| | ︵2021 ᠣᠨ ᠤ 7 ᠰᠠᠷ᠎ᠠ ᠶᠢᠨ 6 ᠤ ᠡᠳᠦᠷ᠂ ᠪᠡᠭᠡᠵᠢᠩ ᠳᠤ︶ ᠳᠤᠮᠳᠠᠳᠤ ᠤᠯᠤᠰ ᠤᠨ ᠡᠪ ᠬᠠᠮᠳᠦ | ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ | ᠰᠢ ᠶᠢᠨ ᠫᠢᠩ | ᠡᠷᠬᠢᠮ ᠬᠦᠨᠳᠦᠲᠦ ᠲᠥᠷᠥ ᠶᠢᠨ ᠨᠠᠮ ᠤᠨ ᠤᠳᠤᠷᠢᠳᠬᠤ ᠬᠥᠮᠦᠰ ᠡ᠂ ᠠᠪᠠᠭ᠋ᠠᠢ ᠨᠠᠷ᠂ ᠠᠪᠤᠭᠠᠢ ᠨᠠᠷ᠂ ᠨᠠᠶᠢᠵᠠ ᠨᠠᠷ ᠡ᠄ | ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢᠨ ᠲᠠᠰᠢᠷᠠᠮ ᠢᠶᠠᠷ᠂ | 160 ᠭᠠᠷᠤᠢ ᠤᠯᠤᠰ ᠠᠴᠠ ᠬᠦᠷᠦᠯᠴᠡᠨ ᠢᠷᠡᠭᠰᠡᠨ 500 ᠭᠠᠷᠤᠢ ᠲᠦᠷᠦ ᠶᠢᠨ ᠨᠠᠮ ᠪᠣᠯᠤᠨ ᠤᠯᠤᠰ ᠲᠦᠷᠦ ᠶᠢᠨ | ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠥᠮᠦᠰ᠂ ᠲᠦᠷᠦ ᠶᠢᠨ ᠨᠠᠮ ᠪᠣᠯᠤᠨ ᠡᠯ᠎ᠡ ᠡᠲᠡᠭᠡᠳ ᠤᠨ ᠲᠦᠮᠡ ᠭᠠᠷᠤᠢ | ᠲᠥᠯᠥᠭᠡᠯᠡᠭᠴᠢᠳ ᠲᠠᠢ ᠬᠠᠮᠲᠤ ︽ᠡᠭᠦᠯᠡᠨ ᠲᠠᠪᠴᠠᠩ︾ ᠳᠤ ᠴᠤᠭᠯᠠᠷᠠᠵᠤ᠂ ︽ᠠᠷᠠᠳ ᠲᠦᠮᠡᠨ ᠳᠤ ᠵᠣᠯ ᠵᠢᠷᠭᠠᠯ | ᠡᠳ᠋ᠯᠡᠭᠦᠯᠬᠦ ᠪᠤᠯᠤᠨ ᠲᠦᠷᠦ ᠶᠢᠨ ᠨᠠᠮ ᠤᠨ ᠬᠠᠷᠢᠭᠤᠴᠠᠯᠭ᠎ᠠ︾ ᠭᠡᠬᠦ ᠡᠨᠡ ᠬᠦ ᠴᠢᠬᠤᠯᠠ ᠶᠡᠭᠡ ᠰᠡᠳᠦᠪ ᠢ ᠰᠤᠳᠤᠯᠤᠨ | ᠶᠠᠷᠢᠯᠴᠠᠬᠤ ᠪᠤᠯᠤᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃ ᠤᠢᠢᠷ᠎ᠠ ᠶᠢᠨ ᠬᠤᠭᠤᠴᠠᠭᠠᠨ ᠳᠤ᠂ 170 ᠭᠠᠷᠤᠢ | ᠤᠯᠤᠰ ᠤᠨ 600 ᠭᠠᠷᠤᠢ ᠲᠦᠷᠦ ᠶᠢᠨ ᠨᠠᠮ ᠪᠣᠯᠤᠨ ᠤᠯᠤᠰ ᠲᠦᠷᠦ ᠶᠢᠨ ᠵᠣᠬᠢᠶᠠᠨ ᠪᠠᠶᠢᠭᠤᠯᠤᠯᠲᠠ ᠨᠤᠭᠤᠳ ᠳᠤᠮᠳᠠᠳᠤ | ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠳᠤ ᠲᠤᠬᠠᠢ 1500 ᠭᠠᠷᠤᠢ ᠬᠤᠪᠢ ᠪᠠᠶᠠᠷ ᠤᠨ | ᠴᠠᠬᠢᠯᠭᠠᠨ ᠴᠢᠮᠡᠭᠡ ᠪᠠᠶᠠᠷ ᠤᠨ ᠵᠠᠬᠢᠳᠠᠯ ᠢᠯᠡᠭᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠳᠤ ᠨᠥᠬᠦᠷᠰᠡᠭ ᠰᠡᠳᠬᠢᠯᠭᠡ | ᠪᠣᠯᠤᠨ ᠰᠠᠶᠢᠨ ᠰᠠᠶᠢᠬᠠᠨ ᠬᠦᠰᠡᠯ ᠵᠥᠩᠨᠡᠯ ᠢᠶᠠᠨ ᠢᠯᠡᠳᠬᠡᠪᠡ᠃ ᠪᠢ ᠳᠤᠮᠳᠠᠳᠤ ᠤᠯᠤᠰ ᠤᠨ ᠡᠪ ᠬᠠᠮᠲᠤ ᠨᠠᠮ ᠤᠨ | ᠡᠮᠦᠨ᠎ᠡ ᠠᠴᠠ ᠲᠠ ᠤᠯᠠᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕ | ᠬᠡᠳᠦᠨ ᠡᠳᠦᠷ ᠤᠨ ᠡᠮᠦᠨ᠎ᠡ᠂ ᠪᠢᠳᠡ ᠶᠡᠭᠡ ᠬᠤᠷᠠᠯ ᠬᠢᠵᠦ᠂ ᠳᠤᠮᠳᠠᠳᠤ ᠤᠯᠤᠰ ᠤᠨ ᠡᠪ ᠬᠠᠮᠲᠤ ᠨᠠᠮ | ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠪᠡ᠃ 100 ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ | ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠦᠷᠭᠦᠯᠵᠢᠯᠡᠨ ᠲᠡᠮᠡᠴᠡᠵᠦ᠂ ᠳᠤᠮᠳᠠᠳᠤ ᠶᠢᠨ | ᠦᠨᠳᠦᠰᠦᠲᠡᠨ ᠤ ᠪᠣᠰᠴᠤ ᠵᠣᠭᠰᠣᠭᠰᠠᠨ ᠪᠠ ᠪᠠᠶᠠᠵᠢᠭᠰᠠᠨ ᠠᠴᠠ ᠪᠠᠨ ᠬᠦᠴᠦᠷᠬᠡᠭᠵᠢᠭᠰᠡᠨ ᠠᠭᠤᠤ ᠶᠡᠭᠡ ᠦᠰᠦᠷᠦᠯᠲᠡ ᠶᠢ | ᠤᠭᠲᠤᠨ ᠠᠪᠴᠢᠷᠠᠪᠠ᠃ 100 ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ | ᠠᠷᠠᠳ ᠲᠦᠮᠡᠨ ᠪᠣᠯᠤᠨ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠲᠠᠢ ᠬᠤᠪᠢ ᠵᠠᠶᠠᠭ᠎ᠠ ᠪᠠᠨ ᠬᠠᠮᠲᠤᠳᠬᠠᠬᠤ ᠶᠢ | ᠪᠠᠷᠢᠮᠲᠠᠯᠠᠵᠤ᠂ ᠳᠡᠯᠡᠬᠡᠢ ᠶᠢᠨ ᠶᠡᠭᠡ ᠲᠠᠯ᠎ᠠ ᠪᠣᠯᠤᠨ ᠴᠠᠭ ᠦᠶ᠎ᠡ ᠶᠢᠨ ᠤᠷᠤᠰᠬᠠᠯ ᠳᠤᠮᠳᠠ ᠳᠤᠮᠳᠠᠳᠤ ᠤᠯᠤᠰ ᠤᠨ | ᠬᠥᠭᠵᠢᠯᠲᠡ ᠶᠢᠨ ᠤᠷᠤᠭᠰᠢᠯᠠᠬᠤ ᠴᠢᠭᠯᠡᠯ ᠢ ᠡᠵᠡᠮᠳᠡᠵᠦ᠂ ᠡᠯ᠎ᠡ ᠤᠯᠤᠰ ᠤᠨ ᠬᠠᠮᠲᠤ ᠶᠢᠨ ᠬᠥᠭᠵᠢᠯ ᠴᠡᠴᠡᠭᠯᠡᠯ ᠢ ᠠᠬᠢᠭᠤᠯᠪᠠ | ᠃ | ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ ᠤᠨ ᠠᠷᠠᠳ ᠲᠦᠮᠡᠨ ᠤ ᠣᠯᠤᠭᠰᠠᠨ | ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠨᠢ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠤ ᠬᠦᠴᠦᠲᠡᠢ | ᠳᠡᠮᠵᠢᠯᠭᠡ ᠠᠴᠠ ᠰᠠᠯᠵᠤ ᠴᠢᠳᠠᠬᠤ ᠦᠭᠡᠢ ᠶᠤᠮ᠃ ᠠᠳᠡ ᠪᠢ ᠳᠤᠮᠳᠠᠳᠤ ᠤᠯᠤᠰ ᠤᠨ ᠡᠪ ᠬᠠᠮᠲᠤ ᠨᠠᠮ ᠪᠠ ᠳᠤᠮᠳᠠᠳᠤ | ᠤᠯᠤᠰ ᠤᠨ ᠠᠷᠠᠳ ᠲᠦᠮᠡᠨ ᠤ ᠡᠮᠦᠨ᠎ᠡ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠪᠠ ᠳᠤᠮᠳᠠᠳᠤ ᠤᠯᠤᠰ ᠤᠨ | ᠬᠤᠪᠢᠰᠬᠠᠯ᠂ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠦᠢᠯᠡᠰ ᠢ ᠬᠠᠯᠠᠮᠵᠢᠯᠠᠨ ᠳᠡᠮᠵᠢᠵᠦ ᠬᠠᠪᠰᠤᠷᠤᠭᠰᠠᠨ ᠡᠯ᠎ᠡ | ᠤᠯᠤᠰ ᠤᠨ ᠲᠦᠷᠦ ᠶᠢᠨ ᠨᠠᠮ᠂ ᠠᠷᠠᠳ ᠲᠦᠮᠡᠨ ᠪᠠ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ | ᠳᠡᠪᠰᠢᠭᠦᠯᠦᠶ᠎ᠡ︕ | ᠠᠪᠠᠭ᠋ᠠᠶ ᠨᠠᠷ᠂ ᠠᠪᠤᠭᠠᠶ ᠨᠠᠷ᠂ ᠨᠠᠶᠢᠵᠠ ᠨᠠᠷ ᠡ︕ | ᠣᠳᠣᠬᠠᠨ ᠤ ᠳᠡᠯᠡᠬᠡᠢ ᠶᠢᠷᠲᠢᠨᠴᠦ ᠶᠠᠭ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ | ᠥᠩᠭᠡᠷᠡᠭᠡᠵᠦ᠂ ᠳᠡᠯᠡᠬᠡᠢ ᠶᠢᠨ ᠤᠯᠠᠨ ᠲᠦᠢᠯᠵᠢᠯ᠂ ᠠᠵᠤ ᠠᠬᠤᠢ ᠶᠢᠨ ᠳᠡᠯᠡᠬᠡᠶᠢᠵᠢᠯ ᠨᠢ ᠭᠦᠨᠵᠡᠭᠡᠢ ᠬᠤᠪᠢᠷᠠᠯᠲᠠ ᠶᠢᠨ | ᠳᠤᠮᠳᠠ ᠣᠷᠣᠰᠢᠵᠤ᠂ ᠡᠯ᠎ᠡ ᠤᠯᠤᠰ ᠬᠠᠷᠢᠯᠴᠠᠵᠦ᠂ ᠲᠦᠰᠢᠯᠴᠡᠵᠦ᠂ ᠨᠥᠯᠥᠭᠡᠯᠡᠯᠴᠡᠬᠦ ᠨᠢ ᠨᠡᠩ ᠨᠢᠭᠲᠠ ᠪᠣᠯᠵᠠᠢ᠃ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠥᠷᠢᠰᠥᠯᠳᠦᠭᠡᠨ ᠢ ᠠᠷᠭᠠᠴᠡᠭᠠᠵᠤ᠂ ᠠᠵᠤ ᠠᠬᠤᠶ ᠶᠢᠨ | ᠰᠡᠷᠭᠦᠯᠲᠡ ᠶᠢ ᠠᠬᠢᠭᠤᠯᠤᠨ᠂ ᠳᠡᠯᠡᠬᠡᠶ ᠶᠢᠨ ᠲᠣᠭᠲᠠᠭᠤᠨ ᠢ ᠬᠠᠮᠠᠭᠠᠯᠠᠬᠤ ᠶᠢᠨ ᠲᠥᠯᠥᠭᠡ᠂ ᠳᠡᠯᠡᠬᠡᠶ ᠨᠡᠶᠢᠭᠡᠮ ᠢᠶᠠᠷ ᠢᠶᠠᠨ | ᠰᠢᠷᠭᠠᠭᠤ ᠬᠠᠲᠠᠭᠤᠵᠢᠯᠲᠠᠶ ᠴᠢᠷᠮᠠᠶᠢᠯᠭ᠎ᠠ ᠭᠠᠷᠭᠠᠵᠤ᠂ ᠡᠯ᠎ᠡ ᠤᠯᠤᠰ ᠤᠨ ᠲᠥᠷᠥ ᠶᠢᠨ ᠨᠠᠮ ᠢᠳᠡᠪᠬᠢᠲᠡᠶ ᠰᠦᠪᠡᠭᠴᠢᠯᠡᠯᠳᠡ | ᠬᠢᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠢᠯᠡᠷᠡᠭᠦᠯᠪᠡ᠃ ᠡᠭᠦᠨ ᠤ ᠬᠠᠮᠲᠤ᠂ ᠵᠠᠷᠢᠮ ᠭᠠᠵᠠᠷ ᠣᠷᠣᠨ ᠤ ᠲᠠᠶᠢᠨ ᠳᠠᠵᠢᠨ | ᠪᠠ ᠮᠥᠷᠭᠦᠯᠳᠦᠭᠡᠨ ᠮᠥᠨ ᠯᠡ ᠦᠷᠭᠦᠯᠵᠢᠯᠡᠵᠦ᠂ ᠥᠯᠥᠰᠬᠦᠯᠡᠩ ᠭᠠᠴᠢᠭ ᠪᠠ ᠡᠪᠡᠳᠴᠢᠨ ᠡᠮᠭᠡᠭ ᠮᠥᠨ ᠯᠡ ᠳᠡᠯᠭᠡᠷᠡᠵᠦ᠂ | ᠵᠠᠪᠰᠠᠷᠳᠠᠯ ᠪᠠ ᠡᠰᠡᠷᠭᠦᠴᠡᠯᠳᠦᠯ ᠮᠥᠨ ᠯᠡ ᠭᠦᠨᠵᠡᠭᠡᠶᠢᠷᠡᠵᠦ᠂ ᠡᠯ᠎ᠡ ᠤᠯᠤᠰ ᠤᠨ ᠠᠷᠠᠳ ᠲᠦᠮᠡᠨ ᠤ ᠵᠣᠯ ᠵᠢᠷᠭᠠᠯᠲᠤ | ᠠᠮᠢᠳᠤᠷᠠᠯ ᠢ ᠬᠥᠭᠡᠭᠡᠴᠡᠯᠳᠦᠬᠦ ᠬᠦᠰᠡᠯ ᠱᠠᠭᠠᠷᠳᠠᠯᠭ᠎ᠠ ᠨᠡᠩ ᠴᠢᠩᠭ᠎ᠠ ᠪᠤᠯᠵᠤ ᠪᠠᠶᠢᠨ᠎ᠠ᠃ | ᠥᠨᠥᠳᠦᠷ᠂ ᠬᠥᠮᠦᠨ ᠲᠥᠷᠥᠯᠬᠢᠲᠡᠨ ᠤ ᠨᠡᠶᠢᠭᠡᠮ ᠶᠠᠮᠠᠷ ᠵᠠᠮ ᠢᠶᠠᠷ ᠶᠠᠪᠤᠵᠤ ᠬᠡᠷᠬᠢᠨ ᠴᠢᠷᠮᠠᠶᠢᠬᠤ ᠲᠡᠦᠬᠡ ᠶᠢᠨ | ᠴᠠᠭ ᠥᠶ᠎ᠠ ᠳᠤ ᠳᠠᠬᠢᠨᠲᠠ ᠬᠥᠷᠴᠤ ᠢᠷᠡᠪᠡ᠂ ᠳᠠᠶᠢᠰᠤᠩᠨᠠᠨ ᠡᠰᠡᠷᠭᠦᠴᠡᠯᠳᠦᠬᠦ ᠶᠤᠮ ᠦᠦ ᠬᠠᠷᠢᠯᠴᠠᠨ ᠬᠦᠨᠳᠦᠳᠬᠡᠬᠦ ᠶᠤᠮ | ᠦᠦ︖ ᠪᠢᠲᠡᠭᠦᠮᠵᠢᠯᠡᠨ ᠬᠠᠷᠢᠴᠠᠭ᠎ᠠ ᠪᠠᠨ ᠲᠠᠰᠤᠯᠬᠤ ᠶᠤᠮ ᠦᠦ ᠡᠰᠡᠬᠦᠯ᠎ᠡ ᠨᠡᠭᠡᠭᠡᠯᠲᠡ ᠬᠢᠵᠦ ᠬᠠᠮᠲᠤᠷᠠᠯᠴᠠᠬᠤ ᠶᠤᠮ ᠦᠦ︖ | ᠡᠪᠰᠡᠯ ᠦᠭᠡᠢ ᠲᠡᠮᠡᠴᠡᠯᠳᠦᠬᠦ ᠶᠤᠮ ᠦᠦ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠶᠤᠮ ᠦᠦ︖ ᠰᠣᠩᠭᠤᠯᠲᠠ | ᠮᠠᠨ ᠤ ᠭᠠᠷ ᠲᠤ ᠪᠠᠶᠢᠨ᠎ᠠ᠂ ᠬᠠᠷᠢᠭᠤᠴᠠᠯᠭ᠎ᠠ ᠪᠢᠳᠡᠨ ᠤ ᠮᠥᠷᠥᠨ ᠳᠡᠭᠡᠷ᠎ᠡ ᠲᠠᠯᠪᠢᠬᠳᠠᠵᠦ ᠪᠠᠶᠢᠨ᠎ᠠ᠃ | ᠬᠥᠮᠦᠨ ᠲᠥᠷᠥᠯᠬᠢᠲᠡᠨ ᠪᠣᠯ ᠨᠢᠭᠡᠨ ᠪᠦᠬᠦᠯᠢ ᠴᠣᠭᠴᠠ᠂ ᠳᠡᠯᠡᠬᠡᠶ ᠶᠢᠨ ᠪᠥᠮᠪᠥᠷᠴᠡᠭ ᠪᠣᠯ ᠨᠢᠭᠡᠨ ᠭᠡᠷ ᠣᠷᠣᠨ | ᠮᠥᠨ᠃ ᠬᠠᠮᠲᠤ ᠶᠢᠨ ᠥᠷᠢᠰᠥᠯᠳᠦᠭᠡᠨ ᠤ ᠡᠮᠦᠨ᠎ᠡ᠂ ᠶᠠᠮᠠᠷᠪᠠ ᠬᠥᠮᠦᠨ ᠶᠠᠮᠠᠷᠪᠠ ᠤᠯᠤᠰ ᠭᠡᠳ ᠴᠥᠮ ᠬᠤᠪᠢ ᠪᠠᠨ | ᠪᠤᠳᠤᠭᠠᠳ ᠪᠤᠰᠤᠳ ᠢ ᠬᠠᠶᠢᠬᠤᠷᠬᠤ ᠦᠭᠡᠢ ᠪᠠᠶᠢᠵᠤ ᠴᠢᠳᠠᠬᠤ ᠦᠭᠡᠢ ᠶᠤᠮ᠂ ᠬᠥᠮᠦᠨ ᠲᠥᠷᠥᠯᠬᠢᠲᠡᠨ ᠳᠤ ᠰᠡᠳᠬᠢᠯ | ᠨᠢᠭᠡᠳᠦᠨ ᠬᠦᠴᠦ ᠪᠠᠨ ᠬᠠᠮᠲᠤᠳᠬᠠᠵᠤ᠂ ᠡᠶ᠎ᠡ ᠨᠠᠶᠢᠷᠲᠠᠢ ᠪᠠᠷ ᠬᠠᠮᠲᠤ ᠣᠷᠣᠰᠢᠬᠤ ᠭᠠᠭᠴᠠᠬᠠᠨ ᠯᠠ ᠵᠠᠮ ᠪᠠᠶᠢᠳᠠᠭ᠃ | ᠲᠦᠷᠦ ᠶᠢᠨ ᠨᠠᠮ ᠨᠢ ᠬᠥᠮᠦᠨ ᠲᠥᠷᠥᠯᠬᠢᠲᠡᠨ ᠤ ᠲᠠᠪᠰᠢᠯᠳᠠ ᠶᠢ ᠠᠬᠢᠭᠤᠯᠬᠤ ᠴᠢᠬᠤᠯᠠ ᠬᠦᠴᠦᠨ ᠪᠣᠯᠤᠭᠰᠠᠨ ᠤ | ᠬᠤᠪᠢ ᠳᠤ᠂ ᠵᠥᠪ ᠤᠷᠤᠭᠰᠢᠯᠠᠬᠤ ᠴᠢᠭᠯᠡᠯ ᠢ ᠪᠠᠷᠢᠮᠳᠠᠯᠠᠨ᠂ ᠠᠷᠠᠳ ᠲᠦᠮᠡᠨ ᠳᠤ ᠵᠣᠯ ᠵᠢᠷᠭᠠᠯ ᠡᠳ᠋ᠯᠡᠭᠦᠯᠬᠦ᠂ ᠬᠥᠮᠦᠨ | ᠲᠥᠷᠥᠯᠬᠢᠲᠡᠨ ᠤ ᠲᠠᠪᠰᠢᠯᠳᠠ ᠶᠢ ᠪᠡᠶᠡᠯᠡᠭᠦᠯᠬᠦ ᠲᠡᠦᠬᠡᠲᠦ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ ᠮᠢᠨᠦ ᠦᠵᠡᠬᠦ ᠪᠠᠷ | ᠲᠦᠷᠦ ᠶᠢᠨ ᠨᠠᠮ ᠳᠣᠣᠷᠠᠬᠢ ᠬᠡᠳᠦᠨ ᠵᠦᠢᠯ ᠢ ᠴᠢᠷᠮᠠᠶᠢᠨ ᠪᠡᠶᠡᠯᠡᠭᠦᠯᠪᠡᠯ ᠵᠤᠬᠢᠨ᠎ᠠ᠃ | ᠨᠢᠭᠡᠳᠦᠭᠡᠷ ᠲᠤ᠂ ᠪᠢᠳᠠ ᠴᠢᠭᠯᠡᠯ ᠢ ᠬᠦᠳᠦᠯᠦᠨ ᠳᠠᠭᠠᠭᠤᠯᠬᠤ ᠬᠠᠷᠢᠭᠤᠴᠠᠯᠭ᠎ᠠ ᠶᠢ ᠡᠭᠦᠷᠭᠡᠯᠡᠵᠦ᠂ ᠬᠥᠮᠦᠨ | ᠲᠥᠷᠥᠯᠬᠢᠲᠡᠨ ᠤ ᠬᠠᠮᠲᠤ ᠶᠢᠨ ᠢᠷᠡᠭᠡᠳᠦᠢ ᠶᠢ ᠡᠵᠡᠮᠳᠡᠨ ᠴᠣᠭᠴᠠᠯᠠᠶ᠎ᠠ᠃ ᠠᠷᠠᠳ ᠲᠦᠮᠡᠨ ᠪᠠᠶᠠᠨ ᠴᠢᠨᠡᠭᠡᠯᠢᠭ ᠠᠮᠤᠷ | ᠠᠮᠤᠭᠤᠯᠠᠩ ᠢ ᠬᠦᠰᠡᠨ ᠡᠷᠡᠮᠡᠯᠵᠡᠵᠦ᠂ ᠲᠥᠪ ᠭᠤᠣᠯᠴᠢ ᠰᠢᠳᠤᠷᠭᠤ ᠶᠣᠰᠣ ᠶᠢ ᠬᠦᠰᠡᠨ ᠡᠷᠡᠮᠡᠯᠵᠡᠳᠡᠭ ᠶᠤᠮ᠃ ᠶᠡᠭᠡ ᠴᠠᠭ | ᠦᠶ᠎ᠡ ᠳᠤ ᠶᠡᠭᠡ ᠪᠠᠶᠢᠷᠢᠰᠢᠯ ᠱᠠᠭᠠᠷᠳᠠᠭᠳᠠᠨ᠎ᠠ᠂ ᠶᠡᠭᠡ ᠪᠠᠶᠢᠷᠢᠰᠢᠯ ᠨᠢ ᠠᠭᠤᠳᠠᠮ ᠪᠠᠭᠳᠠᠭᠠᠮᠵᠢᠳᠠᠢ ᠪᠠᠶᠢᠬᠤ ᠶᠢ ᠤᠷᠢᠶᠠᠯᠠᠨ᠎ᠠ᠃ | ︽ᠦᠪᠡᠷ ᠤᠨ ᠤᠯᠤᠰ ᠢᠶᠠᠨ ᠤᠷᠢᠳ ᠢᠶᠠᠷ ᠪᠤᠳᠤᠯᠬᠢᠯᠠᠬᠤ︾ ᠡᠭᠦᠳᠡᠨ ᠠᠴᠠ ᠦᠵᠡᠪᠡᠯ᠂ ᠳᠡᠯᠡᠬᠡᠢ ᠶᠢᠷᠲᠢᠨᠴᠦ ᠪᠣᠯ | ᠢᠪᠴᠤᠤ ᠴᠢᠬᠤᠯ ᠪᠠᠶᠢᠵᠤ᠂ ᠴᠠᠭ ᠢᠮᠠᠭᠲᠠ ︽ᠬᠤᠷᠴᠠ ᠰᠢᠷᠦᠭᠦᠨ ᠥᠷᠢᠰᠥᠯᠳᠦᠭᠡᠨ︾ ᠳᠤᠮᠳᠠ ᠤᠷᠤᠰᠢᠵᠤ ᠪᠠᠶᠢᠳᠠᠭ᠃ | ᠬᠤᠪᠢ ᠵᠠᠶᠠᠭ᠎ᠠ ᠪᠠᠨ ᠬᠠᠮᠲᠤᠳᠬᠠᠬᠤ ᠡᠭᠦᠳᠡᠨ ᠠᠴᠠ ᠦᠵᠡᠪᠡᠯ᠂ ᠳᠡᠯᠡᠬᠡᠢ ᠶᠢᠷᠲᠢᠨᠴᠦ ᠪᠣᠯ ᠥᠷᠭᠡᠨ ᠠᠭᠤᠳᠠᠮ ᠪᠠᠶᠢᠵᠦ᠂ | ᠭᠠᠵᠠᠷ ᠪᠣᠯᠭᠠᠨ ᠳᠤ ᠴᠥᠮ ᠬᠠᠮᠲᠤᠷᠠᠯᠴᠠᠭ᠎ᠠ ᠬᠢᠬᠦ ᠠᠵᠠ ᠲᠣᠬᠢᠶᠠᠯ ᠲᠠᠢ ᠪᠠᠶᠢᠭ᠎ᠠ ᠶᠤᠮ᠃ ᠪᠢᠳᠡ ᠠᠷᠠᠳ ᠲᠦᠮᠡᠨ ᠤ | ᠬᠦᠰᠡᠯ ᠰᠠᠨᠠᠭ᠎ᠠ ᠶᠢ ᠰᠣᠨᠣᠰᠴᠤ᠂ ᠴᠠᠭ ᠦᠶ᠎ᠡ ᠶᠢᠨ ᠤᠷᠤᠰᠬᠠᠯ ᠳᠤ ᠵᠤᠬᠢᠴᠠᠨ᠂ ᠡᠯ᠎ᠡ ᠤᠯᠤᠰ ᠤᠨ ᠬᠢᠨ ᠵᠣᠬᠢᠴᠠᠭᠤᠯᠭ᠎ᠠ | ᠪᠠ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠠᠬᠢᠭᠤᠯᠵᠤ᠂ ᠲᠤᠰ ᠤᠯᠤᠰ ᠤᠨ ᠢᠶᠠᠨ ᠠᠷᠠᠳ ᠲᠦᠮᠡᠨ ᠤ ᠠᠰᠢᠭ | ᠲᠤᠰᠠ ᠶᠢ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠤ ᠠᠰᠢᠭ ᠲᠤᠰᠠ ᠲᠠᠢ ᠨᠢᠭᠡᠳᠬᠡᠵᠦ᠂ ᠬᠥᠮᠦᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠴᠢᠭᠯᠡᠯ ᠲᠡᠶᠢᠰᠢ ᠤᠷᠤᠭᠰᠢᠯᠠᠶ᠎ᠠ᠃ | ᠬᠤᠶᠠᠳᠤᠭᠠᠷ ᠲᠤ᠂ ᠪᠢᠳᠡ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠬᠠᠷᠢᠭᠤᠴᠠᠯᠭ᠎ᠠ ᠶᠢ ᠡᠭᠦᠷᠭᠡᠯᠡᠵᠦ᠂ ᠪᠦᠬᠦ | ᠬᠥᠮᠦᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠲᠤ ᠰᠠᠬᠢᠨ ᠪᠠᠳᠠᠷᠠᠭᠤᠯᠤᠶ᠎ᠠ᠃ ᠡᠯ᠎ᠡ ᠤᠯᠤᠰ ᠤᠨ ᠲᠡᠦᠬᠡ᠂ ᠰᠣᠶᠣᠯ᠂ | ᠪᠠᠶᠢᠭᠤᠯᠤᠯ᠂ ᠬᠥᠭᠵᠢᠯᠲᠡ ᠶᠢᠨ ᠲᠦᠪᠰᠢᠨ ᠨᠢ ᠠᠳᠠᠯᠢ ᠦᠭᠡᠢ ᠪᠣᠯᠪᠠᠴᠤ ᠡᠯ᠎ᠡ ᠤᠯᠤᠰ ᠤᠨ ᠠᠷᠠᠳ ᠲᠦᠮᠡᠨ ᠴᠥᠮ | ᠡᠩᠬᠡ ᠲᠠᠶᠢᠪᠤᠩ᠂ ᠬᠥᠭᠵᠢᠯᠲᠡ᠂ ᠲᠥᠪ ᠭᠤᠣᠯᠴᠢ᠂ ᠰᠢᠳᠤᠷᠭᠤ ᠶᠣᠰᠣ᠂ ᠠᠷᠠᠳᠴᠢᠯᠠᠯ᠂ ᠡᠷᠬᠡ ᠴᠢᠯᠥᠭᠡ ᠵᠡᠷᠭᠡ ᠪᠦᠬᠦ | ᠬᠥᠮᠦᠨ ᠲᠥᠷᠥᠯᠬᠢᠲᠡᠨ ᠤ ᠬᠠᠮᠲᠤ ᠶᠢᠨ ᠦᠷᠳᠡᠭ ᠢ ᠬᠥᠭᠡᠭᠡᠴᠡᠯᠳᠦᠳᠡᠭ ᠶᠤᠮ᠃ ᠪᠢᠳᠡ ᠬᠥᠮᠦᠨ ᠲᠥᠷᠥᠯᠬᠢᠲᠡᠨ ᠤ | ᠢᠷᠡᠭᠡᠳᠦᠢ ᠬᠤᠪᠢ ᠵᠠᠶᠠᠭ᠎ᠠ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠪᠦᠬᠦ ᠬᠥᠮᠦᠨ ᠲᠥᠷᠥᠯᠬᠢᠲᠡᠨ ᠤ | ᠬᠠᠮᠲᠤ ᠶᠢᠨ ᠦᠷᠲᠡᠭ ᠤᠨ ᠰᠠᠨᠠᠭᠠᠴᠢᠯᠠᠭᠴᠢ ᠪᠤᠯᠵᠤ᠂ ᠦᠷᠲᠡᠭ ᠤᠨ ᠠᠭᠤᠯᠤᠭᠳᠠᠬᠤᠨ ᠤ ᠲᠤᠬᠠᠢ ᠠᠳᠠᠯᠢ ᠪᠤᠰᠤ | ᠪᠣᠯᠪᠠᠰᠤᠨ ᠤ ᠲᠠᠨᠢᠯᠳᠠ ᠶᠢ ᠠᠭᠤᠳᠠᠮ ᠪᠠᠭᠲᠠᠭᠠᠮᠵᠢᠲᠠᠢ ᠪᠠᠷ ᠣᠶᠢᠯᠠᠭᠠᠵᠤ᠂ ᠠᠳᠠᠯᠢ ᠪᠤᠰᠤ ᠤᠯᠤᠰ ᠤᠨ ᠠᠷᠠᠳ ᠲᠦᠮᠡᠨ ᠤ | ᠦᠷᠲᠡᠭ ᠢᠶᠠᠨ ᠪᠡᠶᠡᠯᠡᠭᠦᠯᠬᠦ ᠠᠷᠭ᠎ᠠ ᠵᠠᠮ ᠢ ᠬᠠᠶᠢᠨ ᠰᠦᠪᠡᠭᠴᠢᠯᠡᠬᠦ ᠶᠢ ᠬᠦᠨᠳᠦᠳᠬᠡᠵᠦ᠂ ᠪᠦᠬᠦ ᠬᠥᠮᠦᠨ ᠲᠥᠷᠥᠯᠬᠢᠲᠡᠨ ᠤ | ᠬᠠᠮᠲᠤ ᠶᠢᠨ ᠦᠷᠲᠡᠭ ᠢ ᠲᠤᠰ ᠤᠯᠤᠰ ᠤᠨ ᠢᠶᠠᠨ ᠠᠷᠠᠳ ᠲᠦᠮᠡᠨ ᠤ ᠠᠰᠢᠭ ᠲᠤᠰᠠ ᠶᠢ ᠪᠡᠶᠡᠯᠡᠭᠦᠯᠬᠦ ᠦᠢᠯᠡᠳᠦᠯᠭᠡ ᠳᠤ | ᠪᠣᠳᠠᠲᠠᠢ ᠪᠦᠭᠡᠳ ᠠᠬᠤᠢᠢᠴᠢ ᠪᠠᠷ ᠢᠯᠡᠷᠡᠭᠦᠯᠦᠶᠠ᠃ | ᠭᠤᠷᠪᠠᠳᠤᠭᠠᠷ ᠲᠤ᠂ ᠪᠢᠳᠡ ᠬᠥᠭᠵᠢᠯᠲᠡ ᠶᠢ ᠠᠬᠢᠭᠤᠯᠬᠤ ᠬᠠᠷᠢᠭᠤᠴᠠᠯᠭ᠎ᠠ ᠶᠢ ᠡᠭᠦᠷᠭᠡᠯᠡᠵᠦ᠂ ᠬᠥᠭᠵᠢᠯᠲᠡ ᠶᠢᠨ | ᠦᠷ᠎ᠡ ᠪᠦᠲᠦᠭᠡᠯ ᠢ ᠡᠯ᠎ᠡ ᠤᠯᠤᠰ ᠤᠨ ᠠᠷᠠᠳ ᠲᠦᠮᠡᠨ ᠳᠤ ᠨᠡᠩ ᠤᠯᠠᠨ ᠨᠡᠩ ᠭᠤᠣᠯᠴᠢ ᠪᠠᠷ ᠬᠦᠷᠲᠡᠭᠡᠶ᠎ᠠ᠃ ᠬᠥᠭᠵᠢᠯᠳᠡ | ᠪᠣᠯ ᠠᠷᠠᠳ ᠲᠦᠮᠡᠨ ᠤ ᠵᠣᠯ ᠵᠢᠷᠭᠠᠯ ᠢ ᠪᠡᠶᠡᠯᠡᠭᠦᠯᠬᠦ ᠶᠢᠨ ᠵᠠᠩᠭᠢᠯᠠᠭ᠎ᠠ ᠮᠥᠨ᠃ ᠬᠥᠮᠦᠨ ᠲᠥᠷᠥᠯᠬᠢᠲᠡᠨ ᠤ ᠵᠣᠯ ᠵᠢᠷᠭᠠᠯ ᠢ | ᠬᠥᠭᠡᠭᠡᠴᠡᠯᠳᠦᠬᠦ ᠵᠠᠮ ᠳᠡᠭᠡᠷ᠎ᠡ᠂ ᠨᠢᠭᠡ ᠤᠯᠤᠰ᠂ ᠨᠢᠭᠡ ᠦᠨᠳᠦᠰᠦᠲᠡᠨ ᠢ ᠴᠦ ᠣᠷᠬᠢᠭᠳᠠᠭᠤᠯᠵᠤ ᠪᠣᠯᠬᠤ ᠦᠭᠡᠢ᠃ ᠳᠡᠯᠡᠬᠡᠢ | ᠳᠡᠭᠡᠷᠡᠬᠢ ᠠᠯᠢᠪᠠ ᠤᠯᠤᠰ᠂ ᠠᠯᠢᠪᠠ ᠦᠨᠳᠦᠰᠦᠲᠡᠨ ᠴᠥᠮ ᠬᠥᠭᠵᠢᠯᠲᠡ ᠶᠢᠨ ᠠᠵᠠ ᠲᠣᠬᠢᠶᠠᠯ ᠪᠠ ᠡᠷᠬᠡ ᠶᠢ ᠡᠷᠬᠡ | ᠲᠡᠭᠰᠢ ᠪᠠᠷ ᠡᠳ᠋ᠯᠡᠬᠦ ᠶᠣᠰᠣᠲᠠᠢ ᠶᠤᠮ᠃ ᠪᠢᠳᠠ ᠪᠠᠶᠠᠨ ᠶᠠᠳᠠᠭᠤ ᠶᠢᠨ ᠵᠥᠷᠢᠶ᠎ᠡ᠂ ᠬᠦᠭᠵᠢᠯᠲᠡ ᠶᠢᠨ ᠵᠠᠪᠰᠠᠷ ᠵᠠᠭᠠᠭ ᠵᠡᠷᠭᠡ | ᠴᠢᠬᠤᠯᠠ ᠶᠡᠭᠡ ᠠᠬᠤᠢᠢᠴᠢ ᠠᠰᠠᠭᠤᠳᠠᠯ ᠳᠤ ᠰᠢᠭᠤᠳ ᠬᠠᠨᠳᠤᠵᠤ᠂ ᠬᠥᠭᠵᠢᠭᠡᠳᠦᠢ ᠤᠯᠤᠰ ᠪᠠ ᠭᠠᠵᠠᠷ ᠣᠷᠣᠨ ᠳᠤ | ᠠᠩᠬᠠᠷᠤᠯ ᠢᠶᠠᠨ ᠬᠠᠨᠳᠤᠭᠤᠯᠵᠤ᠂ ᠶᠠᠳᠠᠭᠤ ᠬᠦᠴᠢᠷᠳᠡᠯᠲᠡᠢ ᠤᠯᠠᠨ ᠲᠦᠮᠡᠨ ᠢ ᠬᠠᠶᠢᠷᠠᠯᠠᠨ ᠬᠠᠯᠠᠮᠵᠢᠯᠠᠵᠤ᠂ ᠭᠠᠵᠠᠷ | ᠪᠣᠯᠭᠠᠨ ᠳᠤ ᠬᠦᠰᠡᠯ ᠡᠷᠡᠮᠡᠯᠵᠡᠯ ᠤᠯᠭᠤᠶᠠ᠃ ᠡᠷᠲᠡᠨ ᠤ ᠳᠤᠮᠳᠠᠳᠤ ᠤᠯᠤᠰ ᠤᠨ ᠬᠥᠮᠦᠨ᠄ ︽ᠥᠪᠡᠷ ᠢ ᠪᠠᠨ ᠯᠠ ᠪᠤᠳᠤᠵᠤ | ᠦᠷᠦᠭᠡᠯ ᠢ ᠬᠠᠶᠢᠬᠤᠷᠬᠤ ᠦᠭᠡᠢ ᠪᠤᠯᠪᠠᠰᠤ᠂ ᠤᠯᠠᠨ ᠳᠤ ᠵᠢᠭᠰᠢᠭᠳᠡᠮᠤᠢ︔ ᠦᠪᠡᠷ ᠢ ᠪᠠᠨ ᠤᠮᠠᠷᠳᠠᠵᠦ ᠪᠤᠰᠤᠳ ᠢ | ᠲᠡᠳᠬᠦᠪᠡᠰᠦ᠂ ᠣᠯᠠᠨ ᠳᠤ ᠬᠦᠷᠢᠶᠡᠯᠡᠭᠳᠡᠮᠤᠢ︾ ᠭᠡᠳᠡᠭ᠃ ᠬᠥᠭᠵᠢᠯᠲᠡ ᠪᠣᠯ ᠳᠡᠯᠡᠬᠡᠢ ᠶᠢᠨ ᠡᠯ᠎ᠡ ᠤᠯᠤᠰ ᠤᠨ ᠡᠷᠬᠡ ᠮᠥᠨ᠂ | ᠬᠠᠷᠢᠨ ᠴᠥᠭᠡᠨ ᠲᠣᠭᠠᠨ ᠤ ᠬᠡᠳᠦᠨ ᠤᠯᠤᠰ ᠤᠨ ᠲᠤᠰᠬᠠᠢ ᠠᠰᠢᠭ ᠪᠢᠰᠢ᠃ ᠪᠢᠳᠡ ᠡᠯ᠎ᠡ ᠤᠯᠤᠰ ᠤᠨ ᠬᠥᠭᠵᠢᠯᠲᠡ ᠶᠢᠨ | ᠬᠠᠮᠲᠤᠷᠠᠯᠴᠠᠭ᠎ᠠ ᠪᠠᠨ ᠴᠢᠩᠭᠠᠳᠬᠠᠬᠤ᠂ ᠡᠯ᠎ᠡ ᠤᠯᠤᠰ ᠤᠨ ᠠᠷᠠᠳ ᠲᠦᠮᠡᠨ ᠬᠥᠭᠵᠢᠯᠲᠡ ᠶᠢᠨ ᠦᠷ᠎ᠡ ᠪᠦᠲᠦᠭᠡᠯ ᠢ | ᠬᠠᠮᠲᠤ ᠪᠠᠷ ᠡᠳ᠋ᠯᠡᠬᠦ ᠶᠢ ᠠᠬᠢᠭᠤᠯᠵᠤ᠂ ᠪᠦᠬᠦ ᠪᠥᠮᠪᠥᠷᠴᠡᠭ ᠤᠨ ᠬᠥᠭᠵᠢᠯᠲᠡ ᠶᠢᠨ ᠡᠷᠭᠡ ᠲᠡᠭᠰᠢ ᠴᠢᠨᠠᠷ᠂ ᠪᠦᠲᠦᠮᠵᠢᠲᠦ | ᠴᠢᠨᠠᠷ᠂ ᠬᠠᠮᠵᠢᠯᠴᠠᠬᠤ ᠴᠢᠨᠠᠷ ᠢ ᠳᠡᠭᠡᠭᠰᠢᠯᠡᠭᠦᠯᠵᠦ᠂ ᠶᠠᠮᠠᠷᠪᠠ ᠬᠥᠮᠦᠨ ᠤ ᠮᠡᠷᠭᠡᠵᠢᠯ ᠤᠨ ᠪᠢᠲᠡᠭᠦᠮᠵᠢᠯᠡᠯ ᠬᠢᠬᠦ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠵᠠᠪᠰᠠᠷ ᠵᠠᠭᠠᠭ ᠭᠠᠷᠭᠠᠬᠤ᠂ ᠬᠥᠭᠵᠢᠯᠲᠡ ᠶᠢᠨ ᠬᠠᠷᠢᠴᠠᠭ᠎ᠠ ᠪᠠᠨ ᠲᠠᠰᠤᠯᠬᠤ ᠶᠢ | ᠬᠠᠮᠲᠤ ᠪᠠᠷ ᠡᠰᠡᠷᠭᠦᠴᠡᠶ᠎ᠡ᠃ ᠪᠤᠰᠤᠳ ᠤᠯᠤᠰ ᠤᠨ ᠬᠥᠭᠵᠢᠯᠲᠡ ᠶᠢ ᠬᠠᠷᠰᠢᠯᠠᠬᠤ᠂ ᠪᠤᠰᠤᠳ ᠤᠯᠤᠰ ᠤᠨ ᠠᠷᠠᠳ | ᠲᠦᠮᠡᠨ ᠤ ᠠᠮᠢᠳᠤᠷᠠᠯ ᠢ ᠬᠤᠬᠢᠷᠠᠭᠤᠯᠬᠤ ᠪᠠᠷ ᠰᠥᠷᠳᠡᠬᠦᠯᠦᠭᠰᠡᠨ ᠶᠠᠮᠠᠷᠪᠠ ᠤᠯᠤᠰ ᠲᠦᠷᠦ ᠶᠢᠨ ᠤᠷᠤᠯᠳᠤᠯᠭ᠎ᠠ ᠨᠢ ᠴᠥᠮ | ᠬᠥᠮᠦᠨ ᠤ ᠰᠡᠳᠬᠢᠯ ᠢ ᠤᠯᠬᠤ ᠦᠭᠡᠢ ᠪᠥᠭᠡᠳ ᠡᠴᠦᠰ ᠲᠡᠭᠡᠨ ᠲᠠᠯᠠᠭᠠᠷ ᠪᠣᠯᠤᠨ᠎ᠠ ᠭᠡᠳᠡᠭ ᠢ ᠪᠢ ᠢᠲᠡᠭᠡᠵᠦ ᠪᠠᠶᠢᠨ᠎ᠠ︕ | ᠳᠥᠷᠪᠡᠳᠦᠭᠡᠷ ᠲᠤ᠂ ᠪᠢᠳᠡ ᠬᠠᠮᠲᠤᠷᠠᠯᠴᠠᠭ᠎ᠠ ᠪᠠᠨ ᠴᠢᠩᠭᠠᠳᠬᠠᠬᠤ ᠬᠠᠷᠢᠭᠤᠴᠠᠯᠭ᠎ᠠ ᠶᠢ ᠡᠭᠦᠷᠭᠡᠯᠡᠵᠦ᠂ ᠪᠦᠬᠦ | ᠪᠥᠮᠪᠥᠷᠴᠡᠭ ᠤᠨ ᠴᠢᠨᠠᠷᠲᠠᠢ ᠠᠶᠤᠯ ᠲᠦᠭᠰᠢᠭᠦᠷᠢ ᠪᠣᠯᠤᠨ ᠥᠷᠢᠰᠥᠯᠳᠦᠭᠡᠨ ᠢ ᠭᠠᠷ ᠬᠤᠯᠪᠣᠯᠴᠠᠨ ᠠᠷᠭᠠᠴᠠᠭᠠᠶ᠎ᠠ᠃ ᠮᠥᠨ ᠬᠦ | ᠦᠷᠪᠢᠰᠦᠨ ᠳᠡᠯᠭᠡᠷᠡᠵᠦ ᠪᠠᠶᠢᠭ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠡ᠂ | ᠪᠢᠳᠡ ᠰᠢᠨᠵᠢᠯᠡᠬᠦ ᠤᠬᠠᠭᠠᠨᠴᠢ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠪᠦᠯᠬᠦᠮᠳᠡᠨ ᠬᠠᠮᠲᠤᠷᠠᠯᠴᠠᠬᠤ ᠶᠢ | ᠰᠠᠨᠠᠭᠠᠴᠢᠯᠠᠵᠤ᠂ ︽ᠦᠯᠦ ᠬᠠᠯᠳᠠᠭᠠᠬᠤ ᠴᠢᠳᠠᠪᠤᠷᠢ ᠶᠢᠨ ᠵᠠᠭᠠᠭ ᠵᠠᠪᠰᠠᠷ︾ ᠢ ᠨᠥᠬᠦᠪᠥᠷᠢᠯᠡᠵᠦ᠂ ᠬᠢᠵᠢᠭ ᠢ ᠤᠯᠤᠰ | ᠲᠥᠷᠥᠴᠢᠯᠡᠬᠦ᠂ ᠸᠢᠷᠦ᠋ᠰ ᠲᠤ ᠲᠡᠮᠳᠡᠭ ᠬᠠᠳᠠᠬᠤ ᠶᠢ ᠡᠰᠡᠷᠭᠦᠴᠡᠵᠤ᠂ ᠬᠥᠮᠦᠨ ᠲᠥᠷᠥᠯᠬᠢᠲᠡᠨ ᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠬᠠᠮᠲᠤ ᠴᠣᠭᠴᠠ ᠶᠢ ᠪᠠᠶᠢᠭᠤᠯᠬᠤ ᠶᠢ ᠬᠠᠮᠲᠤ ᠪᠠᠷ ᠠᠬᠢᠭᠤᠯᠤᠶ᠎ᠠ᠃ ᠰᠦᠷᠳᠡᠭᠦᠯᠬᠦ ᠦᠵᠡᠯ ᠵᠡᠷᠭᠡ ᠬᠥᠮᠦᠨ | ᠲᠥᠷᠥᠯᠬᠢᠲᠡᠨ ᠤ ᠬᠠᠮᠲᠤ ᠶᠢᠨ ᠳᠠᠶᠢᠰᠤᠨ ᠤ ᠡᠮᠦᠨ᠎ᠡ᠂ ᠪᠢᠳᠠ ᠬᠠᠮᠲᠤᠷᠠᠯᠴᠠᠭ᠎ᠠ ᠪᠠᠷ ᠠᠮᠤᠷ ᠲᠦᠪᠰᠢᠨ ᠢ ᠡᠷᠢᠯᠭᠢᠯᠡᠵᠤ᠂ | ᠠᠮᠤᠷ ᠲᠦᠪᠰᠢᠨ ᠤ ︽ᠬᠠᠯᠬᠠᠪᠴᠢ︾ ᠶᠢ ᠬᠠᠮᠲᠤ ᠪᠠᠷ ᠰᠠᠶᠢᠲᠤᠷ ᠴᠣᠭᠴᠠᠯᠠᠶ᠎ᠠ᠃ ᠬᠡᠪᠡᠷᠡᠭ ᠠᠮᠢ ᠠᠬᠤᠢ ᠣᠷᠴᠢᠨ | ᠲᠣᠭᠤᠷᠢᠨ ᠤ ᠡᠮᠦᠨ᠎ᠠ᠂ ᠪᠢᠳᠡ ᠪᠠᠶᠢᠭᠠᠯᠢ ᠶᠢ ᠬᠦᠨᠳᠦᠳᠬᠡᠬᠦ᠂ ᠪᠠᠶᠢᠭᠠᠯᠢ ᠲᠠᠢ ᠵᠣᠬᠢᠴᠠᠬᠤ᠂ ᠪᠠᠶᠢᠭᠠᠯᠢ ᠶᠢ ᠬᠠᠮᠠᠭᠠᠯᠠᠬᠤ ᠶᠢ | ᠪᠠᠷᠢᠮᠲᠠᠯᠠᠵᠤ᠂ ᠪᠣᠬᠢᠷᠲᠤᠯ ᠦᠭᠡᠢ ᠭᠡᠷ ᠣᠷᠣᠨ ᠢ ᠬᠠᠮᠲᠤ ᠪᠠᠷ ᠪᠠᠶᠢᠭᠤᠯᠤᠶ᠎ᠠ᠃ ᠠᠭᠤᠷ ᠠᠮᠢᠰᠬᠤᠯ ᠤᠨ ᠬᠤᠪᠢᠷᠠᠯᠲᠠ ᠶᠢᠨ | ᠬᠥᠮᠦᠨ ᠲᠥᠷᠥᠯᠬᠢᠲᠡᠨ ᠤ ᠣᠷᠣᠰᠢᠨ ᠲᠣᠭᠲᠠᠨᠢᠯ ᠪᠠ ᠬᠥᠭᠵᠢᠯᠳᠡ ᠳᠤ ᠤᠴᠠᠷᠠᠭᠤᠯᠤᠭᠰᠠᠨ ᠬᠦᠨᠳᠦ ᠬᠡᠴᠡᠭᠦᠦ | ᠥᠷᠢᠰᠥᠯᠳᠦᠭᠡᠨ ᠤ ᠡᠮᠦᠨ᠎ᠡ᠂ ᠪᠢᠳᠡ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ᠂ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠵᠠᠮ ᠢ ᠬᠠᠮᠲᠤ ᠪᠠᠷ | ᠰᠦᠪᠡᠭᠴᠢᠯᠡᠶ᠎ᠠ᠃ | ᠲᠠᠪᠤᠳᠤᠭᠠᠷ ᠲᠤ᠂ ᠪᠢᠳᠡ ᠵᠠᠰᠠᠯᠲᠠ ᠶᠢ ᠲᠡᠭᠦᠯᠳᠡᠷᠵᠢᠭᠦᠯᠬᠦ ᠬᠠᠷᠢᠭᠤᠴᠠᠯᠭ᠎ᠠ ᠶᠢ ᠡᠭᠦᠷᠭᠡᠯᠡᠵᠦ᠂ ᠠᠷᠠᠳ | ᠲᠦᠮᠡᠨ ᠳᠤ ᠵᠣᠯ ᠵᠢᠷᠭᠠᠯ ᠡᠳ᠋ᠯᠡᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠴᠢᠩᠭᠠᠳᠬᠠᠶ᠎ᠠ᠃ ᠵᠣᠯ ᠵᠢᠷᠭᠠᠯ ᠢ ᠤᠯᠬᠤ ᠵᠠᠮ | ᠠᠳᠠᠯᠢ ᠪᠤᠰᠤ ᠪᠠᠶᠢᠲᠠᠭ᠂ ᠡᠯ᠎ᠡ ᠤᠯᠤᠰ ᠤᠨ ᠠᠷᠠᠳ ᠲᠦᠮᠡᠨ ᠥᠪᠡᠷ ᠤᠨ ᠬᠥᠭᠵᠢᠯᠲᠡ ᠶᠢᠨ ᠵᠠᠮ ᠪᠣᠯᠤᠨ ᠪᠠᠶᠢᠭᠤᠯᠤᠯ ᠤᠨ | ᠵᠠᠭᠪᠤᠷ ᠢᠶᠠᠨ ᠰᠣᠩᠭᠤᠬᠤ ᠡᠷᠬᠡ ᠲᠠᠢ᠂ ᠡᠨᠡ ᠨᠢ ᠳᠠᠷᠤᠢ ᠠᠷᠠᠳ ᠲᠦᠮᠡᠨ ᠤ ᠵᠣᠯ ᠵᠢᠷᠭᠠᠯ ᠤᠨ ᠪᠠᠶᠢᠪᠠᠰᠤ ᠵᠣᠬᠢᠬᠤ | ᠠᠭᠤᠯᠭ᠎ᠠ ᠪᠣᠯᠤᠨ᠎ᠠ᠃ ᠠᠷᠠᠳᠴᠢᠯᠠᠯ ᠨᠢ ᠠᠲᠠᠯᠢᠬᠠᠠ ᠢᠶᠠᠷ ᠡᠯ᠎ᠠ ᠤᠯᠤᠰ ᠤᠨ ᠠᠷᠠᠳ ᠲᠦᠮᠠᠠ ᠤ ᠡᠷᠭᠡ ᠮᠦᠨ᠂ ᠬᠠᠷᠢᠨ | ᠴᠥᠭᠡᠨ ᠲᠣᠭᠠᠨ ᠤ ᠤᠯᠤᠰ ᠤᠨ ᠲᠤᠰᠬᠠᠢ ᠠᠰᠢᠭ ᠪᠢᠰᠢ᠃ ᠠᠷᠠᠳᠴᠢᠯᠠᠯ ᠢ ᠪᠡᠶᠡᠯᠡᠭᠦᠯᠬᠦ ᠳᠤ ᠤᠯᠠᠨ ᠵᠦᠢᠯ ᠤᠨ ᠠᠷᠭ᠎ᠠ | ᠬᠡᠯᠪᠡᠷᠢ ᠪᠠᠶᠢᠳᠠᠭ᠂ ᠨᠢᠭᠡ ᠯᠡ ᠠᠳᠠᠯᠢ ᠪᠠᠶᠢᠵᠤ ᠴᠢᠳᠠᠬᠤ ᠦᠭᠡᠢ ᠶᠤᠮ᠃ ᠨᠢᠭᠡ ᠤᠯᠤᠰ ᠠᠷᠠᠳᠴᠢᠯᠠᠯ ᠲᠠᠢ ᠡᠰᠡᠭᠦ ᠶᠢ | ᠲᠡᠷᠡ ᠤᠯᠤᠰ ᠤᠨ ᠠᠷᠠᠳ ᠲᠦᠮᠠᠠ ᠢᠶᠠᠷ ᠦᠨᠡᠯᠡᠭᠦᠯᠬᠦ ᠴᠢᠬᠤᠯᠠᠲᠠᠢ᠂ ᠬᠠᠷᠢᠨ ᠴᠥᠭᠡᠨ ᠲᠣᠭᠠᠨ ᠤ ᠬᠥᠮᠦᠨ ᠬᠡᠯᠡᠭᠡᠳ | ᠪᠣᠯᠴᠢᠬᠠᠬᠤ ᠪᠢᠰᠢ︕ ᠪᠢᠳᠡ ᠰᠣᠯᠢᠯᠴᠠᠭ᠎ᠠ ᠬᠢᠵᠦ ᠬᠠᠷᠢᠯᠴᠠᠨ ᠲᠤᠯᠢ ᠪᠣᠯᠭᠠᠬᠤ ᠪᠠᠨ ᠴᠢᠩᠭᠠᠳᠬᠠᠵᠤ᠂ ᠤᠯᠤᠯᠴᠠᠬᠤ | ᠲᠣᠭᠲᠠᠴᠠ ᠪᠠᠨ ᠲᠡᠭᠦᠯᠳᠡᠷᠵᠢᠭᠦᠯᠦᠨ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠡᠵᠡᠮᠳᠡᠵᠦ᠂ ᠵᠣᠬᠢᠶᠠᠨ | ᠪᠠᠶᠢᠭᠤᠯᠤᠯᠲᠠ ᠶᠢᠨ ᠰᠢᠰᠲ᠋ᠧᠮ ᠢᠶᠠᠨ ᠪᠦᠷᠢᠨᠰᠢᠬᠦᠯᠦᠨ᠂ ᠵᠠᠰᠠᠯᠲᠠ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠲᠤᠰ | ᠤᠯᠤᠰ ᠤᠨ ᠢᠶᠠᠨ ᠪᠠᠶᠢᠳᠠᠯ ᠳᠤ ᠵᠣᠬᠢᠴᠠᠭᠰᠠᠨ ᠠᠷᠠᠳᠴᠢᠯᠠᠭᠰᠠᠨ ᠤᠯᠤᠰ ᠲᠦᠷᠦ ᠶᠢᠨ ᠪᠠᠶᠢᠭᠤᠯᠤᠯᠲᠠ ᠶᠢ ᠠᠬᠢᠭᠤᠯᠤᠨ᠂ | ᠠᠷᠠᠳ ᠲᠦᠮᠡᠨ ᠳᠤ ᠵᠣᠯ ᠵᠢᠷᠭᠠᠯ ᠡᠳ᠋ᠯᠡᠭᠦᠯᠬᠦ ᠴᠢᠳᠠᠪᠤᠷᠢ ᠪᠠ ᠦᠷ᠎ᠡ ᠪᠦᠲᠦᠮᠵᠢ ᠶᠢ ᠲᠠᠰᠤᠷᠠᠯᠳᠠ ᠦᠭᠡᠢ ᠳᠡᠭᠡᠭᠰᠢᠯᠡᠭᠦᠯᠪᠡᠯ | ᠵᠤᠬᠢᠨ᠎ᠠ᠃ | ᠠᠪᠠᠭ᠋ᠠᠶ ᠨᠠᠷ᠂ ᠠᠪᠤᠭᠠᠶ ᠨᠠᠷ᠂ ᠨᠠᠶᠢᠵᠠ ᠨᠠᠷ ᠡ︕ | ᠠᠷᠠᠳ ᠲᠦᠮᠡᠨ ᠳᠤ ᠵᠣᠯ ᠵᠢᠷᠭᠠᠯ ᠡᠳ᠋ᠯᠡᠭᠦᠯᠬᠦ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠢᠮᠠᠭᠲᠠ ᠪᠠᠲᠤ | ᠰᠠᠬᠢᠬᠤ ᠤᠭ ᠰᠠᠨᠠᠭ᠎ᠠ ᠪᠣᠯᠤᠨ᠎ᠠ᠃ ᠥᠨᠥᠳᠦᠷ᠂ ᠳᠤᠮᠳᠠᠳᠤ ᠤᠯᠤᠰ ᠨᠢᠭᠡᠨᠲᠡ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ ᠲᠡᠮᠡᠴᠡᠬᠦ ᠬᠠᠷᠠᠯᠲᠠ ᠪᠠᠨ ᠪᠡᠶᠡᠯᠡᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ | ᠪᠦᠳᠦᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠵᠦ᠂ ᠳᠤᠮᠳᠠᠳᠤ ᠤᠯᠤᠰ ᠤᠨ ᠠᠷᠠᠳ ᠲᠦᠮᠡᠨ ᠤ ᠬᠦᠷᠲᠡᠮᠵᠢ ᠶᠢᠨ | ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠲᠠᠰᠤᠷᠠᠯᠳᠠ ᠦᠭᠡᠢ ᠳᠡᠭᠡᠭᠰᠢᠯᠡᠪᠡ᠃ ᠳᠤᠮᠳᠠᠳᠤ | ᠤᠯᠤᠰ ᠤᠨ ᠶᠠᠪᠤᠲᠠᠯ ᠤᠴᠢᠷ ᠢᠶᠠᠨ ᠰᠠᠶᠢᠲᠤᠷ ᠬᠢᠵᠦ᠂ 14 ᠳ᠋ᠦᠩᠰᠢᠭᠤᠷ ᠭᠠᠷᠤᠢ ᠳᠤᠮᠳᠠᠳᠤ ᠤᠯᠤᠰ ᠤᠨ ᠠᠷᠠᠳ | ᠲᠦᠮᠡᠨ ᠳᠤ ᠨᠡᠩ ᠰᠠᠶᠢᠨ ᠰᠠᠶᠢᠬᠠᠨ ᠠᠮᠢᠳᠤᠷᠠᠯ ᠢ ᠡᠳ᠋ᠯᠡᠭᠦᠯᠵᠦ᠂ ᠬᠥᠮᠦᠨ ᠲᠥᠷᠥᠯᠬᠢᠲᠡᠨ ᠤ ᠡᠩᠬᠡ ᠲᠠᠶᠢᠪᠤᠩ ᠬᠢᠭᠡᠳ | ᠬᠥᠭᠵᠢᠯᠲᠡ ᠶᠢᠨ ᠡᠷᠬᠢᠮ ᠳᠡᠭᠡᠳᠦ ᠦᠢᠯᠡᠰ ᠢ ᠠᠬᠢᠭᠤᠯᠬᠤ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠪᠢᠷᠠᠰᠢ | ᠦᠭᠡᠢ ᠲᠡᠮᠡᠴᠡᠬᠦ ᠬᠠᠷᠠᠯᠲᠠ ᠮᠥᠨ᠃ ᠳᠤᠮᠳᠠᠳᠤ ᠤᠯᠤᠰ ᠤᠨ ᠡᠪ ᠬᠠᠮᠲᠤ ᠨᠠᠮ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠥᠷᠭᠡᠨ ᠠᠭᠤᠳᠠᠮ ᠴᠠᠭ ᠣᠷᠣᠨ ᠵᠠᠢ ᠶᠢᠨ ᠦᠷᠭᠡᠷᠢᠭ ᠠᠴᠠ | ᠦᠨᠳᠦᠰᠦᠲᠡᠨ ᠤ ᠰᠡᠷᠭᠦᠨ ᠮᠠᠨᠳᠤᠯᠲᠠ ᠪᠣᠯᠤᠨ ᠬᠥᠮᠦᠨ ᠲᠥᠷᠥᠯᠬᠢᠲᠡᠨ ᠤ ᠲᠠᠪᠰᠢᠯᠳᠠ ᠶᠢᠨ ᠤᠳᠬ᠎ᠠ ᠬᠦᠨ ᠰᠡᠳᠦᠪ ᠢ | ᠪᠣᠳᠣᠯᠬᠢᠯᠠᠵᠤ᠂ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠵᠣᠷᠢᠭᠲᠠᠢ ᠪᠠᠷ | ᠤᠷᠤᠭᠰᠢᠯᠠᠵᠤ᠂ ᠨᠡᠩ ᠰᠠᠶᠢᠨ ᠰᠠᠶᠢᠬᠠᠨ ᠢᠷᠡᠭᠡᠳᠦᠢ ᠶᠢ ᠴᠣᠭᠴᠠᠯᠠᠨ᠎ᠠ᠃ | ᠳᠡᠯᠡᠬᠡᠢ ᠳ᠋ᠠᠬᠢᠨ ᠢ ᠬᠦᠷᠢᠶᠡᠯᠡᠪᠡᠯ ᠰᠠᠶ᠋ᠢ ᠮᠠᠷᠭᠠᠰᠢ ᠶᠢ ᠤᠭᠲᠤᠵᠤ ᠴᠢᠳᠠᠨ᠎ᠠ︔ ᠭᠠᠷ ᠬᠤᠯᠪᠣᠯᠴᠠᠨ ᠬᠠᠮᠲᠤ ᠪᠠᠷ | ᠤᠷᠤᠭᠰᠢᠯᠠᠪᠠᠯ ᠰᠠᠶ᠋ᠢ ᠯᠠᠪᠳᠠᠭᠤᠨ ᠢᠶᠠᠷ ᠬᠤᠯᠠ ᠠᠶᠠᠯᠠᠵᠤ ᠴᠢᠳᠠᠨ᠎ᠠ ᠭᠡᠳᠡᠭ ᠢ ᠲᠡᠦᠬᠡ ᠪᠢᠳᠡᠨ ᠳᠤ ᠬᠡᠯᠡᠵᠦ ᠥᠭᠴᠡᠢ᠃ | ᠳᠤᠮᠳᠠᠳᠤ ᠤᠯᠤᠰ ᠤᠨ ᠡᠪ ᠬᠠᠮᠲᠤ ᠨᠠᠮ ᠳᠤᠷᠠᠲᠠᠶ᠎ᠠ ᠡᠯ᠎ᠡ ᠤᠯᠤᠰ ᠤᠨ ᠲᠦᠷᠦ ᠶᠢᠨ ᠨᠠᠮ ᠲᠠᠢ ᠬᠠᠮᠲᠤ ᠪᠠᠷ ᠴᠢᠷᠮᠠᠶᠢᠵᠤ᠂ | ᠬᠦᠰᠡᠯ ᠵᠡᠭᠦᠳᠦ ᠪᠠᠨ ᠪᠣᠳᠠᠲᠤ ᠠᠬᠤᠢ ᠲᠠᠢ ᠵᠣᠯᠭᠠᠭᠤᠯᠵᠤ᠂ ᠠᠵᠢᠯᠯᠠᠭ᠎ᠠ ᠪᠠᠷ ᠢᠷᠡᠭᠡᠳᠦᠢ ᠪᠠᠨ ᠴᠣᠭᠴᠠᠯᠠᠵᠤ᠂ ᠢᠮᠠᠭᠲᠠ | ᠬᠤᠪᠢᠷᠠᠰᠢ ᠦᠭᠡᠢ ᠪᠠᠷ ᠳᠡᠯᠡᠬᠡᠢ ᠶᠢᠨ ᠡᠩᠬᠡ ᠲᠠᠶᠢᠪᠤᠩ ᠤᠨ ᠪᠦᠲᠦᠭᠡᠨ ᠪᠠᠶᠢᠭᠤᠯᠤᠭᠴᠢ᠂ ᠪᠦᠬᠦ ᠪᠥᠮᠪᠥᠷᠴᠡᠭ ᠤᠨ | ᠬᠥᠭᠵᠢᠯᠲᠡ ᠳᠤ ᠬᠤᠪᠢ ᠨᠡᠮᠡᠷᠢ ᠦᠵᠡᠭᠦᠯᠦᠭᠴᠢ᠂ ᠤᠯᠠᠨ ᠤᠯᠤᠰ ᠤᠨ ᠡᠮᠬᠢ ᠳᠢᠭᠯᠢᠮ ᠤᠨ ᠬᠠᠮᠠᠭᠠᠯᠠᠭᠴᠢ ᠪᠣᠯᠤᠨ᠎ᠠ᠃ | — ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ | ᠳᠠᠭᠠᠭᠤᠯᠵᠤ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠯᠲᠠ ᠶᠢ ᠭᠦᠨᠵᠡᠭᠡᠶ ᠠᠬᠢᠭᠤᠯᠵᠤ᠂ ᠬᠥᠮᠦᠨ | ᠲᠥᠷᠥᠯᠬᠢᠲᠡᠨ ᠤ ᠣᠳᠣᠬᠢᠴᠢᠯᠠᠯᠲᠠ ᠶᠢᠨ ᠵᠠᠮ ᠢ ᠬᠠᠶᠢᠨ ᠰᠦᠪᠡᠭᠴᠢᠯᠡᠬᠦ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃ | ᠳᠤᠮᠳᠠᠳᠤ ᠤᠯᠤᠰ ᠤᠨ ᠡᠪ ᠬᠠᠮᠲᠤ ᠨᠠᠮ ᠠᠯᠢᠪᠠ ᠪᠦᠬᠦᠨ ᠳᠤ ᠪᠣᠳᠠᠲᠠᠢ ᠠᠴᠠ ᠡᠭᠦᠰᠬᠦ ᠶᠢ ᠪᠠᠷᠢᠮᠲᠠᠯᠠᠵᠤ᠂ ᠳᠤᠮᠳᠠᠳᠤ | ᠤᠯᠤᠰ ᠤᠨ ᠠᠷᠠᠳ ᠲᠦᠮᠡᠨ ᠢ ᠳᠠᠭᠠᠭᠤᠯᠤᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠵᠠᠮ ᠢ | ᠰᠦᠪᠡᠭᠴᠢᠯᠡᠨ ᠭᠠᠷᠭᠠᠪᠠ᠃ ᠡᠨᠡ ᠵᠠᠮ ᠢᠶᠠᠷ ᠶᠠᠪᠤᠭᠰᠠᠨ ᠨᠢ ᠵᠥᠪ᠂ ᠶᠠᠪᠤᠵᠤ ᠪᠤᠯᠬᠤ ᠮᠦᠷᠳᠡᠭᠡᠨ ᠯᠠᠪᠲᠠᠢ ᠯᠠᠪᠳᠠᠭᠤᠨ᠂ | ᠰᠠᠶᠢᠨ ᠶᠠᠪᠤᠵᠤ ᠴᠢᠳᠠᠨ᠎ᠠ ᠭᠡᠳᠡᠭ ᠢ ᠲᠡᠦᠬᠡ ᠪᠠ ᠦᠢᠯᠡᠳᠦᠯᠭᠡ ᠨᠢᠭᠡᠨᠲᠡ ᠭᠡᠷᠡᠴᠢᠯᠡᠭᠰᠡᠨ ᠪᠥᠭᠡᠳ ᠤᠯᠠᠮ ᠴᠢᠨᠠᠭᠰᠢᠳᠠ | ᠭᠡᠷᠡᠴᠢᠯᠡᠬᠦ ᠪᠣᠯᠤᠨ᠎ᠠ᠃ ᠪᠢᠳᠡ ᠡᠨᠡ ᠬᠦ ᠰᠠᠷᠠᠭᠤᠯ ᠳᠠᠷᠳᠠᠩ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠥᠪᠡᠷ ᠢ ᠪᠠᠨ | ᠬᠥᠭᠵᠢᠭᠦᠯᠬᠦ ᠮᠥᠷᠲᠡᠭᠡᠨ ᠳᠡᠯᠡᠬᠡᠢ ᠳ᠋ᠠᠬᠢᠨ ᠳᠤ ᠪᠤᠶᠠᠨ ᠦᠢᠯᠡᠳᠦᠨ᠎ᠡ᠃ ᠣᠳᠣᠬᠢᠴᠢᠯᠠᠯᠲᠠ ᠶᠢᠨ ᠵᠠᠮ ᠳᠤ ᠲᠣᠭᠲᠠᠮᠠᠯ ᠵᠠᠭᠪᠤᠷ | ᠭᠡᠵᠦ ᠪᠠᠶᠢᠲᠠᠭ ᠦᠭᠡᠢ᠂ ᠥᠪᠡᠷ ᠤᠨ ᠪᠡᠶ᠎ᠡ ᠳᠤᠨᠢ ᠲᠤᠬᠢᠷᠠᠪᠠᠯ ᠰᠠᠶᠢ ᠬᠠᠮᠤᠭ ᠤᠨ ᠰᠠᠶᠢᠨ ᠶᠤᠮ᠂ ᠭᠤᠳᠤᠯ ᠳᠤ | ᠲᠠᠭᠠᠷᠠᠭᠤᠯᠬᠤ ᠶᠢᠨ ᠲᠦᠯᠦᠭᠡ ᠬᠦᠯ ᠢᠶᠠᠨ ᠪᠤᠭᠤᠵᠦ ᠪᠣᠯᠬᠤ ᠦᠭᠡᠢ᠃ ᠤᠯᠤᠰ ᠨᠢᠭᠡᠪᠦᠷᠢ ᠶᠢᠨ ᠲᠤᠰ ᠤᠯᠤᠰ ᠤᠨ ᠢᠶᠠᠨ | ᠪᠠᠶᠢᠳᠠᠯ ᠳᠤ ᠵᠤᠬᠢᠴᠠᠭᠰᠠᠨ ᠣᠳᠣᠬᠢᠴᠢᠯᠠᠯᠲᠠ ᠶᠢᠨ ᠵᠠᠮ ᠢ ᠪᠡᠶ᠎ᠡ ᠪᠠᠨ ᠳᠠᠭᠠᠭᠠᠵᠤ ᠬᠠᠶᠢᠨ ᠰᠦᠪᠡᠭᠴᠢᠯᠡᠬᠦ ᠴᠢᠷᠮᠠᠶᠢᠯᠭ᠎ᠠ ᠶᠢ | ᠴᠥᠮ ᠬᠦᠨᠳᠦᠳᠬᠡᠬᠦ ᠶᠣᠰᠣᠲᠠᠢ᠃ ᠳᠤᠮᠳᠠᠳᠤ ᠤᠯᠤᠰ ᠤᠨ ᠡᠪ ᠬᠠᠮᠲᠤ ᠨᠠᠮ ᠳᠤᠷᠠᠲᠠᠶ᠎ᠠ ᠡᠯ᠎ᠡ ᠤᠯᠤᠰ ᠤᠨ ᠲᠥᠷᠥ ᠶᠢᠨ | ᠨᠠᠮ ᠲᠠᠢ ᠣᠳᠣᠬᠢᠴᠢᠯᠠᠬᠤ ᠪᠥᠲᠥᠭᠡᠨ ᠪᠠᠶᠢᠭᠤᠯᠤᠯᠲᠠ ᠶᠢᠨ ᠲᠤᠷᠰᠢᠯᠭ᠎ᠠ ᠪᠠᠨ ᠰᠣᠯᠢᠯᠴᠠᠨ ᠲᠣᠯᠢᠯᠠᠵᠤ᠂ ᠣᠳᠣᠬᠢᠴᠢᠯᠠᠯᠲᠠ | ᠳᠠᠶᠢᠰᠢ ᠤᠷᠤᠭᠰᠢᠯᠠᠬᠤ ᠵᠠᠮ ᠢᠶᠠᠨ ᠬᠠᠮᠲᠤ ᠪᠠᠷ ᠪᠠᠶᠠᠯᠢᠭᠵᠢᠭᠤᠯᠵᠤ᠂ ᠲᠣᠰ ᠤᠯᠤᠰ ᠤᠨ ᠢᠶᠠᠨ ᠠᠷᠠᠳ ᠲᠦᠮᠡᠨ ᠪᠣᠯᠤᠨ | ᠳᠡᠯᠡᠬᠡᠶ ᠶᠢᠨ ᠡᠯ᠎ᠡ ᠤᠯᠤᠰ ᠤᠨ ᠠᠷᠠᠳ ᠲᠦᠮᠡᠨ ᠳᠤ ᠨᠠᠩ ᠰᠠᠶᠢᠨ ᠵᠣᠯ ᠵᠢᠷᠭᠠᠯ ᠢ ᠡᠳ᠋ᠯᠡᠭᠦᠯᠦᠨ᠎ᠠ᠃ | — ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ | ᠳᠠᠭᠠᠭᠤᠯᠵᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ ᠨᠡᠭᠡᠭᠡᠯᠳᠡ ᠶᠢ ᠥᠷᠭᠡᠳᠬᠡᠵᠦ᠂ ᠳᠡᠯᠡᠬᠡᠢ ᠶᠢᠨ ᠡᠯ᠎ᠡ | ᠤᠯᠤᠰ ᠤᠨ ᠬᠠᠮᠲᠤ ᠶᠢᠨ ᠬᠥᠭᠵᠢᠯ ᠴᠡᠴᠡᠭᠯᠡᠯ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃ ᠣᠳᠣᠬᠠᠨ ᠳᠤ᠂ ᠠᠵᠤ | ᠠᠬᠤᠢ ᠶᠢᠨ ᠳᠡᠯᠡᠬᠡᠶᠢᠵᠢᠯᠲᠡ ᠬᠡᠳᠦ᠋ᠢᠪᠡᠷ ᠪᠠᠭ᠎ᠠ ᠪᠤᠰᠤ ᠬᠠᠷᠰᠢ ᠰᠠᠭᠠᠳ ᠲᠤ ᠲᠤᠯᠭᠠᠷᠠᠵᠤ ᠪᠠᠶᠢᠭ᠎ᠠ ᠪᠣᠯᠪᠠᠴᠤ ᠨᠡᠩ ᠤᠯᠠᠨ | ᠬᠥᠳᠡᠯᠭᠡᠬᠦ ᠬᠦᠴᠦᠨ ᠣᠷᠣᠰᠢᠵᠤ ᠪᠠᠶᠢᠨ᠎ᠠ᠂ ᠶᠡᠷᠦᠩᠬᠡᠢ ᠳᠤᠨᠢ ᠦᠵᠡᠪᠡᠯ᠂ ᠬᠥᠳᠡᠯᠭᠡᠬᠦ ᠬᠦᠴᠦᠨ ᠨᠢ ᠬᠠᠷᠰᠢ ᠰᠠᠭᠠᠳ ᠠᠴᠠ | ᠳᠠᠪᠠᠭᠤᠯᠢᠭ ᠪᠤᠢ᠂ ᠡᠯ᠎ᠡ ᠤᠯᠤᠰ ᠤᠨ ᠨᠡᠭᠡᠭᠡᠯᠳᠠ ᠬᠢᠬᠦ᠂ ᠬᠠᠮᠲᠤᠷᠠᠯᠴᠠᠭ᠎ᠠ ᠬᠢᠬᠦ ᠲᠡᠶᠢᠰᠢ ᠤᠷᠤᠭᠰᠢᠯᠠᠬᠤ ᠶᠡᠭᠡ ᠬᠠᠨᠳᠤᠰᠢ | ᠬᠤᠪᠢᠷᠠᠭ᠎ᠠ ᠦᠭᠡᠢ᠂ ᠬᠤᠪᠢᠷᠠᠬᠤ ᠴᠤ ᠦᠭᠡᠢ ᠶᠤᠮ᠃ ᠳᠤᠮᠳᠠᠳᠤ ᠤᠯᠤᠰ ᠤᠨ ᠡᠪ ᠬᠠᠮᠲᠤ ᠨᠠᠮ ᠳᠤᠷᠠᠲᠠᠶ᠎ᠠ ᠡᠯ᠎ᠡ | ᠤᠯᠤᠰ ᠤᠨ ᠲᠦᠷᠦ ᠶᠢᠨ ᠨᠠᠮ ᠯᠤᠭ᠎ᠠ ᠤᠯᠤᠯᠴᠠᠭ᠎ᠠ ᠪᠠᠨ ᠴᠢᠩᠭᠠᠳᠬᠠᠵᠤ᠂ ᠠᠵᠤ ᠠᠬᠤᠢ ᠶᠢᠨ ᠳᠡᠯᠡᠬᠡᠶᠢᠵᠢᠯᠲᠡ ᠶᠢᠨ ᠨᠡᠩ | ᠨᠡᠭᠡᠭᠡᠯᠲᠡᠲᠡᠢ᠂ ᠪᠠᠭᠲᠠᠭᠠᠮᠵᠢᠲᠠᠢ᠂ ᠲᠦᠭᠡᠮᠡᠯ ᠠᠰᠢᠭ ᠬᠦᠷᠲᠡᠭᠡᠬᠦ᠂ ᠲᠡᠩᠴᠡᠭᠦᠷᠢᠲᠡᠢ᠂ ᠬᠠᠮᠲᠤ ᠪᠠᠷ ᠠᠰᠢᠭ ᠬᠦᠷᠳᠡᠬᠦ ᠴᠢᠭᠯᠡᠯ | ᠲᠡᠶᠢᠰᠢ ᠬᠥᠭᠵᠢᠬᠦ ᠶᠢ ᠬᠠᠮᠲᠤ ᠪᠠᠷ ᠬᠦᠲᠦᠯᠦᠨ ᠵᠢᠯᠣᠭᠤᠳᠤᠨ᠎ᠠ᠃ ᠪᠢᠳᠠ ᠳᠤᠷᠠᠲᠠᠶ᠎ᠠ ᠳᠡᠯᠡᠬᠡᠢ ᠨᠡᠶᠢᠭᠡᠮ ᠯᠦᠭᠡ ︽ᠨᠢᠭᠡ | ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠳᠦᠭᠡᠨ ᠪᠠᠶᠢᠭᠤᠯᠬᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠦᠬᠦ | ᠪᠥᠮᠪᠥᠷᠴᠡᠭ ᠤᠨ ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠬᠤ ᠳᠤ ᠬᠠᠮᠲᠤ ᠪᠠᠷ ᠬᠦᠴᠦ ᠨᠡᠮᠡᠷᠢᠯᠡᠵᠦ᠂ ᠨᠡᠩ ᠤᠯᠠᠨ ᠤᠯᠤᠰ | ᠂ ᠨᠡᠩ ᠤᠯᠠᠨ ᠠᠷᠠᠳ ᠲᠦᠮᠡᠨ ᠳᠤ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠦᠨ᠎ᠡ᠃ | — ᠳᠤᠮᠳᠠᠳᠤ ᠤᠯᠤᠰ ᠤᠨ ᠡᠪ ᠬᠠᠮᠲᠤ ᠨᠠᠮ ᠲᠣᠮᠣ ᠤᠯᠤᠰ ᠲᠣᠮᠣ ᠨᠠᠮ ᠤᠨ ᠬᠠᠷᠢᠭᠤᠴᠠᠯᠭ᠎ᠠ ᠶᠢ | ᠭᠦᠢᠴᠡᠳᠭᠡᠵᠦ᠂ ᠬᠥᠮᠦᠨ ᠲᠥᠷᠥᠯᠬᠢᠲᠡᠨ ᠤ ᠪᠤᠶᠠᠨ ᠬᠡᠰᠢᠭ ᠢ ᠨᠡᠮᠡᠭᠳᠡᠭᠦᠯᠬᠦ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃ | ᠶᠠᠳᠠᠭᠤ ᠬᠦᠴᠢᠷᠳᠡᠯ ᠢ ᠠᠷᠢᠯᠭᠠᠬᠤ ᠪᠣᠯ ᠡᠯ᠎ᠡ ᠤᠯᠤᠰ ᠤᠨ ᠠᠷᠠᠳ ᠲᠦᠮᠡᠨ ᠤ ᠬᠠᠮᠲᠤ ᠶᠢᠨ ᠬᠦᠰᠡᠯ ᠡᠷᠡᠮᠡᠯᠵᠡᠯ ᠮᠥᠨ᠂ | ᠡᠯ᠎ᠡ ᠤᠯᠤᠰ ᠤᠨ ᠲᠦᠷᠦ ᠶᠢᠨ ᠨᠠᠮ ᠤᠨ ᠴᠢᠷᠮᠠᠶᠢᠨ ᠪᠡᠶᠡᠯᠡᠭᠦᠯᠬᠦ ᠴᠢᠬᠤᠯᠠ ᠬᠠᠷᠠᠯᠲᠠ ᠮᠥᠨ᠃ ᠳᠤᠮᠳᠠᠳᠤ ᠤᠯᠤᠰ ᠤᠨ ᠡᠪ | ᠬᠠᠮᠲᠤ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠳᠤᠮᠳᠠᠳᠤ ᠤᠯᠤᠰ ᠤᠨ ᠤᠳᠤ ᠶᠢᠨ ᠬᠡᠷᠡᠭᠵᠢᠭᠦᠯᠵᠦ | ᠪᠠᠶᠢᠭ᠎ᠠ ᠪᠠᠷᠢᠮᠵᠢᠶ᠎ᠠ ᠳᠣᠣᠷᠠᠬᠢ 9899 ᠲᠦᠮᠡᠨ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠢ ᠬᠥᠮᠦᠨ ᠠᠮᠠ ᠶᠢ | ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ︽ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ | ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ︾ ᠤᠨ ᠶᠠᠳᠠᠭᠤ ᠬᠦᠴᠢᠷᠳᠡᠯᠲᠡᠢ ᠬᠥᠮᠦᠨ ᠠᠮᠠ ᠶᠢ ᠴᠥᠭᠡᠳᠬᠡᠬᠦ | ᠬᠠᠷᠠᠯᠲᠠ ᠶᠢ 10 ᠵᠢᠯ ᠤᠷᠢᠳᠴᠢᠯᠠᠨ ᠪᠡᠶᠡᠯᠡᠭᠦᠯᠪᠡ᠃ ᠳᠤᠮᠳᠠᠳᠤ ᠤᠯᠤᠰ ᠤᠨ ᠡᠪ ᠬᠠᠮᠲᠤ ᠨᠠᠮ ᠬᠥᠮᠦᠨ ᠲᠥᠷᠥᠯᠬᠢᠲᠡᠨ ᠤ | ᠶᠠᠳᠠᠭᠤ ᠬᠦᠴᠢᠷᠳᠡᠯᠲᠡᠢ ᠬᠥᠮᠦᠨ ᠠᠮᠠ ᠶᠢ ᠴᠥᠭᠡᠳᠬᠡᠬᠦ ᠠᠬᠢᠴᠠ ᠳᠤ ᠨᠡᠩ ᠤᠯᠠᠨ ᠳᠤᠮᠳᠠᠳᠤ ᠤᠯᠤᠰ ᠤᠨ ᠲᠥᠰᠦᠯ | ᠪᠣᠯᠤᠨ ᠳᠤᠮᠳᠠᠳᠤ ᠤᠯᠤᠰ ᠤᠨ ᠬᠦᠴᠦᠨ ᠢ ᠳᠤᠷᠠᠲᠠᠶ᠎ᠠ ᠡᠷᠭᠦᠨ᠎ᠡ᠃ ᠳᠤᠮᠳᠠᠳᠤ ᠤᠯᠤᠰ ᠤᠯᠠᠨ ᠤᠯᠤᠰ ᠤᠨ ᠬᠢᠵᠢᠭ ᠲᠠᠢ | ᠲᠡᠮᠡᠴᠡᠬᠦ ᠬᠠᠮᠲᠤᠷᠠᠯᠴᠠᠭ᠎ᠠ ᠶᠢ ᠪᠦᠬᠦ ᠬᠦᠴᠦ ᠪᠠᠷ ᠢᠶᠠᠨ ᠳᠡᠮᠵᠢᠵᠦ᠂ ᠬᠥᠭᠵᠢᠵᠦ ᠪᠠᠶᠢᠭ᠎ᠠ ᠤᠯᠤᠰ ᠤᠳ ᠤᠨ ᠸᠠᠺᠼᠢᠨ | ᠣᠯᠵᠤ ᠪᠣᠯᠬᠤ ᠴᠢᠨᠠᠷ ᠪᠠ ᠡᠭᠦᠷᠭᠡᠯᠡᠵᠦ ᠪᠣᠯᠬᠤ ᠴᠢᠨᠠᠷ ᠢ ᠴᠢᠩᠭᠠᠳᠬᠠᠨ᠎ᠠ᠃ ᠳᠤᠮᠳᠠᠳᠤ ᠤᠯᠤᠰ ᠨᠡᠭᠦᠷᠡᠰᠦᠲᠥ᠋ᠷᠥᠭᠴᠢ | ᠭᠠᠳᠠᠭᠰᠢᠯᠠᠭᠤᠯᠬᠤ ᠤᠷᠬᠢᠯ ᠬᠡᠮᠵᠢᠭᠳᠡᠯ ᠳᠤ ᠬᠦᠷᠭᠡᠬᠦ᠂ ᠨᠡᠭᠦᠷᠡᠰᠦᠲᠥ᠋ᠷᠥᠭᠴᠢ ᠰᠠᠭᠠᠷᠮᠠᠭᠵᠢᠭᠤᠯᠬᠤ ᠬᠠᠷᠠᠯᠲᠠ ᠶᠢ | ᠭᠦᠢᠴᠡᠳᠬᠡᠬᠦ ᠪᠠᠷ ᠲᠦᠢᠯ ᠤᠨ ᠬᠠᠲᠠᠭᠤᠵᠢᠯᠲᠠᠢ ᠴᠢᠷᠮᠠᠶᠢᠯᠭ᠎ᠠ ᠭᠠᠷᠭᠠᠵᠤ᠂ ᠪᠦᠬᠦ ᠪᠥᠮᠪᠥᠷᠴᠡᠭ ᠤᠨ ᠠᠭᠤᠷ ᠠᠮᠢᠰᠬᠤᠯ ᠤᠨ | ᠬᠤᠪᠢᠷᠠᠯᠲᠠ ᠶᠢ ᠠᠷᠭᠠᠴᠠᠭᠠᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ᠃ ᠳᠤᠮᠳᠠᠳᠤ ᠤᠯᠤᠰ ︽ᠠᠮᠢᠳᠤ | ᠪᠣᠳᠠᠰ ᠤᠨ ᠤᠯᠠᠨ ᠶᠠᠩᠵᠤᠲᠤ ᠴᠢᠨᠠᠷ ᠤᠨ ᠨᠡᠶᠢᠲᠡ ᠶᠢᠨ ᠭᠡᠷ᠎ᠡ︾ ᠶᠢᠨ ᠠᠷᠪᠠᠨ ᠲᠠᠪᠤᠳᠤᠭᠠᠷ ᠤᠳᠠᠭ᠎ᠠ ᠶᠢᠨ ᠭᠡᠷᠡᠲᠦ | ᠲᠠᠯ᠎ᠠ ᠶᠢᠨ ᠶᠡᠭᠡ ᠬᠤᠷᠠᠯ ᠢ ᠡᠷᠬᠢᠯᠡᠨ ᠬᠤᠷᠠᠯᠳᠤᠭᠤᠯᠵᠤ᠂ ᠡᠯ᠎ᠠ ᠤᠯᠤᠰ ᠲᠠᠢ ᠬᠠᠮᠲᠤ ᠪᠠᠷ ᠪᠦᠬᠦ ᠪᠥᠮᠪᠥᠷᠴᠡᠭ ᠤᠨ ᠠᠮᠢᠳᠤ | ᠪᠣᠳᠠᠰ ᠤᠨ ᠤᠯᠠᠨ ᠶᠠᠩᠵᠤᠲᠤ ᠴᠢᠨᠠᠷ ᠤᠨ ᠵᠠᠰᠠᠯᠲᠠ ᠶᠢᠨ ᠰᠢᠨ᠎ᠡ ᠪᠠᠶᠢᠯᠳᠤᠬᠤ ᠪᠤᠳᠤᠯᠭ᠎ᠠ ᠶᠢ ᠵᠥᠪᠳᠡᠯᠴᠡᠵᠦ᠂ ᠪᠦᠬᠦ | ᠪᠥᠮᠪᠥᠷᠴᠡᠭ ᠤᠨ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠵᠠᠰᠠᠯᠲᠠ ᠶᠢᠨ ᠰᠢᠨ᠎ᠡ ᠠᠶᠠᠨ ᠢ ᠬᠠᠮᠲᠤ ᠪᠠᠷ | ᠡᠬᠢᠯᠡᠭᠦᠯᠦᠨ᠎ᠡ᠃ | — ᠳᠤᠮᠳᠠᠳᠤ ᠤᠯᠤᠰ ᠤᠨ ᠡᠪ ᠬᠠᠮᠲᠤ ᠨᠠᠮ ᠪᠦᠬᠦ ᠪᠥᠮᠪᠥᠷᠴᠡᠭ ᠤᠨ ᠵᠠᠰᠠᠯᠲᠠ ᠶᠢ ᠲᠡᠭᠦᠯᠳᠡᠷᠵᠢᠭᠦᠯᠬᠦ ᠶᠢ | ᠢᠳᠡᠪᠬᠢᠲᠡᠢ ᠠᠬᠢᠭᠤᠯᠵᠤ᠂ ᠬᠥᠮᠦᠨ ᠲᠥᠷᠥᠯᠬᠢᠲᠡᠨ ᠤ ᠨᠡᠶᠢᠭᠡᠮ ᠤᠨ ᠭᠠᠷ ᠬᠤᠯᠪᠣᠯᠴᠠᠠ ᠬᠠᠮᠲᠤ ᠶᠢᠨ ᠥᠷᠢᠰᠥᠯᠳᠦᠭᠡᠨ ᠢ | ᠠᠷᠭᠠᠴᠠᠭᠠᠬᠤ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃ ᠤᠳᠤ ᠶᠢᠨ ᠬᠡᠷᠡᠭᠵᠢᠭᠦᠯᠵᠦ ᠪᠠᠶᠢᠭ᠎ᠠ ᠤᠯᠠᠨ ᠤᠯᠤᠰ ᠤᠨ | ᠰᠢᠰᠲ᠋ᠧᠮ ᠪᠠ ᠤᠯᠠᠨ ᠤᠯᠤᠰ ᠤᠨ ᠡᠮᠬᠢ ᠵᠢᠷᠤᠮ ᠤᠨ ᠭᠤᠣᠯᠯᠠᠬᠤ ᠣᠶᠢᠯᠠᠭᠠᠭᠳᠠᠬᠤᠨ ᠪᠣᠯ ᠤᠯᠠᠨ ᠲᠠᠯᠠᠲᠤ ᠦᠵᠡᠯ ᠮᠥᠨ᠃ | ᠤᠯᠠᠨ ᠲᠠᠯᠠᠲᠤ ᠦᠵᠡᠯ ᠢ ᠰᠠᠶᠢᠲᠤᠷ ᠦᠢᠯᠡᠳᠦᠯᠭᠡᠵᠢᠭᠦᠯᠪᠡᠯ᠂ ᠬᠥᠮᠦᠨ ᠲᠥᠷᠥᠯᠬᠢᠲᠡᠨ ᠳᠤ ᠲᠤᠯᠭᠠᠷᠠᠵᠤ ᠪᠠᠶᠢᠭ᠎ᠠ | ᠬᠠᠮᠲᠤ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ ᠴᠢᠳᠠᠨ᠎ᠠ᠃ ᠤᠯᠠᠨ ᠤᠯᠤᠰ ᠤᠨ ᠲᠦᠷᠢᠮ ᠪᠣᠯ ᠳᠡᠯᠡᠬᠡᠢ ᠶᠢᠨ ᠡᠯ᠎ᠡ | ᠤᠯᠤᠰ ᠤᠨ ᠬᠠᠮᠲᠤ ᠪᠠᠷ ᠮᠡᠳᠡᠷᠡᠬᠦ ᠲᠦᠷᠢᠮ ᠪᠠᠶᠢᠬᠤ ᠶᠣᠰᠣᠲᠠᠢ᠂ ᠬᠠᠷᠢᠨ ᠴᠥᠭᠡᠨ ᠲᠣᠭᠠᠨ ᠤ ᠬᠥᠮᠦᠰ ᠲᠣᠭᠲᠠᠭᠠᠬᠤ ᠪᠢᠰᠢ | ᠃ ᠤᠯᠤᠰ ᠤᠨ ᠬᠤᠭᠤᠷᠣᠨᠳᠣᠬᠢ ᠬᠠᠮᠲᠤᠷᠠᠯᠴᠠᠭ᠎ᠠ ᠨᠢ ᠪᠦᠬᠦ ᠬᠥᠮᠦᠨ ᠲᠥᠷᠥᠯᠬᠢᠲᠡᠨ ᠳᠤ ᠦᠢᠯᠡᠴᠢᠯᠡᠬᠦ ᠪᠠᠷ ᠵᠣᠷᠢᠯᠲᠠ | ᠪᠣᠯᠭᠠᠪᠠᠯ ᠵᠤᠬᠢᠨ᠎ᠠ᠂ ᠬᠠᠷᠢᠨ ᠵᠢᠵᠢᠭ ᠪᠦᠯᠦᠭᠯᠡᠯ ᠤᠨ ᠤᠯᠤᠰ ᠲᠦᠷᠦ ᠪᠠᠷ ᠳᠡᠯᠡᠬᠡᠢ ᠶᠢ ᠡᠵᠡᠷᠬᠡᠬᠦ ᠡᠷᠬᠡ ᠶᠢ ᠬᠥᠭᠡᠭᠡᠴᠡᠯᠳᠦᠬᠦ | ᠪᠢᠰᠢ᠃ ᠪᠢᠳᠡ ᠤᠯᠠᠨ ᠲᠠᠯᠠᠲᠤ ᠦᠵᠡᠯ ᠤᠨ ᠨᠡᠷ᠎ᠡ ᠪᠠᠷ ᠭᠠᠭᠴᠠ ᠲᠠᠯᠠᠲᠤ ᠦᠵᠡᠯ ᠤᠨ ᠪᠣᠳᠠᠲᠤ ᠠᠵᠢᠯᠯᠠᠭ᠎ᠠ ᠬᠢᠬᠦ ᠡᠯ᠎ᠡ | ᠵᠦᠢᠯ ᠤᠨ ᠦᠢᠯᠡ ᠠᠵᠢᠯᠯᠠᠭ᠎ᠠ ᠶᠢ ᠬᠠᠮᠲᠤ ᠪᠠᠷ ᠡᠰᠡᠷᠭᠦᠴᠡᠵᠦ᠂ ᠡᠵᠡᠷᠬᠡᠬᠦ ᠦᠵᠡᠯ ᠪᠠ ᠬᠦᠴᠦᠷᠬᠡᠭᠯᠡᠯ ᠤᠨ ᠤᠯᠤᠰ | ᠲᠦᠷᠦ ᠶᠢ ᠬᠠᠮᠲᠤ ᠪᠠᠷ ᠡᠰᠡᠷᠭᠦᠴᠡᠬᠦ ᠬᠡᠷᠡᠭᠲᠡᠢ᠃ ᠳᠤᠮᠳᠠᠳᠤ ᠤᠯᠤᠰ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ | ᠦᠨᠳᠦᠰᠦᠨ ᠳᠦᠷᠢᠮ ᠤᠨ ᠵᠣᠷᠢᠯᠲᠠ ᠪᠠ ᠵᠠᠷᠴᠢᠮ ᠢ ᠡᠷᠡᠰ ᠬᠠᠮᠠᠭᠠᠯᠠᠵᠤ᠂ ᠤᠯᠠᠨ ᠤᠯᠤᠰ ᠤᠨ ᠬᠡᠷᠡᠭ ᠶᠠᠪᠤᠳᠠᠯ ᠢ | ᠤᠯᠠᠨ ᠢᠶᠠᠷ ᠢᠶᠠᠨ ᠵᠥᠪᠳᠡᠯᠴᠡᠨ ᠰᠢᠢᠳᠪᠦᠷᠢᠯᠡᠬᠦ ᠶᠢ ᠰᠠᠨᠠᠭᠠᠴᠢᠯᠠᠵᠤ᠂ ᠤᠯᠠᠨ ᠤᠯᠤᠰ ᠤᠨ ᠡᠮᠬᠢ ᠵᠢᠷᠤᠮ ᠪᠠ ᠤᠯᠠᠨ | ᠤᠯᠤᠰ ᠤᠨ ᠰᠢᠰᠲ᠋ᠧᠮ ᠤᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠢᠶᠠᠷ ᠬᠥᠭᠵᠢᠬᠦ ᠶᠢ ᠠᠬᠢᠭᠤᠯᠤᠨ᠎ᠠ᠃ | ᠳᠤᠮᠳᠠᠳᠤ ᠤᠯᠤᠰ ᠡᠭᠦᠷᠢᠳᠡ ᠬᠥᠭᠵᠢᠵᠦ ᠪᠠᠶᠢᠭ᠎ᠠ ᠤᠯᠤᠰ ᠤᠳ ᠤᠨ ᠶᠡᠭᠡ ᠭᠡᠷ ᠪᠦᠯᠢ ᠶᠢᠨ ᠨᠢᠭᠡ ᠭᠡᠰᠢᠭᠦᠨ ᠮᠥᠨ᠂ | ᠬᠥᠭᠵᠢᠵᠦ ᠪᠠᠶᠢᠭ᠎ᠠ ᠤᠯᠤᠰ ᠤᠳ ᠤᠨ ᠤᠯᠠᠨ ᠤᠯᠤᠰ ᠤᠨ ᠵᠠᠰᠠᠯᠲᠠ ᠶᠢᠨ ᠰᠢᠰᠲ᠋ᠧᠮ ᠳᠠᠬᠢ ᠲᠥᠯᠥᠭᠡᠯᠡᠬᠦ ᠴᠢᠨᠠᠷ ᠪᠠ ᠦᠭᠡ | ᠬᠡᠯᠡᠬᠦ ᠡᠷᠬᠡ ᠶᠢ ᠳᠡᠭᠡᠭᠰᠢᠯᠡᠭᠦᠯᠬᠦ ᠪᠠᠷ ᠡᠷᠡᠰ ᠭᠤᠶᠢᠪᠢᠰᠢ ᠦᠭᠡᠢ ᠴᠢᠷᠮᠠᠶᠢᠨ᠎ᠠ ᠭᠡᠵᠦ ᠪᠢ ᠳᠠᠬᠢᠨᠲᠠ ᠢᠯᠡᠷᠬᠡᠶᠢᠯᠡᠶ᠎ᠡ᠃ | ᠳᠤᠮᠳᠠᠳᠤ ᠤᠯᠤᠰ ᠬᠡᠵᠢᠶᠡᠳᠡ ᠡᠵᠡᠷᠬᠡᠭᠴᠢ ᠪᠣᠯᠬᠤ ᠦᠭᠡᠢ᠂ ᠭᠠᠳᠠᠭᠰᠢ ᠥᠷᠭᠡᠳᠬᠡᠬᠦ ᠦᠭᠡᠢ᠂ ᠬᠦᠴᠦᠨ ᠤ ᠬᠦᠷᠢᠶ᠎ᠡ | ᠬᠡᠪᠴᠢᠶ᠎ᠡ ᠶᠢ ᠬᠥᠭᠡᠭᠡᠴᠡᠯᠳᠦᠬᠦ ᠦᠭᠡᠢ᠃ ᠳᠤᠮᠳᠠᠳᠤ ᠤᠯᠤᠰ ᠤᠨ ᠡᠪ ᠬᠠᠮᠲᠤ ᠨᠠᠮ ᠡᠯ᠎ᠡ ᠤᠯᠤᠰ ᠤᠨ ᠲᠦᠷᠦ ᠶᠢᠨ | ᠨᠠᠮ ᠲᠠᠢ ᠬᠠᠮᠲᠤ ᠪᠠᠷ᠂ ᠲᠦᠷᠦ ᠶᠢᠨ ᠨᠠᠮ ᠤᠨ ᠬᠤᠭᠤᠷᠣᠨᠳᠣᠬᠢ ᠵᠥᠪᠳᠡᠯᠴᠡᠭᠡ ᠬᠠᠮᠲᠤᠷᠠᠯᠴᠠᠭ᠎ᠠ ᠪᠠᠷ ᠳᠠᠮᠵᠢᠭᠤᠯᠤᠨ | ᠤᠯᠤᠰ ᠤᠨ ᠬᠤᠭᠤᠷᠣᠨᠳᠣᠬᠢ ᠵᠤᠬᠢᠴᠠᠩᠭᠤᠢ ᠬᠠᠮᠲᠤᠷᠠᠯᠴᠠᠭ᠎ᠠ ᠶᠢ ᠠᠬᠢᠭᠤᠯᠵᠤ᠂ ᠪᠦᠬᠦ ᠪᠥᠮᠪᠥᠷᠴᠡᠭ ᠤᠨ ᠵᠠᠰᠠᠯᠲᠠ ᠳᠤᠮᠳᠠ | ᠲᠦᠷᠦ ᠶᠢᠨ ᠨᠠᠮ ᠤᠨ ᠪᠠᠶᠢᠪᠠᠰᠤ ᠵᠣᠬᠢᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠤᠨ᠎ᠠ᠃ | ᠠᠪᠠᠭ᠋ᠠᠶ ᠨᠠᠷ᠂ ᠠᠪᠤᠭᠠᠶ ᠨᠠᠷ᠂ ᠨᠠᠶᠢᠵᠠ ᠨᠠᠷ ᠡ︕ | ᠬᠤᠯᠠ ᠬᠡᠮᠡᠨ ᠪᠢᠲᠡᠬᠡᠢ ᠴᠦᠬᠦ ᠶᠠᠪᠤᠪᠠᠰᠤ ᠬᠦᠷᠦᠮᠤᠢ︕ ᠤᠷᠤᠭᠰᠢᠯᠠᠬᠤ ᠵᠠᠮ ᠳᠠᠭᠠᠨ ᠳᠤᠲᠠᠭᠤ ᠳᠣᠷᠭᠤᠨ | ᠵᠣᠭᠰᠣᠬᠤ ᠦᠭᠡᠢ ᠪᠣᠯ ᠢᠷᠡᠭᠡᠳᠦᠶ ᠭᠡᠭᠡᠨ ᠰᠠᠷᠠᠭᠤᠯ ᠶᠤᠮ᠃ ᠡᠮᠦᠨᠡᠬᠢ ᠵᠠᠮ ᠮᠤᠷᠤᠶ ᠰᠠᠷᠤᠶ ᠪᠤᠯᠪᠠᠴᠤ ᠬᠦᠰᠡᠯ | ᠡᠷᠡᠮᠡᠯᠵᠡᠯ ᠢᠶᠠᠷ ᠪᠢᠯᠬᠠᠮ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠳᠤᠷᠠᠲᠠᠶ᠎ᠠ ᠦᠷᠭᠦᠯᠵᠢᠯᠡᠨ ᠡᠯ᠎ᠡ ᠤᠯᠤᠰ ᠤᠨ | ᠲᠦᠷᠦ ᠶᠢᠨ ᠨᠠᠮ ᠪᠣᠯᠤᠨ ᠤᠯᠤᠰ ᠲᠦᠷᠦ ᠶᠢᠨ ᠵᠣᠬᠢᠶᠠᠨ ᠪᠠᠶᠢᠭᠤᠯᠤᠯᠲᠠ ᠲᠠᠢ ᠬᠠᠮᠲᠤ ᠪᠠᠷ᠂ ᠲᠡᠦᠬᠡ ᠶᠢᠨ ᠵᠥᠪ ᠲᠠᠯ᠎ᠠ ᠳᠤ | ᠵᠣᠭᠰᠣᠵᠤ᠂ ᠬᠥᠮᠦᠨ ᠲᠥᠷᠥᠯᠬᠢᠲᠡᠨ ᠤ ᠲᠠᠪᠰᠢᠯᠳᠠ ᠶᠢᠨ ᠲᠠᠯ᠎ᠠ ᠳᠤ ᠵᠣᠭᠰᠣᠵᠤ᠂ ᠬᠥᠮᠦᠨ ᠲᠥᠷᠥᠯᠬᠢᠲᠡᠨ ᠤ ᠬᠤᠪᠢ | ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠶᠢ ᠠᠬᠢᠭᠤᠯᠬᠤ᠂ ᠨᠡᠩ ᠦᠵᠡᠰᠭᠦᠯᠡᠩᠲᠤ ᠰᠠᠶᠢᠬᠠᠨ ᠳᠡᠯᠡᠬᠡᠢ ᠶᠢᠷᠲᠢᠨᠴᠦ ᠶᠢ | ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ︕ | ᠣᠯᠠᠨ ᠳᠤ ᠪᠠᠶᠠᠷᠯᠠᠯ᠎ᠠ᠃ | |