ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 6 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶᠠᠨ ᠤ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ 6 ᠤ ᠡᠳᠦᠷ ᠪᠡᠭᠡᠵᠢᠩ ᠳᠤ ᠸᠢᠳᠢᠣ᠋ ᠬᠡᠯᠪᠡᠷᠢ ᠪᠠᠷ ᠳᠤᠮᠳᠠᠳᠤ | ᠤᠯᠤᠰ ᠤᠨ ᠡᠪ ᠬᠠᠮᠲᠤ ᠨᠠᠮ ᠪᠣᠯᠤᠨ ᠳᠡᠯᠡᠬᠡᠢ ᠶᠢᠨ ᠲᠦᠷᠦ ᠶᠢᠨ ᠨᠠᠮ ᠤᠨ ᠤᠳᠤᠷᠢᠳᠬᠤ ᠬᠥᠮᠦᠰ ᠤᠨ | ᠲᠦᠷᠦᠭᠦᠴᠦᠳ ᠤᠨ ᠬᠤᠷᠠᠯ ᠳᠤ ᠣᠷᠣᠯᠴᠠᠭᠰᠠᠨ ᠪᠥᠭᠡᠳ ︽ᠲᠦᠷᠦ ᠶᠢᠨ ᠨᠠᠮ ᠤᠨ ᠬᠠᠮᠲᠤᠷᠠᠯᠴᠠᠭ᠎ᠠ ᠶᠢ ᠴᠢᠩᠭᠠᠳᠬᠠᠵᠤ | ᠠᠷᠠᠳ ᠲᠦᠮᠡᠨ ᠤ ᠵᠣᠯ ᠵᠢᠷᠭᠠᠯ ᠢ ᠬᠠᠮᠲᠤ ᠪᠠᠷ ᠡᠷᠢᠯᠬᠢᠯᠡᠶ᠎ᠡ︾ ᠭᠡᠬᠦ ᠰᠡᠳᠦᠪ ᠢᠶᠠᠷ ᠭᠤᠣᠯ ᠵᠤᠷᠢᠯᠳᠠᠳᠤ ᠶᠠᠷᠢᠶ᠎ᠠ ᠲᠠᠯᠪᠢᠵᠤ᠂ | ᠲᠦᠷᠦ ᠶᠢᠨ ᠨᠠᠮ ᠨᠢ ᠬᠥᠮᠦᠨ ᠲᠥᠷᠥᠯᠬᠢᠲᠡᠨ ᠤ ᠲᠠᠪᠰᠢᠯᠳᠠ ᠶᠢ ᠠᠬᠢᠭᠤᠯᠬᠤ ᠴᠢᠬᠤᠯᠠ ᠬᠦᠴᠦᠨ ᠪᠣᠯᠤᠭᠰᠠᠨ ᠤ | ᠬᠤᠪᠢ ᠳᠤ᠂ ᠵᠥᠪ ᠤᠷᠤᠭᠰᠢᠯᠠᠬᠤ ᠴᠢᠭᠯᠡᠯ ᠢ ᠡᠵᠡᠮᠳᠡᠵᠦ᠂ ᠠᠷᠠᠳ ᠲᠦᠮᠡᠨ ᠳᠤ ᠵᠣᠯ ᠵᠢᠷᠭᠠᠯ ᠡᠳ᠋ᠯᠡᠭᠦᠯᠬᠦ᠂ ᠬᠥᠮᠦᠨ | ᠲᠥᠷᠥᠯᠬᠢᠲᠡᠨ ᠤ ᠲᠠᠪᠰᠢᠯᠳᠠ ᠶᠢ ᠪᠠᠶᠡᠯᠡᠭᠦᠯᠬᠦ ᠲᠡᠦᠬᠡᠲᠦ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ ᠳᠤᠮᠳᠠᠳᠤ | ᠤᠯᠤᠰ ᠤᠨ ᠡᠪ ᠬᠠᠮᠲᠤ ᠨᠠᠮ ᠳᠤᠷᠠᠲᠠᠶ᠎ᠠ ᠡᠯ᠎ᠡ ᠤᠯᠤᠰ ᠤᠨ ᠲᠦᠷᠦ ᠶᠢᠨ ᠨᠠᠮ ᠲᠠᠢ ᠬᠠᠮᠲᠤ ᠪᠠᠷ ᠴᠢᠷᠮᠠᠶᠢᠵᠤ᠂ ᠢᠮᠠᠭᠲᠠ | ᠭᠤᠶᠢᠪᠢᠰᠢ ᠦᠭᠡᠢ ᠪᠠᠷ ᠳᠡᠯᠡᠬᠡᠢ ᠶᠢᠨ ᠡᠩᠬᠡ ᠲᠠᠶᠢᠪᠤᠩ ᠤᠨ ᠪᠦᠲᠦᠭᠡᠨ ᠪᠠᠶᠢᠭᠤᠯᠤᠭᠴᠢ᠂ ᠪᠦᠬᠦ ᠪᠥᠮᠪᠥᠷᠴᠡᠭ ᠤᠨ | ᠬᠥᠭᠵᠢᠯᠲᠡ ᠳᠤ ᠬᠤᠪᠢ ᠨᠡᠮᠡᠷᠢ ᠦᠵᠡᠭᠦᠯᠦᠭᠴᠢ᠂ ᠤᠯᠠᠨ ᠤᠯᠤᠰ ᠤᠨ ᠡᠮᠬᠢ ᠳᠢᠭᠯᠢᠮ ᠤᠨ ᠬᠠᠮᠠᠭᠠᠯᠠᠭᠴᠢ ᠪᠣᠯᠤᠨ᠎ᠠ ᠭᠡᠵᠦ | ᠴᠢᠬᠤᠯᠠᠴᠢᠯᠠᠪᠠ᠃ | ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠳᠡᠯᠡᠬᠡᠢ ᠶᠢᠨ ᠲᠦᠷᠦ ᠶᠢᠨ ᠨᠠᠮ ᠤᠨ ᠤᠳᠤᠷᠢᠳᠬᠤ | ᠬᠥᠮᠦᠰ ᠤᠨ ᠲᠦᠷᠦᠭᠦᠴᠦᠳ ᠤᠨ ᠬᠤᠷᠠᠯ ︽ᠠᠷᠠᠳ ᠲᠦᠮᠡᠨ ᠳᠤ ᠵᠣᠯ ᠵᠢᠷᠭᠠᠯ ᠡᠳ᠋ᠯᠡᠭᠦᠯᠦᠶ᠎ᠠ᠄ ᠲᠦᠷᠦ ᠶᠢᠨ ᠨᠠᠮ ᠤᠨ | ᠬᠠᠷᠢᠭᠤᠴᠠᠯᠭ᠎ᠠ︾ ᠪᠠᠷ ᠭᠤᠣᠯ ᠰᠡᠳᠦᠪ ᠪᠣᠯᠭᠠᠪᠠ᠃ ᠲᠦᠷᠦᠭᠦᠴᠦᠳ ᠤᠨ ᠬᠤᠷᠠᠯ ᠤᠨ ᠭᠤᠤᠯ ᠬᠤᠷᠠᠯ ᠤᠨ ᠲᠠᠯᠠᠪᠠᠶ ᠶᠢ | ᠠᠷᠠᠳ ᠤᠨ ᠶᠡᠭᠡ ᠬᠤᠷᠠᠯ ᠤᠨ ᠲᠠᠩᠬᠢᠮ ᠤᠨ ᠠᠯᠲᠠᠨ ᠰᠢᠷᠭᠠᠯ ᠶᠡᠭᠡ ᠲᠢᠩᠬᠢᠮ ᠳᠤ ᠲᠣᠬᠢᠷᠠᠭᠤᠯᠪᠠ᠃ ᠠᠯᠲᠠᠨ ᠰᠢᠷᠭᠠᠯ | ᠶᠡᠭᠡ ᠲᠢᠩᠬᠢᠮ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠲᠤᠭ ᠪᠣᠯᠤᠨ ᠬᠤᠷᠠᠯ ᠳᠤ ᠣᠷᠣᠯᠴᠠᠭᠰᠠᠨ | ᠭᠠᠳᠠᠭᠠᠳᠤ ᠤᠯᠤᠰ ᠤᠨ ᠲᠥᠷᠥ ᠶᠢᠨ ᠨᠠᠮ ᠤᠨ ᠨᠠᠮ ᠤᠨ ᠲᠤᠭ ᠰᠣᠯᠪᠢᠴᠠᠨ ᠭᠡᠷᠡᠯᠲᠦᠵᠦ᠂ ᠰᠦᠷᠯᠢᠭ ᠰᠠᠶᠢᠬᠠᠨ ᠨᠠᠮ ᠤᠨ | ᠲᠤᠭ ᠤᠨ ᠵᠢᠭᠰᠠᠭᠠᠯ ᠢᠯᠡᠷᠡᠪᠡ᠃ ᠬᠤᠷᠠᠯ ᠤᠨ ᠲᠠᠯᠠᠪᠠᠶ ᠳᠤ ᠲᠠᠪᠤᠨ ᠲᠣᠮᠣ ᠳᠡᠯᠭᠡᠴᠡ ᠲᠤᠬᠢᠷᠠᠭᠤᠯᠵᠤ᠂ ᠳᠡᠯᠡᠬᠡᠶ ᠶᠢᠨ ᠡᠯ᠎ᠡ | ᠤᠯᠤᠰ ᠤᠨ ᠲᠥᠷᠥ ᠶᠢᠨ ᠨᠠᠮ ᠤᠨ ᠤᠳᠤᠷᠢᠳᠬᠤ ᠬᠥᠮᠦᠰ ᠤᠨ ︽ᠡᠭᠦᠯᠡᠨ ᠲᠠᠪᠴᠠᠩ︾ ᠳᠤ ᠴᠤᠭᠯᠠᠷᠠᠵᠤ᠂ ᠶᠡᠭᠡ | ᠪᠣᠳᠣᠯᠭ᠎ᠠ ᠶᠢ ᠬᠠᠮᠲᠤ ᠪᠠᠷ ᠡᠷᠢᠯᠬᠢᠯᠡᠵᠦ᠂ ᠢᠷᠡᠭᠡᠳᠦᠶ ᠶᠢᠨ ᠲᠤᠬᠠᠶ ᠬᠠᠮᠲᠤ ᠪᠠᠷ ᠶᠠᠷᠢᠯᠴᠠᠭᠰᠠᠨ ᠠᠮᠢᠳᠤᠯᠢᠭ ᠪᠠᠶᠢᠳᠠᠯ ᠢ | ᠭᠦᠢᠴᠡᠳ ᠢᠯᠡᠷᠡᠭᠦᠯᠪᠡ᠃ | ᠰᠢ ᠶᠢᠨ ᠫᠢᠩ ᠡᠩ ᠲᠡᠷᠢᠭᠦᠨ ᠳᠤ ᠭᠤᠣᠯ ᠵᠤᠷᠢᠯᠳᠠᠳᠤ ᠶᠠᠷᠢᠶ᠎ᠠ ᠲᠠᠯᠪᠢᠪᠠ᠃ ᠲᠡᠷᠡ᠂ ᠳᠤᠮᠳᠠᠳᠤ ᠤᠯᠤᠰ ᠤᠨ | ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠲᠤᠷᠰᠢ᠂ ᠳᠤᠮᠳᠠᠳᠤ ᠤᠯᠤᠰ ᠤᠨ ᠠᠷᠠᠳ ᠲᠦᠮᠡᠨ ᠢ | ᠪᠦᠯᠬᠦᠮᠳᠡᠭᠦᠯᠦᠨ ᠳᠠᠭᠠᠭᠤᠯᠵᠤ ᠦᠷᠭᠦᠯᠵᠢᠯᠡᠨ ᠲᠡᠮᠡᠴᠡᠵᠦ᠂ ᠳᠤᠮᠳᠠᠳᠤ ᠶᠢᠨ ᠦᠨᠳᠦᠰᠦᠲᠡᠨ ᠤ ᠪᠣᠰᠴᠤ ᠵᠣᠭᠰᠣᠭᠰᠠᠨ ᠪᠠ | ᠪᠠᠶᠠᠵᠢᠭᠰᠠᠨ ᠠᠴᠠ ᠪᠠᠨ ᠬᠦᠴᠦᠷᠬᠡᠭᠵᠢᠭᠰᠡᠨ ᠠᠭᠤᠤ ᠶᠡᠭᠡ ᠦᠰᠦᠷᠦᠯᠲᠡ ᠶᠢ ᠠᠬᠢᠭᠤᠯᠪᠠ᠃ ᠳᠤᠮᠳᠠᠳᠤ ᠤᠯᠤᠰ ᠤᠨ ᠡᠪ | ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠪᠤᠯᠤᠨ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠤ ᠬᠤᠪᠢ | ᠵᠠᠶᠠᠭ᠎ᠠ ᠪᠠᠨ ᠬᠠᠮᠲᠤᠳᠬᠠᠬᠤ ᠶᠢ ᠪᠠᠷᠢᠮᠲᠠᠯᠠᠵᠤ᠂ ᠳᠡᠯᠡᠬᠡᠢ ᠶᠢᠨ ᠶᠡᠭᠡ ᠲᠠᠯ᠎ᠠ ᠪᠣᠯᠤᠨ ᠴᠠᠭ ᠦᠶ᠎ᠡ ᠶᠢᠨ ᠤᠷᠤᠰᠬᠠᠯ ᠳᠤᠮᠳᠠ | ᠳᠤᠮᠳᠠᠳᠤ ᠤᠯᠤᠰ ᠤᠨ ᠬᠥᠭᠵᠢᠯᠲᠡ ᠶᠢᠨ ᠤᠷᠤᠭᠰᠢᠯᠠᠯᠲᠠ ᠶᠢᠨ ᠴᠢᠭᠯᠡᠯ ᠢ ᠡᠵᠡᠮᠰᠢᠵᠦ᠂ ᠡᠯ᠎ᠡ ᠤᠯᠤᠰ ᠤᠨ ᠬᠠᠮᠲᠤ ᠶᠢᠨ | ᠬᠥᠭᠵᠢᠯ ᠴᠡᠴᠡᠭᠯᠡᠯ ᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠥᠨᠥᠳᠦᠷ᠂ ᠬᠥᠮᠦᠨ ᠲᠥᠷᠥᠯᠬᠢᠲᠡᠨ ᠤ ᠨᠡᠶᠢᠭᠡᠮ ᠠᠯᠢ ᠵᠠᠮ ᠢᠶᠠᠷ ᠶᠠᠪᠤᠬᠤ ᠲᠡᠦᠬᠡ ᠶᠢᠨ ᠴᠠᠭ | ᠦᠶ᠎ᠠ ᠳᠤ ᠳᠠᠬᠢᠨᠲᠠ ᠲᠤᠯᠭᠠᠷᠠᠪᠠ᠂ ᠰᠤᠩᠭᠤᠯᠲᠠ ᠪᠢᠳᠡᠨ ᠤ ᠭᠠᠷ ᠲᠤ ᠪᠠᠶᠢᠨ᠎ᠠ᠂ ᠬᠠᠷᠢᠭᠤᠴᠠᠯᠭ᠎ᠠ ᠪᠢᠳᠡᠨ ᠤ ᠮᠥᠷᠥᠨ | ᠳᠡᠭᠡᠷ᠎ᠡ ᠲᠠᠯᠪᠢᠬᠳᠠᠵᠦ ᠪᠠᠶᠢᠨ᠎ᠠ᠃ ᠬᠠᠮᠲᠤ ᠶᠢᠨ ᠥᠷᠢᠰᠥᠯᠳᠦᠭᠡᠨ ᠤ ᠡᠮᠦᠨ᠎ᠡ᠂ ᠬᠥᠮᠦᠨ ᠲᠥᠷᠥᠯᠬᠢᠲᠡᠨ ᠳᠤ ᠰᠡᠳᠬᠢᠯ | ᠨᠢᠭᠡᠳᠦᠨ ᠬᠦᠴᠦ ᠪᠠᠨ ᠬᠠᠮᠲᠤᠳᠬᠠᠵᠤ᠂ ᠡᠶ᠎ᠡ ᠨᠠᠶᠢᠷᠲᠠᠢ ᠪᠠᠷ ᠬᠠᠮᠲᠤ ᠣᠷᠣᠰᠢᠬᠤ ᠭᠠᠭᠴᠠᠬᠠᠨ ᠯᠠ ᠵᠠᠮ ᠪᠠᠶᠢᠳᠠᠭ᠃ | ᠲᠦᠷᠦ ᠶᠢᠨ ᠨᠠᠮ ᠨᠢ ᠬᠥᠮᠦᠨ ᠲᠥᠷᠥᠯᠬᠢᠲᠡᠨ ᠤ ᠲᠠᠪᠰᠢᠯᠳᠠ ᠶᠢ ᠠᠬᠢᠭᠤᠯᠬᠤ ᠴᠢᠬᠤᠯᠠ ᠬᠦᠴᠦᠨ ᠪᠣᠯᠤᠭᠰᠠᠨ ᠤ | ᠬᠤᠪᠢ ᠳᠤ᠂ ᠵᠥᠪ ᠤᠷᠤᠭᠰᠢᠯᠠᠯᠳᠠ ᠶᠢᠨ ᠴᠢᠭᠯᠡᠯ ᠢ ᠡᠵᠡᠮᠳᠡᠵᠦ᠂ ᠲᠡᠦᠬᠡᠲᠦ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ | ᠭᠡᠵᠦ ᠴᠢᠬᠤᠯᠠᠴᠢᠯᠠᠪᠠ᠃ | ᠨᠢᠭᠡᠳᠦᠭᠡᠷ ᠲᠤ᠂ ᠪᠢᠳᠠ ᠴᠢᠭᠯᠡᠯ ᠢ ᠬᠦᠳᠦᠯᠦᠨ ᠳᠠᠭᠠᠭᠤᠯᠬᠤ ᠬᠠᠷᠢᠭᠤᠴᠠᠯᠭ᠎ᠠ ᠶᠢ ᠡᠭᠦᠷᠭᠡᠯᠡᠵᠦ᠂ ᠬᠥᠮᠦᠨ | ᠲᠥᠷᠥᠯᠬᠢᠲᠡᠨ ᠤ ᠬᠠᠮᠲᠤ ᠶᠢᠨ ᠢᠷᠡᠭᠡᠳᠦᠢ ᠶᠢ ᠡᠵᠡᠮᠳᠡᠨ ᠴᠣᠭᠴᠠᠯᠠᠶ᠎ᠠ᠃ ᠶᠡᠭᠡ ᠴᠠᠭ ᠦᠶ᠎ᠡ ᠳᠤ ᠶᠡᠭᠡ ᠪᠠᠶᠢᠷᠢᠰᠢᠯ | ᠱᠠᠭᠠᠷᠳᠠᠭᠳᠠᠨ᠎ᠠ᠂ ᠶᠡᠭᠡ ᠪᠠᠶᠢᠷᠢᠰᠢᠯ ᠨᠢ ᠠᠭᠤᠳᠠᠮ ᠪᠠᠭᠳᠠᠭᠠᠮᠵᠢᠳᠠᠢ ᠪᠠᠶᠢᠬᠤ ᠶᠢ ᠤᠷᠢᠶᠠᠯᠠᠨ᠎ᠠ᠃ ᠪᠢᠳᠡ ᠠᠷᠠᠳ ᠲᠦᠮᠡᠨ ᠤ | ᠬᠦᠰᠡᠯ ᠰᠠᠨᠠᠭ᠎ᠠ ᠶᠢ ᠰᠣᠨᠣᠰᠴᠤ᠂ ᠴᠠᠭ ᠦᠶ᠎ᠡ ᠶᠢᠨ ᠤᠷᠤᠰᠬᠠᠯ ᠳᠤ ᠵᠤᠬᠢᠴᠠᠨ᠂ ᠡᠯ᠎ᠡ ᠤᠯᠤᠰ ᠤᠨ ᠬᠢᠨ ᠵᠣᠬᠢᠴᠠᠭᠤᠯᠭ᠎ᠠ | ᠪᠠ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠠᠬᠢᠭᠤᠯᠵᠤ᠂ ᠲᠤᠰ ᠤᠯᠤᠰ ᠤᠨ ᠢᠶᠠᠨ ᠠᠷᠠᠳ ᠲᠦᠮᠡᠨ ᠤ ᠠᠰᠢᠭ | ᠲᠤᠰᠠ ᠶᠢ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠤ ᠠᠰᠢᠭ ᠲᠤᠰᠠ ᠲᠠᠢ ᠨᠢᠭᠡᠳᠬᠡᠵᠦ᠂ ᠬᠥᠮᠦᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠴᠢᠭᠯᠡᠯ ᠲᠡᠶᠢᠰᠢ ᠤᠷᠤᠭᠰᠢᠯᠠᠶ᠎ᠠ᠃ | ᠬᠤᠶᠠᠳᠤᠭᠠᠷ ᠲᠤ᠂ ᠪᠢᠳᠡ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠬᠠᠷᠢᠭᠤᠴᠠᠯᠭ᠎ᠠ ᠶᠢ ᠡᠭᠦᠷᠭᠡᠯᠡᠵᠦ᠂ ᠡᠩᠬᠡ | ᠲᠠᠶᠢᠪᠤᠩ᠂ ᠬᠥᠭᠵᠢᠯᠲᠡ᠂ ᠲᠥᠪ ᠭᠤᠣᠯᠴᠢ᠂ ᠰᠢᠳᠤᠷᠭᠤ ᠶᠣᠰᠣ᠂ ᠠᠷᠠᠳᠴᠢᠯᠠᠯ᠂ ᠡᠷᠬᠡ ᠴᠢᠯᠥᠭᠡ ᠵᠡᠷᠭᠡ ᠪᠦᠬᠦ ᠬᠥᠮᠦᠨ | ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠷᠢᠮᠲᠠᠯᠠᠨ ᠪᠠᠳᠠᠷᠠᠭᠤᠯᠤᠶ᠎ᠠ᠃ ᠪᠢᠳᠡ ᠬᠥᠮᠦᠨ ᠲᠥᠷᠥᠯᠬᠢᠲᠡᠨ ᠤ ᠢᠷᠡᠭᠡᠳᠦᠢ | ᠬᠤᠪᠢ ᠵᠠᠶᠠᠭ᠎ᠠ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ᠂ ᠠᠳᠠᠯᠢ ᠪᠤᠰᠤ ᠪᠣᠯᠪᠠᠰᠤᠨ ᠤ ᠦᠷᠲᠡᠭ ᠤᠨ | ᠠᠭᠤᠯᠤᠭᠳᠠᠬᠤᠨ ᠤ ᠲᠤᠬᠠᠢ ᠲᠠᠨᠢᠯᠳᠠ ᠶᠢ ᠠᠭᠤᠳᠠᠮ ᠪᠠᠭᠲᠠᠭᠠᠮᠵᠢᠲᠠᠢ ᠪᠠᠷ ᠣᠶᠢᠯᠠᠭᠠᠵᠤ᠂ ᠠᠳᠠᠯᠢ ᠪᠤᠰᠤ ᠤᠯᠤᠰ ᠤᠨ | ᠠᠷᠠᠳ ᠲᠦᠮᠡᠨ ᠤ ᠦᠷᠲᠡᠭ ᠢᠶᠠᠨ ᠪᠡᠶᠡᠯᠡᠭᠦᠯᠬᠦ ᠠᠷᠭ᠎ᠠ ᠵᠠᠮ ᠤᠨ ᠬᠠᠶᠢᠨ ᠰᠦᠪᠡᠭᠴᠢᠯᠡᠯᠲᠡ ᠶᠢ ᠬᠦᠨᠳᠦᠳᠬᠡᠵᠦ᠂ ᠪᠦᠬᠦ | ᠬᠥᠮᠦᠨ ᠲᠥᠷᠥᠯᠬᠢᠲᠡᠨ ᠤ ᠬᠠᠮᠲᠤ ᠶᠢᠨ ᠦᠷᠲᠡᠭ ᠢ ᠲᠤᠰ ᠤᠯᠤᠰ ᠤᠨ ᠢᠶᠠᠨ ᠠᠷᠠᠳ ᠲᠦᠮᠡᠨ ᠤ ᠠᠰᠢᠭ ᠲᠤᠰᠠ ᠶᠢ | ᠪᠡᠶᠡᠯᠡᠭᠦᠯᠬᠦ ᠦᠢᠯᠡᠳᠦᠯᠭᠡ ᠳᠤ ᠪᠣᠳᠠᠲᠠᠢ ᠪᠦᠭᠡᠳ ᠠᠬᠤᠢᠢᠴᠢ ᠪᠠᠷ ᠢᠯᠡᠷᠡᠭᠦᠯᠦᠶᠠ᠃ | ᠭᠤᠷᠪᠠᠳᠤᠭᠠᠷ ᠲᠤ᠂ ᠪᠢᠳᠡ ᠬᠥᠭᠵᠢᠯᠲᠡ ᠶᠢ ᠠᠬᠢᠭᠤᠯᠬᠤ ᠬᠠᠷᠢᠭᠤᠴᠠᠯᠭ᠎ᠠ ᠶᠢ ᠡᠭᠦᠷᠭᠡᠯᠡᠵᠦ᠂ ᠬᠥᠭᠵᠢᠯᠲᠡ ᠶᠢᠨ | ᠦᠷ᠎ᠡ ᠪᠦᠲᠦᠭᠡᠯ ᠢ ᠡᠯ᠎ᠡ ᠤᠯᠤᠰ ᠤᠨ ᠠᠷᠠᠳ ᠲᠦᠮᠡᠨ ᠳᠤ ᠨᠡᠩ ᠤᠯᠠᠨ ᠨᠡᠩ ᠭᠤᠣᠯᠴᠢ ᠪᠠᠷ ᠬᠦᠷᠲᠡᠭᠡᠶ᠎ᠠ᠃ ᠬᠥᠮᠦᠨ | ᠲᠥᠷᠥᠯᠬᠢᠲᠡᠨ ᠤ ᠵᠣᠯ ᠵᠢᠷᠭᠠᠯ ᠢ ᠬᠥᠭᠡᠭᠡᠴᠡᠯᠳᠦᠬᠦ ᠵᠠᠮ ᠳᠡᠭᠡᠷ᠎ᠡ᠂ ᠨᠢᠭᠡ ᠤᠯᠤᠰ᠂ ᠨᠢᠭᠡ ᠦᠨᠳᠦᠰᠦᠲᠡᠨ ᠢ ᠴᠦ | ᠣᠷᠬᠢᠭᠳᠠᠭᠤᠯᠵᠤ ᠪᠣᠯᠬᠤ ᠦᠭᠡᠢ᠃ ᠳᠡᠯᠡᠬᠡᠢ ᠳᠡᠭᠡᠷᠡᠬᠢ ᠠᠯᠢᠪᠠ ᠤᠯᠤᠰ᠂ ᠠᠯᠢᠪᠠ ᠦᠨᠳᠦᠰᠦᠲᠡᠨ ᠴᠥᠮ | ᠬᠥᠭᠵᠢᠯᠲᠡ ᠶᠢᠨ ᠠᠵᠠ ᠲᠣᠬᠢᠶᠠᠯ ᠪᠠ ᠡᠷᠬᠡ ᠶᠢ ᠡᠷᠬᠡ ᠲᠡᠭᠰᠢ ᠪᠠᠷ ᠡᠳ᠋ᠯᠡᠬᠦ ᠶᠣᠰᠣᠲᠠᠢ ᠶᠤᠮ᠃ ᠪᠤᠰᠤᠳ ᠤᠯᠤᠰ ᠤᠨ | ᠬᠥᠭᠵᠢᠯᠲᠡ ᠶᠢ ᠬᠠᠷᠰᠢᠯᠠᠬᠤ᠂ ᠪᠤᠰᠤᠳ ᠤᠯᠤᠰ ᠤᠨ ᠠᠷᠠᠳ ᠲᠦᠮᠡᠨ ᠤ ᠠᠮᠢᠳᠤᠷᠠᠯ ᠢ ᠬᠤᠬᠢᠷᠠᠭᠤᠯᠬᠤ ᠪᠠᠷ ᠬᠢᠬᠠᠬᠰᠠᠨ | ᠶᠠᠮᠠᠷᠪᠠ ᠤᠯᠤᠰ ᠲᠦᠷᠦ ᠶᠢᠨ ᠤᠷᠤᠯᠳᠤᠯᠭ᠎ᠠ ᠨᠢ ᠴᠥᠮ ᠬᠥᠮᠦᠨ ᠤ ᠰᠡᠳᠬᠢᠯ ᠢ ᠤᠯᠬᠤ ᠦᠭᠡᠢ ᠪᠥᠭᠡᠳ ᠡᠴᠦᠰ ᠲᠡᠭᠡᠨ | ᠲᠠᠯᠠᠭᠠᠷ ᠪᠣᠯᠤᠨ᠎ᠠ︕ | ᠳᠥᠷᠪᠡᠳᠦᠭᠡᠷ ᠲᠤ᠂ ᠪᠢᠳᠡ ᠬᠠᠮᠲᠤᠷᠠᠯᠴᠠᠭ᠎ᠠ ᠪᠠᠨ ᠴᠢᠩᠭᠠᠳᠬᠠᠬᠤ ᠬᠠᠷᠢᠭᠤᠴᠠᠯᠭ᠎ᠠ ᠶᠢ ᠡᠭᠦᠷᠭᠡᠯᠡᠵᠦ᠂ ᠪᠦᠬᠦ | ᠪᠥᠮᠪᠥᠷᠴᠡᠭ ᠤᠨ ᠴᠢᠨᠠᠷᠲᠠᠢ ᠠᠶᠤᠯ ᠲᠦᠭᠰᠢᠭᠦᠷᠢ ᠪᠣᠯᠤᠨ ᠥᠷᠢᠰᠥᠯᠳᠦᠭᠡᠨ ᠢ ᠭᠠᠷ ᠬᠤᠯᠪᠣᠯᠴᠠᠨ ᠠᠷᠭᠠᠴᠠᠭᠠᠶ᠎ᠠ᠃ ᠪᠢᠳᠡ | ᠰᠢᠨᠵᠢᠯᠡᠬᠦ ᠤᠬᠠᠭᠠᠨᠴᠢ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠪᠦᠯᠬᠦᠮᠳᠡᠨ ᠬᠠᠮᠲᠤᠷᠠᠯᠴᠠᠬᠤ ᠶᠢ | ᠰᠠᠨᠠᠭᠠᠴᠢᠯᠠᠵᠤ᠂ ᠬᠢᠵᠢᠭ ᠢ ᠤᠯᠤᠰ ᠲᠥᠷᠥᠴᠢᠯᠡᠬᠦ ᠶᠢ ᠡᠰᠡᠷᠭᠦᠴᠡᠵᠤ᠂ ᠬᠥᠮᠦᠨ ᠲᠥᠷᠥᠯᠬᠢᠲᠡᠨ ᠤ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠬᠠᠮᠲᠤ ᠴᠣᠭᠴᠠ ᠶᠢ ᠪᠠᠶᠢᠭᠤᠯᠬᠤ ᠶᠢ ᠬᠠᠮᠲᠤ ᠪᠠᠷ ᠠᠬᠢᠭᠤᠯᠤᠶ᠎ᠠ︔ ᠬᠠᠮᠲᠤᠷᠠᠯᠴᠠᠭ᠎ᠠ ᠪᠠᠷ ᠠᠮᠤᠷ | ᠲᠦᠪᠰᠢᠨ᠂ ᠲᠣᠭᠲᠠᠭᠤᠨ ᠪᠠᠶᠢᠳᠠᠯ ᠢ ᠪᠣᠳᠣᠯᠬᠢᠯᠠᠵᠤ᠂ ᠠᠮᠤᠷ ᠲᠦᠪᠰᠢᠨ ᠤ ︽ᠬᠠᠯᠬᠠᠪᠴᠢ︾ ᠶᠢ ᠬᠠᠮᠲᠤ ᠪᠠᠷ ᠰᠠᠶᠢᠲᠤᠷ | ᠴᠣᠭᠴᠠᠯᠠᠶ᠎ᠠ︔ ᠪᠠᠶᠢᠭᠠᠯᠢ ᠶᠢ ᠬᠦᠨᠳᠦᠳᠬᠡᠬᠦ᠂ ᠪᠠᠶᠢᠭᠠᠯᠢ ᠲᠠᠢ ᠵᠣᠬᠢᠴᠠᠬᠤ᠂ ᠪᠠᠶᠢᠭᠠᠯᠢ ᠶᠢ ᠬᠠᠮᠠᠭᠠᠯᠠᠬᠤ ᠶᠢ ᠪᠠᠷᠢᠮᠲᠠᠯᠠᠵᠤ᠂ | ᠪᠣᠬᠢᠷᠲᠤᠯ ᠦᠭᠡᠢ ᠭᠡᠷ ᠣᠷᠣᠨ ᠢ ᠬᠠᠮᠲᠤ ᠪᠠᠷ ᠪᠠᠶᠢᠭᠤᠯᠤᠶ᠎ᠠ︔ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ᠂ ᠰᠡᠳᠬᠢᠯ | ᠨᠢᠭᠡᠳᠦᠨ ᠬᠦᠴᠦ ᠪᠠᠨ ᠬᠠᠮᠲᠤᠳᠬᠠᠵᠤ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ | ᠵᠠᠮ ᠢ ᠬᠠᠮᠲᠤ ᠪᠠᠷ ᠰᠦᠪᠡᠭᠴᠢᠯᠡᠶ᠎ᠠ᠃ | ᠲᠠᠪᠤᠳᠤᠭᠠᠷ ᠲᠤ᠂ ᠪᠢᠳᠡ ᠵᠠᠰᠠᠯᠲᠠ ᠶᠢ ᠲᠡᠭᠦᠯᠳᠡᠷᠵᠢᠭᠦᠯᠬᠦ ᠬᠠᠷᠢᠭᠤᠴᠠᠯᠭ᠎ᠠ ᠶᠢ ᠡᠭᠦᠷᠭᠡᠯᠡᠵᠦ᠂ ᠠᠷᠠᠳ | ᠲᠦᠮᠡᠨ ᠳᠤ ᠵᠣᠯ ᠵᠢᠷᠭᠠᠯ ᠡᠳ᠋ᠯᠡᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠴᠢᠩᠭᠠᠳᠬᠠᠶ᠎ᠠ᠃ ᠵᠣᠯ ᠵᠢᠷᠭᠠᠯ ᠢ ᠤᠯᠬᠤ ᠵᠠᠮ | ᠠᠳᠠᠯᠢ ᠪᠤᠰᠤ ᠪᠠᠶᠢᠲᠠᠭ᠂ ᠡᠯ᠎ᠡ ᠤᠯᠤᠰ ᠤᠨ ᠠᠷᠠᠳ ᠲᠦᠮᠡᠨ ᠥᠪᠡᠷ ᠤᠨ ᠬᠥᠭᠵᠢᠯᠲᠡ ᠶᠢᠨ ᠵᠠᠮ ᠪᠣᠯᠤᠨ ᠪᠠᠶᠢᠭᠤᠯᠤᠯ ᠤᠨ | ᠵᠠᠭᠪᠤᠷ ᠢᠶᠠᠨ ᠰᠣᠩᠭᠤᠬᠤ ᠡᠷᠬᠡ ᠲᠠᠢ᠂ ᠡᠨᠡ ᠨᠢ ᠳᠠᠷᠤᠢ ᠠᠷᠠᠳ ᠲᠦᠮᠡᠨ ᠤ ᠵᠣᠯ ᠵᠢᠷᠭᠠᠯ ᠤᠨ ᠪᠠᠶᠢᠪᠠᠰᠤ ᠵᠣᠬᠢᠬᠤ | ᠠᠭᠤᠯᠭ᠎ᠠ ᠪᠣᠯᠤᠨ᠎ᠠ᠃ ᠨᠢᠭᠡ ᠤᠯᠤᠰ ᠠᠷᠠᠳᠴᠢᠯᠠᠯ ᠲᠠᠢ ᠡᠰᠡᠭᠦ ᠶᠢ ᠲᠡᠷᠡ ᠤᠯᠤᠰ ᠤᠨ ᠠᠷᠠᠳ ᠲᠦᠮᠠᠠ ᠢᠶᠠᠷ ᠦᠨᠡᠯᠡᠭᠦᠯᠬᠦ | ᠴᠢᠬᠤᠯᠠᠲᠠᠢ᠂ ᠬᠠᠷᠢᠨ ᠴᠥᠭᠡᠨ ᠲᠣᠭᠠᠨ ᠤ ᠬᠥᠮᠦᠨ ᠬᠡᠯᠡᠭᠡᠳ ᠪᠣᠯᠴᠢᠬᠠᠬᠤ ᠪᠢᠰᠢ︕ ᠪᠢᠳᠡ ᠰᠣᠯᠢᠯᠴᠠᠭ᠎ᠠ ᠬᠢᠵᠦ | ᠬᠠᠷᠢᠯᠴᠠᠨ ᠲᠤᠯᠢ ᠪᠣᠯᠭᠠᠬᠤ ᠪᠠᠨ ᠴᠢᠩᠭᠠᠳᠬᠠᠵᠤ᠂ ᠲᠤᠰ ᠤᠯᠤᠰ ᠤᠨ ᠢᠶᠠᠨ ᠪᠠᠶᠢᠳᠠᠯ ᠳᠤ ᠵᠣᠬᠢᠴᠠᠭᠰᠠᠨ ᠠᠷᠠᠳᠴᠢᠯᠠᠭᠰᠠᠨ | ᠤᠯᠤᠰ ᠲᠦᠷᠦ ᠶᠢᠨ ᠪᠠᠶᠢᠭᠤᠯᠤᠯᠲᠠ ᠶᠢ ᠠᠬᠢᠭᠤᠯᠤᠶ᠎ᠠ᠃ | ᠰᠢ ᠶᠢᠨ ᠫᠢᠩ᠂ ᠲᠤᠮᠲᠠᠲᠤ ᠤᠯᠤᠰ ᠤᠨ ᠤᠴᠢᠷ ᠶᠠᠪᠤᠲᠠᠯ ᠢᠶᠠᠨ ᠰᠠᠶᠢᠨ ᠬᠢᠵᠦ᠂ 14 ᠳ᠋ᠦᠩᠰᠢᠭᠤᠷ ᠭᠠᠷᠤᠢ | ᠳᠤᠮᠳᠠᠳᠤ ᠤᠯᠤᠰ ᠤᠨ ᠠᠷᠠᠳ ᠲᠦᠮᠡᠨ ᠳᠤ ᠨᠡᠩ ᠰᠠᠶᠢᠨ ᠰᠠᠶᠢᠬᠠᠨ ᠠᠮᠢᠳᠤᠷᠠᠯ ᠢ ᠡᠳ᠋ᠯᠡᠭᠦᠯᠵᠦ᠂ ᠬᠥᠮᠦᠨ ᠲᠥᠷᠥᠯᠬᠢᠲᠡᠨ ᠤ | ᠡᠩᠬᠡ ᠲᠠᠶᠢᠪᠤᠩ ᠬᠢᠭᠡᠳ ᠬᠥᠭᠵᠢᠯᠲᠡ ᠶᠢᠨ ᠡᠷᠬᠢᠮ ᠳᠡᠭᠡᠳᠦ ᠦᠢᠯᠡᠰ ᠢ ᠠᠬᠢᠭᠤᠯᠬᠤ ᠪᠣᠯ ᠳᠤᠮᠳᠠᠳᠤ ᠤᠯᠤᠰ ᠤᠨ ᠡᠪ | ᠬᠠᠮᠲᠤ ᠨᠠᠮ ᠤᠨ ᠬᠤᠪᠢᠷᠠᠰᠢ ᠦᠭᠡᠢ ᠲᠡᠮᠡᠴᠡᠬᠦ ᠬᠠᠷᠠᠯᠲᠠ ᠮᠥᠨ᠃ ᠳᠤᠮᠳᠠᠳᠤ ᠤᠯᠤᠰ ᠤᠨ ᠡᠪ ᠬᠠᠮᠲᠤ ᠨᠠᠮ ᠠᠷᠠᠳ | ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠥᠷᠭᠡᠨ ᠠᠭᠤᠳᠠᠮ ᠴᠠᠭ ᠣᠷᠣᠨ | ᠵᠠᠢ ᠶᠢᠨ ᠦᠷᠭᠡᠷᠢᠭ ᠠᠴᠠ ᠦᠨᠳᠦᠰᠦᠲᠡᠨ ᠤ ᠰᠡᠷᠭᠦᠨ ᠮᠠᠨᠳᠤᠯᠲᠠ ᠪᠣᠯᠤᠨ ᠬᠥᠮᠦᠨ ᠲᠥᠷᠥᠯᠬᠢᠲᠡᠨ ᠤ ᠲᠠᠪᠰᠢᠯᠳᠠ ᠶᠢᠨ | ᠤᠳᠬ᠎ᠠ ᠬᠦᠨ ᠰᠡᠳᠦᠪ ᠢ ᠪᠣᠳᠣᠯᠬᠢᠯᠠᠵᠤ᠂ ᠡᠯ᠎ᠠ ᠤᠯᠤᠰ ᠤᠨ ᠲᠦᠷᠦ ᠶᠢᠨ ᠨᠠᠮ ᠲᠠᠢ ᠬᠠᠮᠲᠤ ᠪᠠᠷ ᠴᠢᠷᠮᠠᠶᠢᠵᠦ ᠪᠠᠶᠢᠭᠠᠳ | ᠨᠡᠩ ᠰᠠᠶᠢᠨ ᠰᠠᠶᠢᠬᠠᠨ ᠢᠷᠡᠭᠡᠳᠦᠢ ᠶᠢ ᠴᠣᠭᠴᠠᠯᠠᠨ᠎ᠠ ᠭᠡᠵᠦ ᠵᠢᠭᠠᠵᠤ ᠭᠠᠷᠭᠠᠪᠠ᠃ | — ᠲᠤᠮᠳᠠᠳᠤ ᠤᠯᠤᠰ ᠤᠨ ᠡᠪ ᠬᠠᠮᠲᠤ ᠨᠠᠮ ᠲᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ | ᠲᠠᠭᠠᠭᠤᠯᠵᠤ ᠲᠤᠮᠳᠠᠳᠤ ᠤᠯᠤᠰ ᠤᠨ ᠤᠨᠴᠠᠯᠢᠭ ᠲᠠᠢ ᠤᠳᠤᠬᠢᠴᠢᠯᠠᠯᠲᠠ ᠶᠢ ᠭᠦᠨᠵᠡᠭᠡᠢ ᠠᠬᠢᠭᠤᠯᠵᠤ᠂ ᠬᠦᠮᠦᠨ | ᠲᠦᠷᠦᠯᠬᠢᠲᠡᠨ ᠤ ᠤᠳᠤᠬᠢᠴᠢᠯᠠᠯᠲᠠ ᠶᠢᠨ ᠵᠠᠮ ᠢ ᠬᠠᠶᠢᠨ ᠰᠦᠪᠡᠭᠴᠢᠯᠡᠬᠦ ᠳᠤ ᠰᠢᠨ᠎ᠠ ᠬᠤᠪᠢ ᠨᠡᠮᠡᠷᠢ ᠦᠵᠡᠭᠦᠯᠦᠨ᠎ᠡ᠃ | ᠳᠤᠮᠳᠠᠳᠤ ᠤᠯᠤᠰ ᠤᠨ ᠡᠪ ᠬᠠᠮᠲᠤ ᠨᠠᠮ ᠠᠯᠢᠪᠠ ᠪᠦᠬᠦᠨ ᠳᠤ ᠪᠣᠳᠠᠲᠠᠢ ᠠᠴᠠ ᠡᠭᠦᠰᠬᠦ ᠶᠢ ᠪᠠᠷᠢᠮᠲᠠᠯᠠᠵᠤ᠂ ᠳᠤᠮᠳᠠᠳᠤ | ᠤᠯᠤᠰ ᠤᠨ ᠠᠷᠠᠳ ᠲᠦᠮᠡᠨ ᠢ ᠳᠠᠭᠠᠭᠤᠯᠤᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠵᠠᠮ ᠢ | ᠰᠦᠪᠡᠭᠴᠢᠯᠡᠨ ᠭᠠᠷᠭᠠᠪᠠ᠃ ᠪᠢᠳᠡ ᠡᠨᠡ ᠬᠦ ᠰᠠᠷᠠᠭᠤᠯ ᠳᠠᠷᠳᠠᠩ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ | ᠥᠪᠡᠷ ᠢ ᠪᠠᠨ ᠬᠥᠭᠵᠢᠭᠦᠯᠬᠦ ᠮᠥᠷᠲᠡᠭᠡᠨ ᠳᠡᠯᠡᠬᠡᠢ ᠳ᠋ᠠᠬᠢᠨ ᠳᠤ ᠪᠤᠶᠠᠨ ᠦᠢᠯᠡᠳᠦᠨ᠎ᠡ᠃ | — ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ | ᠳᠠᠭᠠᠭᠤᠯᠵᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ ᠨᠡᠭᠡᠭᠡᠯᠳᠡ ᠶᠢ ᠥᠷᠭᠡᠳᠬᠡᠵᠦ᠂ ᠳᠡᠯᠡᠬᠡᠢ ᠶᠢᠨ ᠡᠯ᠎ᠡ | ᠤᠯᠤᠰ ᠤᠨ ᠬᠠᠮᠲᠤ ᠶᠢᠨ ᠬᠥᠭᠵᠢᠯ ᠴᠡᠴᠡᠭᠯᠡᠯ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃ ᠳᠤᠮᠳᠠᠳᠤ ᠤᠯᠤᠰ ᠤᠨ ᠡᠪ | ᠬᠠᠮᠲᠤ ᠨᠠᠮ ᠳᠤᠷᠠᠲᠠᠶ᠎ᠠ ᠡᠯ᠎ᠡ ᠤᠯᠤᠰ ᠤᠨ ᠲᠦᠷᠦ ᠶᠢᠨ ᠨᠠᠮ ᠯᠤᠭ᠎ᠠ ᠤᠯᠤᠯᠴᠠᠭ᠎ᠠ ᠪᠠᠨ ᠴᠢᠩᠭᠠᠳᠬᠠᠵᠤ᠂ ᠠᠵᠤ | ᠠᠬᠤᠢ ᠶᠢᠨ ᠳᠡᠯᠡᠬᠡᠶᠢᠵᠢᠯᠲᠡ ᠶᠢᠨ ᠨᠡᠩ ᠨᠡᠭᠡᠭᠡᠯᠲᠡᠲᠡᠢ᠂ ᠪᠠᠭᠲᠠᠭᠠᠮᠵᠢᠲᠠᠢ᠂ ᠲᠦᠭᠡᠮᠡᠯ ᠠᠰᠢᠭ ᠬᠦᠷᠲᠡᠭᠡᠬᠦ᠂ ᠲᠡᠩᠴᠡᠭᠦᠷᠢᠲᠡᠢ | ᠂ ᠬᠠᠮᠲᠤ ᠪᠠᠷ ᠠᠰᠢᠭ ᠬᠦᠷᠳᠡᠬᠦ ᠴᠢᠭᠯᠡᠯ ᠲᠡᠶᠢᠰᠢ ᠬᠥᠭᠵᠢᠬᠦ ᠶᠢ ᠬᠠᠮᠲᠤ ᠪᠠᠷ ᠬᠦᠲᠦᠯᠦᠨ ᠵᠢᠯᠣᠭᠤᠳᠤᠨ᠎ᠠ᠃ ︽ᠨᠢᠭᠡ ᠪᠦᠰᠡ | ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠳᠦᠭᠡᠨ ᠪᠠᠶᠢᠭᠤᠯᠬᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠦᠬᠦ | ᠪᠥᠮᠪᠥᠷᠴᠡᠭ ᠤᠨ ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠬᠤ ᠳᠤ ᠬᠠᠮᠲᠤ ᠪᠠᠷ ᠬᠦᠴᠦ ᠨᠡᠮᠡᠷᠢᠯᠡᠵᠦ᠂ ᠨᠡᠩ ᠤᠯᠠᠨ ᠤᠯᠤᠰ | ᠂ ᠨᠡᠩ ᠤᠯᠠᠨ ᠠᠷᠠᠳ ᠲᠦᠮᠡᠨ ᠳᠤ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠦᠨ᠎ᠡ᠃ | — ᠳᠤᠮᠳᠠᠳᠤ ᠤᠯᠤᠰ ᠤᠨ ᠡᠪ ᠬᠠᠮᠲᠤ ᠨᠠᠮ ᠲᠣᠮᠣ ᠤᠯᠤᠰ ᠲᠣᠮᠣ ᠨᠠᠮ ᠤᠨ ᠬᠠᠷᠢᠭᠤᠴᠠᠯᠭ᠎ᠠ ᠶᠢ | ᠭᠦᠢᠴᠡᠳᠬᠡᠵᠦ᠂ ᠬᠥᠮᠦᠨ ᠲᠥᠷᠥᠯᠬᠢᠲᠡᠨ ᠤ ᠪᠤᠶᠠᠨ ᠬᠡᠰᠢᠭ ᠢ ᠨᠡᠮᠡᠭᠳᠡᠭᠦᠯᠬᠦ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃ | ᠶᠠᠳᠠᠭᠤ ᠬᠦᠴᠢᠷᠳᠡᠯ ᠢ ᠠᠷᠢᠯᠭᠠᠬᠤ ᠪᠣᠯ ᠡᠯ᠎ᠡ ᠤᠯᠤᠰ ᠤᠨ ᠠᠷᠠᠳ ᠲᠦᠮᠡᠨ ᠤ ᠬᠠᠮᠲᠤ ᠶᠢᠨ ᠬᠦᠰᠡᠯ ᠡᠷᠡᠮᠡᠯᠵᠡᠯ ᠮᠥᠨ᠂ | ᠡᠯ᠎ᠡ ᠤᠯᠤᠰ ᠤᠨ ᠲᠦᠷᠦ ᠶᠢᠨ ᠨᠠᠮ ᠤᠨ ᠴᠢᠷᠮᠠᠶᠢᠨ ᠪᠡᠶᠡᠯᠡᠭᠦᠯᠬᠦ ᠴᠢᠬᠤᠯᠠ ᠬᠠᠷᠠᠯᠲᠠ ᠮᠥᠨ᠃ ᠳᠤᠮᠳᠠᠳᠤ ᠤᠯᠤᠰ ᠤᠨ ᠡᠪ | ᠬᠠᠮᠲᠤ ᠨᠠᠮ ᠬᠥᠮᠦᠨ ᠲᠥᠷᠥᠯᠬᠢᠲᠡᠨ ᠤ ᠶᠠᠳᠠᠭᠤ ᠬᠦᠴᠢᠷᠳᠡᠯᠲᠡᠢ ᠬᠥᠮᠦᠨ ᠠᠮᠠ ᠶᠢ ᠴᠥᠭᠡᠳᠬᠡᠬᠦ ᠠᠬᠢᠴᠠ ᠳᠤ ᠨᠡᠩ ᠤᠯᠠᠨ | ᠳᠤᠮᠳᠠᠳᠤ ᠤᠯᠤᠰ ᠤᠨ ᠲᠥᠰᠦᠯ ᠪᠣᠯᠤᠨ ᠳᠤᠮᠳᠠᠳᠤ ᠤᠯᠤᠰ ᠤᠨ ᠬᠦᠴᠦᠨ ᠢ ᠳᠤᠷᠠᠲᠠᠶ᠎ᠠ ᠡᠷᠭᠦᠨ᠎ᠡ᠃ ᠳᠤᠮᠳᠠᠳᠤ ᠤᠯᠤᠰ | ᠤᠯᠠᠨ ᠤᠯᠤᠰ ᠤᠨ ᠬᠢᠵᠢᠭ ᠲᠠᠢ ᠲᠡᠮᠡᠴᠡᠬᠦ ᠬᠠᠮᠲᠤᠷᠠᠯᠴᠠᠭ᠎ᠠ ᠶᠢ ᠪᠦᠬᠦ ᠬᠦᠴᠦ ᠪᠠᠷ ᠢᠶᠠᠨ ᠳᠡᠮᠵᠢᠵᠦ᠂ ᠪᠦᠬᠦ | ᠪᠥᠮᠪᠥᠷᠴᠡᠭ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ᠃ | — ᠳᠤᠮᠳᠠᠳᠤ ᠤᠯᠤᠰ ᠤᠨ ᠡᠪ ᠬᠠᠮᠲᠤ ᠨᠠᠮ ᠪᠦᠬᠦ ᠪᠥᠮᠪᠥᠷᠴᠡᠭ ᠤᠨ ᠵᠠᠰᠠᠯᠲᠠ ᠶᠢ ᠲᠡᠭᠦᠯᠳᠡᠷᠵᠢᠭᠦᠯᠬᠦ ᠶᠢ | ᠢᠳᠡᠪᠬᠢᠲᠡᠢ ᠠᠬᠢᠭᠤᠯᠵᠤ᠂ ᠬᠥᠮᠦᠨ ᠲᠥᠷᠥᠯᠬᠢᠲᠡᠨ ᠤ ᠨᠡᠶᠢᠭᠡᠮ ᠤᠨ ᠭᠠᠷ ᠬᠤᠯᠪᠣᠯᠴᠠᠠ ᠬᠠᠮᠲᠤ ᠶᠢᠨ ᠥᠷᠢᠰᠥᠯᠳᠦᠭᠡᠨ ᠢ | ᠠᠷᠭᠠᠴᠠᠭᠠᠬᠤ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃ ᠤᠯᠠᠨ ᠤᠯᠤᠰ ᠤᠨ ᠲᠦᠷᠢᠮ ᠪᠣᠯ ᠳᠡᠯᠡᠬᠡᠢ ᠶᠢᠨ ᠡᠯ᠎ᠡ | ᠤᠯᠤᠰ ᠤᠨ ᠬᠠᠮᠲᠤ ᠪᠠᠷ ᠮᠡᠳᠡᠷᠡᠬᠦ ᠲᠦᠷᠢᠮ ᠪᠠᠶᠢᠬᠤ ᠶᠣᠰᠣᠲᠠᠢ᠂ ᠬᠠᠷᠢᠨ ᠴᠥᠭᠡᠨ ᠲᠣᠭᠠᠨ ᠤ ᠬᠥᠮᠦᠰ ᠲᠣᠭᠲᠠᠭᠠᠬᠤ ᠪᠢᠰᠢ | ᠃ ᠪᠢᠳᠡ ᠤᠯᠠᠨ ᠲᠠᠯᠠᠲᠤ ᠦᠵᠡᠯ ᠤᠨ ᠨᠡᠷ᠎ᠡ ᠪᠠᠷ ᠭᠠᠭᠴᠠ ᠲᠠᠯᠠᠲᠤ ᠦᠵᠡᠯ ᠤᠨ ᠪᠣᠳᠠᠲᠤ ᠠᠵᠢᠯᠯᠠᠭ᠎ᠠ ᠬᠢᠬᠦ ᠡᠯ᠎ᠡ | ᠵᠦᠢᠯ ᠤᠨ ᠦᠢᠯᠡ ᠠᠵᠢᠯᠯᠠᠭ᠎ᠠ ᠶᠢ ᠬᠠᠮᠲᠤ ᠪᠠᠷ ᠡᠰᠡᠷᠭᠦᠴᠡᠨ᠎ᠠ᠃ ᠳᠤᠮᠳᠠᠳᠤ ᠤᠯᠤᠰ ᠡᠭᠦᠷᠢᠳᠡ ᠬᠥᠭᠵᠢᠵᠦ ᠪᠠᠶᠢᠭ᠎ᠠ | ᠤᠯᠤᠰ ᠤᠳ ᠤᠨ ᠶᠡᠭᠡ ᠭᠡᠷ ᠪᠦᠯᠢ ᠶᠢᠨ ᠨᠢᠭᠡ ᠭᠡᠰᠢᠭᠦᠨ ᠮᠥᠨ᠂ ᠬᠥᠭᠵᠢᠵᠦ ᠪᠠᠶᠢᠭ᠎ᠠ ᠤᠯᠤᠰ ᠤᠳ ᠤᠨ ᠤᠯᠠᠨ | ᠤᠯᠤᠰ ᠤᠨ ᠵᠠᠰᠠᠯᠲᠠ ᠶᠢᠨ ᠰᠢᠰᠲ᠋ᠧᠮ ᠳᠠᠬᠢ ᠲᠥᠯᠥᠭᠡᠯᠡᠬᠦ ᠴᠢᠨᠠᠷ ᠪᠠ ᠦᠭᠡ ᠬᠡᠯᠡᠬᠦ ᠡᠷᠬᠡ ᠶᠢ ᠳᠡᠭᠡᠭᠰᠢᠯᠡᠭᠦᠯᠬᠦ ᠪᠠᠷ ᠡᠷᠡᠰ | ᠭᠤᠶᠢᠪᠢᠰᠢ ᠦᠭᠡᠢ ᠴᠢᠷᠮᠠᠶᠢᠨ᠎ᠠ᠃ | ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠲᠤ ᠨᠠᠮ ᠳᠤᠷᠠᠲᠠᠶ᠎ᠠ ᠡᠯ᠎ᠡ ᠤᠯᠤᠰ ᠤᠨ ᠲᠦᠷᠦ ᠶᠢᠨ ᠨᠠᠮ | ᠪᠣᠯᠤᠨ ᠤᠯᠤᠰ ᠲᠦᠷᠦ ᠶᠢᠨ ᠵᠣᠬᠢᠶᠠᠨ ᠪᠠᠶᠢᠭᠤᠯᠤᠯᠲᠠ ᠲᠠᠢ ᠬᠠᠮᠲᠤ ᠪᠠᠷ ᠦᠷᠭᠦᠯᠵᠢᠯᠡᠨ ᠲᠡᠦᠬᠡ ᠶᠢᠨ ᠵᠥᠪ ᠲᠠᠯ᠎ᠠ ᠳᠤ | ᠵᠣᠭᠰᠣᠵᠤ᠂ ᠬᠥᠮᠦᠨ ᠲᠥᠷᠥᠯᠬᠢᠲᠡᠨ ᠤ ᠲᠠᠪᠰᠢᠯᠳᠠ ᠶᠢᠨ ᠲᠠᠯ᠎ᠠ ᠳᠤ ᠵᠣᠭᠰᠣᠵᠤ᠂ ᠬᠥᠮᠦᠨ ᠲᠥᠷᠥᠯᠬᠢᠲᠡᠨ ᠤ ᠬᠤᠪᠢ | ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠶᠢ ᠠᠬᠢᠭᠤᠯᠬᠤ᠂ ᠨᠡᠩ ᠦᠵᠡᠰᠭᠦᠯᠡᠩᠲᠤ ᠰᠠᠶᠢᠬᠠᠨ ᠳᠡᠯᠡᠬᠡᠢ ᠶᠢᠷᠲᠢᠨᠴᠦ ᠶᠢ | ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠠ︕ ᠭᠡᠵᠦ ᠴᠢᠬᠤᠯᠠᠴᠢᠯᠠᠪᠠ᠃ | ᠡᠮᠦᠨᠡᠲᠦ ᠠᠹᠷᠢᠺᠠ ᠶᠢᠨ ᠠᠹᠷᠢᠺᠠᠴᠤᠳ ᠤᠨ ᠤᠯᠤᠰ ᠠᠷᠠᠳ ᠤᠨ ᠶᠡᠭᠡ ᠬᠤᠷᠠᠯ ᠤᠨ ᠲᠡᠷᠢᠭᠦᠯᠡᠭᠴᠢ᠂ | ᠶᠡᠷᠦᠩᠬᠡᠶᠢᠯᠡᠭᠴᠢ ᠯᠠᠮᠠᠹᠦ᠋ᠰᠠ᠂ ᠺᠠᠽᠠᠭᠰᠲ᠋ᠠᠨ ᠤ ︽ᠡᠬᠡ ᠤᠯᠤᠰ ᠤᠨ ᠬᠢᠯᠪᠠᠭ᠎ᠠ︾ ᠨᠠᠮ ᠤᠨ ᠲᠡᠷᠢᠭᠦᠯᠡᠭᠴᠢ᠂ ᠠᠩᠬᠠᠳᠠᠭᠴᠢ | ᠶᠡᠷᠦᠩᠬᠡᠶᠢᠯᠡᠭᠴᠢ ᠨᠠᠵᠠᠷᠪᠠᠶᠧᠹ᠂ ᠣᠷᠣᠰ ᠤᠨ ᠨᠢᠭᠡᠳᠦᠭᠰᠡᠨ ᠣᠷᠣᠰ ᠨᠠᠮ ᠤᠨ ᠲᠡᠷᠢᠭᠦᠯᠡᠭᠴᠢ᠂ ᠣᠷᠣᠰ ᠤᠨ ᠬᠤᠯᠪᠣᠭᠠᠨ ᠤ | ᠠᠮᠤᠷ ᠲᠦᠪᠰᠢᠨ ᠤ ᠬᠤᠷᠠᠯ ᠤᠨ ᠳᠡᠳ᠋ ᠲᠡᠷᠢᠭᠦᠯᠡᠭᠴᠢ ᠮᠸᠢᠢᠳ᠋ᠸᠧᠢᠵᠢᠶᠧᠹ᠂ ᠠᠷᠭᠧᠨ᠋ᠲ᠋ᠢᠨ ᠤ ᠰᠢᠳᠤᠷᠭᠤ ᠶᠣᠰᠣ ᠨᠠᠮ ᠤᠨ | ᠲᠡᠷᠢᠭᠦᠯᠡᠭᠴᠢ᠂ ᠶᠡᠷᠦᠩᠬᠡᠶᠢᠯᠡᠭᠴᠢ ᠹᠧᠷᠨᠠᠨᠳᠧᠰ᠂ ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶᠠᠨ ᠤ ᠶᠡᠷᠦᠩᠬᠡᠶ | ᠱᠦᠵᠢ ᠷᠤᠸᠠᠨ ᠹᠦ᠋ ᠵᠥᠩ᠂ ᠺᠦᠪᠠ ᠶᠢᠨ ᠡᠪ ᠬᠠᠮᠲᠤ ᠨᠠᠮ ᠤᠨ ᠲᠥᠪ ᠬᠤᠷᠢᠶᠠᠨ ᠤ ᠨᠢᠭᠡᠳᠦᠭᠡᠷ ᠱᠦᠵᠢ᠂ ᠤᠯᠤᠰ ᠤᠨ | ᠲᠡᠷᠢᠭᠦᠯᠡᠭᠴᠢ ᠳ᠋ᠢᠶᠠᠰ — ᠺᠠᠨᠧᠯ᠂ ᠹᠢᠯᠢᠫᠢᠨ ᠤ ᠠᠷᠠᠳᠴᠢᠯᠠᠭᠰᠠᠨ ᠠᠷᠠᠳ ᠤᠨ ᠬᠦᠴᠦᠨ ᠨᠠᠮ ᠤᠨ ᠲᠡᠷᠢᠭᠦᠯᠡᠭᠴᠢ᠂ | ᠶᠡᠷᠦᠩᠬᠡᠶᠢᠯᠡᠭᠴᠢ ᠳ᠋ᠦᠲ᠋ᠧᠷᠲᠧ᠂ ᠺᠠᠮᠪᠣᠵᠠ ᠶᠢᠨ ᠠᠷᠠᠳ ᠤᠨ ᠨᠠᠮ ᠤᠨ ᠲᠡᠷᠢᠭᠦᠯᠡᠭᠴᠢ᠂ ᠲᠡᠷᠢᠭᠦᠨ ᠰᠠᠶᠢᠳ ᠬᠤᠩᠰᠧᠨ᠂ | ᠽᠢᠮᠪᠠᠪᠦ᠋ᠸᠧᠢ ᠶᠢᠨ ᠠᠹᠷᠢᠺᠠ ᠶᠢᠨ ᠦᠨᠳᠦᠰᠦᠲᠡᠨ ᠤ ᠬᠤᠯᠪᠣᠭ᠎ᠠ — ᠡᠭᠡ ᠤᠷᠤᠨᠴᠢ ᠹᠷᠣᠨᠲ ᠤᠨ ᠲᠡᠷᠢᠭᠦᠯᠡᠭᠴᠢ ᠪᠥᠭᠡᠳ | ᠨᠢᠭᠡᠳᠦᠭᠡᠷ ᠱᠦᠵᠢ᠂ ᠶᠡᠷᠦᠩᠬᠡᠶᠢᠯᠡᠭᠴᠢ ᠮᠦᠨᠠᠨᠵᠢᠶᠠᠬᠦ᠋ᠸᠠ᠂ ᠫᠠᠯᠧᠰᠲ᠋ᠠᠶᠢᠨ ᠤ ᠹᠠᠲ᠋ᠠᠾ ᠶᠢᠨ ᠲᠡᠷᠢᠭᠦᠯᠡᠭᠴᠢ᠂ | ᠶᠡᠷᠦᠩᠬᠡᠶᠢᠯᠡᠭᠴᠢ ᠠᠪᠠᠰ᠂ ᠰᠧᠷᠪᠢᠶ᠎ᠠ ᠶᠢᠨ ᠤᠷᠤᠭᠰᠢᠯᠠᠯᠲᠠ ᠨᠠᠮ ᠤᠨ ᠲᠡᠷᠢᠭᠦᠯᠡᠭᠴᠢ᠂ ᠶᠡᠷᠦᠩᠬᠡᠶᠢᠯᠡᠭᠴᠢ ᠥᠴᠢᠴᠢ᠂ | ᠫᠠᠺᠢᠰᠲ᠋ᠠᠨ ᠤ ᠰᠢᠳᠤᠷᠭᠤ ᠶᠣᠰᠣᠨ ᠤ ᠬᠥᠳᠡᠯᠭᠡᠭᠡᠨ ᠨᠠᠮ ᠤᠨ ᠲᠡᠷᠢᠭᠦᠯᠡᠭᠴᠢ᠂ ᠶᠡᠷᠦᠩᠬᠡᠶ ᠰᠠᠶᠢᠳ ᠢᠮᠦ᠋ᠯᠠᠨ · ᠬᠠᠨ᠂ | ᠮᠣᠽᠠᠮᠪᠢᠺ ᠤᠨ ᠴᠢᠯᠥᠭᠡᠯᠡᠯᠲᠡ ᠶᠢᠨ ᠹᠷᠣᠨᠲ ᠨᠠᠮ ᠤᠨ ᠲᠡᠷᠢᠭᠦᠯᠡᠭᠴᠢ᠂ ᠶᠡᠷᠦᠩᠬᠡᠶᠢᠯᠡᠭᠴᠢ ᠨᠢᠦ᠋ᠰᠢ᠂ ᠨᠠᠮᠢᠪᠢᠶ᠎ᠠ ᠶᠢᠨ | ᠪᠠᠷᠠᠭᠤᠨ ᠡᠮᠦᠨᠡᠳᠤ ᠠᠹᠷᠢᠺᠠ ᠶᠢᠨ ᠠᠷᠠᠳ ᠤᠨ ᠵᠣᠬᠢᠶᠠᠨ ᠪᠠᠶᠢᠭᠤᠯᠤᠯᠲᠠ ᠨᠠᠮ ᠤᠨ ᠲᠡᠷᠢᠭᠦᠯᠡᠭᠴᠢ᠂ ᠶᠡᠷᠦᠩᠬᠡᠶᠢᠯᠡᠭᠴᠢ | ᠭᠸᠡᠭᠧᠪᠦ᠋᠂ ᠺᠣᠩᠭᠣ᠋ ᠶᠢᠨ ᠬᠥᠳᠡᠯᠮᠦᠷᠢᠴᠢᠨ ᠤ ᠨᠠᠮ ᠤᠨ ᠲᠡᠷᠢᠭᠦᠯᠡᠭᠴᠢ᠂ ᠺᠣᠩᠭᠣ᠋ ︵ᠪᠦ᠊︶ ᠶᠢᠨ ᠶᠡᠷᠦᠩᠬᠡᠶᠢᠯᠡᠭᠴᠢ ᠰᠠᠰᠦ᠋᠂ | ᠰᠷᠢ ᠯᠠᠨᠺᠠ ᠶᠢᠨ ᠠᠷᠠᠳ ᠤᠨ ᠹᠷᠤᠨᠲ ᠨᠠᠮ ᠤᠨ ᠤᠳᠤᠷᠢᠳᠤᠭᠴᠢ᠂ ᠶᠡᠷᠦᠩᠬᠡᠶ ᠰᠠᠶᠢᠳ ᠮᠠᠰᠢᠨᠳᠠ · ᠯᠠᠵᠢᠶᠠᠫᠠᠺᠧᠰᠠ᠂ | ᠪᠤᠯᠢᠸᠢᠶ᠎ᠠ ᠶᠢᠨ ᠨᠡᠶᠢᠭᠡᠮ ᠵᠢᠷᠤᠮ ᠤᠨ ᠬᠥᠳᠡᠯᠭᠡᠭᠡᠨ ᠤ ᠲᠡᠷᠢᠭᠦᠯᠡᠭᠴᠢ᠂ ᠤᠤᠯ ᠤᠨ ᠶᠡᠷᠦᠩᠬᠡᠶᠢᠯᠡᠭᠴᠢ ᠮᠣᠯᠠᠯᠠᠶᠢᠰ᠂ | ᠮᠤᠷᠤᠺᠺᠤ ᠶᠢᠨ ᠲᠥᠪ ᠭᠤᠤᠯᠴᠢ ᠪᠠ ᠬᠥᠭᠵᠢᠭᠦᠯᠦᠯᠲᠡ ᠨᠠᠮ ᠤᠨ ᠶᠡᠷᠦᠩᠬᠡᠶ ᠱᠦᠵᠢ᠂ ᠲᠡᠷᠢᠭᠦᠨ ᠰᠠᠶᠢᠳ ᠣᠰᠮᠠᠠᠨᠢ᠂ | ᠡᠮᠦᠨᠡᠲᠦ ᠰᠦᠳᠠᠨ ᠤ ᠰᠦᠳᠠᠨ ᠤ ᠠᠷᠠᠳ ᠤᠨ ᠴᠢᠯᠥᠭᠡᠯᠡᠯᠲᠡ ᠶᠢᠨ ᠬᠥᠳᠡᠯᠭᠡᠭᠡᠨ ᠤ ᠲᠡᠷᠢᠭᠦᠯᠡᠭᠴᠢ᠂ ᠶᠡᠷᠦᠩᠬᠡᠶᠢᠯᠡᠭᠴᠢ ᠺᠢᠷ᠂ | ᠨᠡᠶᠢᠭᠡᠮ ᠨᠠᠮ ᠤᠨ ᠤᠯᠠᠨ ᠤᠯᠤᠰ ᠤᠨ ᠲᠡᠷᠢᠭᠦᠯᠡᠭᠴᠢ ᠫᠠᠫᠠᠨᠳ᠋ᠷᠢᠣ᠋᠂ ᠢᠰᠫᠠᠨᠢ ᠶᠢᠨ ᠡᠪ ᠬᠠᠮᠲᠤ ᠨᠠᠮ ᠤᠨ ᠲᠡᠷᠢᠭᠦᠯᠡᠭᠴᠢ | ᠰᠧᠨ᠋ᠳ᠋ᠷᠢᠶᠠ ᠨᠠᠷ ᠲᠦᠷᠦᠭᠦᠴᠦᠳ ᠤᠨ ᠬᠤᠷᠠᠯ ᠳᠡᠭᠡᠷ᠎ᠡ ᠪᠠᠶᠠᠷ ᠤᠨ ᠦᠭᠡ ᠬᠡᠯᠡᠵᠤ᠂ ᠳᠤᠮᠳᠠᠳᠤ ᠤᠯᠤᠰ ᠤᠨ ᠡᠪ ᠬᠠᠮᠲᠤ | ᠨᠠᠮ ᠪᠠᠶᠢᠭᠤᠯᠤᠭᠳᠠᠭᠰᠠᠨ 100 ᠵᠢᠯ ᠤᠨ ᠣᠶ ᠳᠤ ᠬᠠᠯᠠᠭᠤᠨ ᠪᠠᠶᠠᠷ ᠬᠦᠷᠭᠡᠵᠤ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠵᠠᠭᠤᠨ ᠵᠢᠯ ᠤᠨ ᠶᠡᠷᠦ ᠪᠤᠰᠤ ᠶᠢᠨ ᠥᠩᠭᠡᠷᠡᠯᠲᠡ ᠶᠢ ᠳᠡᠭᠡᠳᠦ ᠬᠡᠮᠵᠢᠶ᠎ᠡ ᠪᠠᠷ ᠦᠨᠡᠯᠡᠵᠤ᠂ ᠳᠤᠮᠳᠠᠳᠤ ᠤᠯᠤᠰ ᠤᠨ | ᠡᠪ ᠬᠠᠮᠲᠤ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠶ ᠱᠦᠵᠢ ᠰᠢ ᠶᠢᠨ ᠫᠢᠩ ᠢᠶᠠᠷ ᠭᠤᠤᠯ | ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠳᠤᠷᠢᠳᠤᠯᠭ᠎ᠠ ᠳᠤᠤᠷ᠎ᠠ᠂ ᠳᠤᠮᠳᠠᠳᠤ | ᠤᠯᠤᠰ ᠤᠨ ᠡᠯ᠎ᠡ ᠬᠦᠷᠢᠶᠡᠨ ᠳᠤ ᠣᠯᠤᠭᠰᠠᠨ ᠲᠡᠦᠬᠡᠲᠦ ᠴᠢᠨᠠᠷᠲᠠᠢ ᠬᠥᠭᠵᠢᠯᠲᠡ ᠶᠢᠨ ᠠᠮᠵᠢᠯᠲᠠ ᠪᠠ ᠬᠥᠮᠦᠨ | ᠲᠥᠷᠥᠯᠬᠢᠲᠡᠨ ᠤ ᠲᠠᠪᠰᠢᠯᠳᠠ ᠶᠢᠨ ᠦᠢᠯᠡᠰ ᠲᠤ ᠦᠵᠡᠭᠦᠯᠦᠭᠰᠡᠨ ᠴᠢᠬᠤᠯᠠ ᠬᠤᠪᠢ ᠨᠡᠮᠡᠷᠢ ᠶᠢ ᠬᠠᠯᠠᠭᠤᠨ ᠢᠶᠠᠷ ᠮᠠᠭᠳᠠᠨ | ᠰᠠᠶᠢᠰᠢᠶᠠᠵᠤ᠂ ᠶᠡᠷᠦᠩᠬᠡᠶ ᠱᠦᠵᠢ ᠰᠢ ᠶᠢᠨ ᠫᠢᠩ ᠤᠨ ᠭᠤᠤᠯ ᠵᠤᠷᠢᠯᠳᠠᠳᠦ ᠶᠠᠷᠢᠶᠠᠨ ᠳᠤ ᠳᠤᠷᠠᠳᠤᠭᠰᠠᠨ ᠲᠥᠷᠥ ᠶᠢᠨ | ᠪᠣᠳᠣᠯᠭ᠎ᠠ ᠶᠢᠨ ᠰᠠᠨᠠᠭᠠᠴᠢᠯᠠᠭ᠎ᠠ ᠶᠢ ᠢᠳᠡᠪᠬᠢᠲᠡᠶ ᠴᠤᠤᠷᠢᠶᠠᠳᠤᠨ ᠳᠠᠭᠠᠵᠤ᠂ ᠲᠥᠷᠥ ᠶᠢᠨ ᠨᠠᠮ ᠨᠢ ᠠᠷᠠᠳ ᠲᠦᠮᠡᠨ ᠳᠤ ᠵᠣᠯ | ᠵᠢᠷᠭᠠᠯ ᠡᠳ᠋ᠯᠡᠭᠦᠯᠬᠦ ᠬᠠᠷᠢᠭᠤᠴᠠᠯᠭ᠎ᠠ ᠶᠢ ᠡᠭᠦᠷᠭᠡᠯᠡᠪᠡᠯ ᠵᠤᠬᠢᠨ᠎ᠠ᠂ ᠳᠤᠷᠠᠳᠠᠶ᠎ᠠ ᠳᠤᠮᠳᠠᠳᠤ ᠤᠯᠤᠰ ᠤᠨ ᠡᠪ ᠬᠠᠮᠲᠤ ᠨᠠᠮ ᠲᠠᠢ | ᠬᠠᠮᠲᠤ ᠪᠠᠷ ᠨᠡᠩ ᠰᠠᠶᠢᠨ ᠰᠠᠶᠢᠬᠠᠨ ᠵᠣᠯ ᠵᠢᠷᠭᠠᠯᠲᠤ ᠳᠡᠯᠡᠬᠡᠢ ᠶᠢᠷᠲᠢᠨᠴᠦ ᠶᠢ ᠪᠠᠶᠢᠭᠤᠯᠤᠨ᠎ᠠ ᠭᠡᠵᠤ ᠢᠯᠡᠳᠭᠡᠵᠡᠭᠡᠪᠡ᠃ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠸᠠᠩ ᠬᠤ᠋ ᠨᠢᠩ᠂ | ᠳᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ ᠳ᠋ᠢᠩ | ᠰᠢᠤᠸᠠᠢ ᠰᠢᠶᠠᠩ᠂ ᠶᠠᠩ ᠵᠢᠶᠧ ᠤᠤᠢ᠂ ᠶᠠᠩ ᠰᠢᠶᠤᠤ ᠳ᠋ᠦ᠋᠂ ᠴᠧᠨ ᠰᠢ᠂ ᠬᠤᠸᠠᠩ ᠺᠦᠨ ᠮᠢᠩ᠂ ᠼᠠᠢ ᠴᠢ | ᠲᠦᠷᠦᠭᠦᠴᠦᠳ ᠤᠨ ᠬᠤᠷᠠᠯ ᠳᠤ ᠣᠷᠣᠯᠴᠠᠵᠠᠢ᠃ | 160 ᠭᠠᠷᠤᠢ ᠤᠯᠤᠰ ᠤᠨ 500 ᠭᠠᠷᠤᠢ ᠲᠦᠷᠦ ᠶᠢᠨ ᠨᠠᠮ ᠪᠣᠯᠤᠨ ᠤᠯᠤᠰ ᠲᠦᠷᠦ ᠶᠢᠨ ᠵᠣᠬᠢᠶᠠᠨ | ᠪᠠᠶᠢᠭᠤᠯᠤᠯᠲᠠ ᠶᠢᠨ ᠤᠳᠤᠷᠢᠳᠬᠤ ᠬᠥᠮᠦᠰ᠂ ᠲᠦᠷᠦ ᠶᠢᠨ ᠨᠠᠮ ᠪᠣᠯᠤᠨ ᠡᠯ᠎ᠡ ᠡᠲᠡᠭᠡᠳ ᠤᠨ ᠲᠦᠮᠠ ᠭᠠᠷᠤᠢ | ᠲᠥᠯᠥᠭᠡᠯᠡᠭᠴᠢ ᠬᠤᠷᠠᠯ ᠳᠤ ᠣᠷᠣᠯᠴᠠᠵᠠᠢ᠃ 100 ᠭᠠᠷᠤᠶ ᠤᠯᠤᠰ ᠤᠨ ᠲᠥᠷᠥ ᠶᠢᠨ ᠨᠠᠮ ᠲᠣᠰ ᠤᠯᠤᠰ ᠲᠠᠭᠠᠨ ᠨᠡᠶᠢᠲᠡ | 200 ᠰᠢᠬᠠᠮ ᠬᠠᠮᠲᠤ ᠶᠢᠨ ᠬᠤᠷᠠᠯ ᠤᠨ ᠲᠠᠯᠠᠪᠠᠶ ᠲᠤᠬᠢᠷᠠᠭᠤᠯᠵᠤ᠂ ᠲᠣᠰ ᠨᠠᠮ ᠤᠨ ᠢᠶᠠᠨ ᠲᠥᠯᠥᠭᠡᠯᠡᠭᠴᠢ ᠶᠢ ᠵᠣᠬᠢᠶᠠᠨ | ᠪᠠᠶᠢᠭᠤᠯᠵᠤ ᠲᠣᠰ ᠤᠳᠠᠭᠠᠨ ᠤ ᠲᠦᠷᠦᠭᠦᠴᠦᠳ ᠤᠨ ᠬᠤᠷᠠᠯ ᠳᠤ ᠣᠷᠣᠯᠴᠠᠭᠤᠯᠪᠠ᠃ ᠱᠠᠩᠬᠠᠢ᠂ ᠱᠠᠨᠰᠢ ᠶᠢᠨ ᠶᠠᠨ ᠠᠨ᠂ | ᠭᠤᠸᠠᠩᠳᠦ᠋ᠩ ᠤᠨ ᠱᠧᠨᠵᠧᠨ᠂ ᠹᠦᠵᠢᠶᠠᠨ ᠤ ᠨᠢᠩᠳᠧ᠂ ᠵᠧᠵᠢᠶᠠᠩ ᠤᠨ ᠠᠨᠵᠢ ᠵᠡᠷᠭᠡ ᠭᠠᠵᠠᠷ ᠲᠤ ᠤᠯᠤᠰ ᠤᠨ | ᠳᠣᠲᠣᠭᠠᠳᠤ ᠶᠢᠨ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠵᠤ᠂ ᠣᠷᠣᠨ ᠨᠤᠲᠤᠭ ᠤᠨ ᠬᠡᠰᠡᠭ ᠨᠠᠮ ᠤᠨ ᠭᠡᠰᠢᠭᠦᠨ | ᠺᠠᠳ᠋ᠷ ᠲᠦᠷᠦᠭᠦᠴᠦᠳ ᠤᠨ ᠬᠤᠷᠠᠯ ᠤᠨ ᠦᠪᠡᠳᠡᠭᠰᠢ ᠪᠠᠶᠢᠳᠠᠯ ᠢ ᠦᠵᠡᠪᠡ᠃ ᠲᠦᠷᠦᠭᠦᠴᠦᠳ ᠤᠨ ᠬᠤᠷᠠᠯ ᠠᠴᠠ | ᠬᠠᠮᠲᠤ ᠶᠢᠨ ᠰᠠᠨᠠᠭᠠᠴᠢᠯᠠᠭ᠎ᠠ ᠨᠡᠶᠢᠲᠡᠯᠡᠵᠦ᠂ ᠬᠤᠷᠠᠯ ᠳᠤ ᠣᠷᠣᠯᠴᠠᠭᠰᠠᠨ ᠲᠦᠷᠦ ᠶᠢᠨ ᠨᠠᠮ ᠤᠨ ᠳᠡᠯᠡᠬᠡᠢ ᠶᠢᠨ ᠡᠩᠬᠡ | ᠲᠠᠶᠢᠪᠤᠩ ᠬᠥᠭᠵᠢᠯᠲᠡ ᠶᠢ ᠬᠠᠮᠠᠭᠠᠯᠠᠬᠤ᠂ ᠠᠷᠠᠳ ᠲᠦᠮᠡᠨ ᠤ ᠵᠤᠯ ᠵᠢᠷᠭᠠᠯ ᠢ ᠨᠡᠮᠡᠭᠳᠡᠭᠦᠯᠬᠦ ᠬᠠᠮᠲᠤ ᠶᠢᠨ ᠬᠦᠰᠡᠯ | ᠡᠷᠡᠮᠡᠯᠵᠡᠯ ᠢ ᠢᠯᠡᠳᠬᠡᠪᠡ᠃ |