤᠩᠱᠠᠨ ᠲᠣᠭᠤᠷᠢᠭ ᠲᠤ 15᠂ ᠰᠦᠩᠱᠠᠨ ᠲᠣᠭᠤᠷᠢᠭ ᠲᠤ 26 ᠪᠣᠶ᠃ ᠰᠠᠭᠤᠭᠠᠯᠢ ᠠᠷᠠᠳ ᠣᠶᠢᠷ᠎ᠠ ᠬᠠᠪᠢ ᠳᠠᠬᠢ ᠸᠠᠺᠼᠢᠨ ᠤ ᠲᠠᠷᠢᠯᠭ᠎ᠠ ᠶᠢᠨ ᠴᠡᠭ ᠲᠤ ᠪᠠᠨ ᠬᠦᠷᠴᠦ ᠲᠠᠷᠢᠯᠭ᠎ᠠ ᠬᠢᠵᠦ ᠪᠣᠯᠤᠨ᠎ᠠ᠂ ᠸᠠᠺᠼᠢᠨ ᠤ ᠵᠠᠷᠤᠳᠠᠯ ᠪᠠ ᠲᠠᠷᠢᠯᠭ᠎ᠠ ᠶᠢᠨ ᠦᠢᠯᠡᠴᠢᠯᠡᠭᠡᠨ ᠤ ᠵᠠᠷᠤᠳᠠᠯ ᠢ ᠴᠥᠮ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠠᠴᠠ ᠲᠣᠬᠢᠷᠠᠭᠤᠯᠤᠨ᠎ᠠ᠃        ᠬᠤᠩᠱᠠᠨ ᠲᠣᠭᠤᠷᠢᠭ ᠤᠨ ᠰᠠᠭᠤᠭᠠᠯᠢ ᠠᠷᠠᠳ ᠬᠥᠭᠦᠷᠭᠡᠨ ᠠᠷᠤ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠴᠢᠯᠥᠭᠡᠯᠡᠯᠲᠡ ᠵᠡᠭᠡᠯᠢ ᠶᠢᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠸᠧᠨ ᠵᠦᠩ ᠪᠠᠯᠭᠠᠰᠤᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠵᠡᠷᠭᠡ 15 ᠸᠠᠺᠼᠢᠨ ᠤ ᠲᠠᠷᠢᠯᠭ᠎ᠠ ᠶᠢᠨ ᠴᠡᠭ ᠲᠤ ᠬᠦᠷᠴᠦ ᠲᠠᠷᠢᠯᠭ᠎ᠠ ᠬᠢᠵᠦ ᠪᠣᠯᠤᠨ᠎ᠠ᠃ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠪᠦᠬᠦᠯᠢ ᠡᠳᠦᠷ ᠢᠶᠠᠷ ᠲᠠᠷᠢᠯᠭ᠎ᠠ ᠶᠢᠨ ᠦᠢᠯᠡᠴᠢᠯᠡᠭᠡ ᠲᠠᠢ ᠪᠠᠶᠢᠵᠤ᠂ ᠪᠤᠰᠤᠳ ᠨᠢᠭᠡᠴᠡ ᠨᠦᠭᠦᠳ ᠨᠢ ᠡᠳᠦᠷ ᠪᠦᠷᠢ ᠶᠢᠨ ᠦᠳᠡ ᠶᠢᠨ ᠬᠤᠶᠢᠨ᠎ᠠ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠦᠢᠯᠡᠴᠢᠯᠡᠭᠡ ᠬᠠᠩᠭᠠᠨ᠎ᠠ᠃ ᠬᠥᠳᠡᠭᠡ ᠲᠣᠰᠬᠤᠨ ᠤ ᠭᠠᠵᠠᠷ ᠣᠷᠣᠨ ᠳᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠠᠴᠠ ᠲᠠᠷᠢᠯᠭ᠎ᠠ ᠶᠢᠨ ᠭᠠᠵᠠᠷ ᠭᠠᠷᠭᠠᠬᠤ ᠪᠤᠶᠤ ᠲᠠᠷᠢᠯᠭ᠎ᠠ ᠶᠢᠨ ᠠᠵᠢᠯᠲᠠᠨ ᠲᠣᠮᠢᠯᠠᠵᠤ ᠡᠯ᠎ᠡ ᠭᠠᠴᠠᠭᠠᠨ ᠳᠤ ᠲᠠᠷᠢᠯᠭ᠎ᠠ ᠶᠢᠨ ᠦᠢᠯᠡᠴᠢᠯᠡᠭᠡ ᠶᠢ ᠲᠣᠭᠤᠷᠢᠨ ᠬᠠᠩᠭᠠᠯᠭᠠᠨ᠎ᠠ᠃          ᠰᠦᠩᠱᠠᠨ ᠲᠣᠭᠤᠷᠢᠭ ᠤᠨ ᠰᠠᠭᠤᠭᠠᠯᠢ ᠠᠷᠠᠳ ᠬᠤᠲᠠ ᠶᠢᠨ ᠡᠮᠡᠭᠲᠡᠶᠢᠴᠦᠳ ᠤᠨ ᠡᠮᠨᠡᠯᠭᠡ ᠶᠢᠨ ᠬᠤᠷᠢᠶ᠎ᠠ᠂ ᠰᠦᠩᠱᠠᠨ ᠡᠮᠨᠡᠯᠭᠡ ᠶᠢᠨ ᠬᠤᠷᠢᠶ᠎ᠠ᠂ ᠰᠦᠩᠱᠠᠨ ᠲᠣᠭᠤᠷᠢᠭ ᠤᠨ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠵᠡᠷᠭᠡ 26 ᠸᠠᠺᠼᠢᠨ ᠤ ᠲᠠᠷᠢᠯᠭ᠎ᠠ ᠶᠢᠨ ᠴᠡᠭ ᠲᠤ ᠬᠦᠷᠴᠦ ᠲᠠᠷᠢᠯᠭ᠎ᠠ ᠬᠢᠵᠦ ᠪᠣᠯᠤᠨ᠎ᠠ᠃    
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号