ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 11 ᠰᠠᠯᠠᠭ᠎ᠠ ᠮᠥᠴᠢᠷ ᠬᠤᠯᠪᠣᠭᠠᠯᠠᠨ ᠰᠣᠨᠢᠨ ᠮᠡᠳᠡᠭᠡᠨ ᠤ ᠬᠢᠬᠠᠨ ᠮᠡᠬᠡᠯᠡᠯ ᠪᠠ ᠬᠠᠭᠤᠷᠮᠠᠭ ᠰᠣᠨᠢᠨ ᠮᠡᠳᠡᠭᠡᠨ ᠳᠤ ᠴᠣᠬᠢᠯᠲᠠ ᠥᠭᠬᠦ ᠲᠤᠰᠬᠠᠶ ᠠᠵᠢᠯᠯᠠᠭ᠎ᠠ ᠶᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/8/10
           ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠢᠨᠲ᠋ᠧᠷ ᠰᠦᠯᠵᠢᠶ᠎ᠡ ᠶᠢᠨ ᠮᠡᠳᠡᠭᠡ ᠵᠠᠩᠭᠢ ᠶᠢᠨ ᠠᠯᠪᠠᠨ ᠬᠡᠷ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠴᠢᠮᠡᠭᠡ ᠬᠤᠯᠪᠣᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠣᠨᠢᠨ ᠮᠡᠳᠡᠭᠡᠨ ᠤ ᠠᠵᠢᠯᠲᠠᠨ ᠤ ᠨᠡᠶᠢᠭᠡᠮᠯᠢᠭ ᠵᠡᠷᠭᠡ 11 ᠰᠠᠯᠠᠭ᠎ᠠ ᠮᠥᠴᠢᠷ ᠬᠤᠯᠪᠣᠭᠠᠯᠠᠨ ᠠᠵᠢᠯ ᠤᠨ ᠲᠥᠰᠦᠯ ᠲᠣᠭᠲᠠᠭᠠᠵᠤ᠂ ᠪᠥᠬᠦ ᠣᠷᠣᠨ ᠤ ᠬᠡᠪᠴᠢᠶᠡᠨ ᠳᠤ ᠰᠣᠨᠢᠨ ᠮᠡᠳᠡᠭᠡᠨ ᠤ ᠬᠢᠬᠠᠨ ᠮᠡᠬᠡᠯᠡᠯ ᠪᠠ ᠬᠠᠭᠤᠷᠮᠠᠭ ᠰᠣᠨᠢᠨ ᠮᠡᠳᠡᠭᠡᠨ ᠳᠤ ᠴᠣᠬᠢᠯᠲᠠ ᠥᠭᠬᠦ ᠲᠤᠰᠬᠠᠶ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶ ᠥᠷᠨᠢᠭᠦᠯᠬᠦ ᠪᠠᠷ ᠪᠠᠶᠢᠷᠢᠯᠠᠭᠤᠯᠪᠠ᠃        ᠲᠤᠰᠬᠠᠶ ᠠᠵᠢᠯᠯᠠᠭ᠎ᠠ ᠨᠢ ᠨᠠᠮ ᠤᠨ ᠲᠥᠪ ᠬᠤᠷᠢᠶᠠᠨ ᠤ ᠤᠬᠠᠭᠤᠯᠬᠤ ᠬᠡᠯᠲᠡᠰ ᠵᠡᠷᠭᠡ 10 ᠰᠠᠯᠠᠭ᠎ᠠ ᠮᠥᠴᠢᠷ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠬᠠᠤᠯᠢ ᠶᠣᠰᠣᠭᠠᠷ ᠵᠠᠰᠠᠬᠤ᠂ ᠶᠡᠷᠦᠩᠬᠡᠶᠢᠯᠡᠨ ᠵᠠᠰᠠᠬᠤ᠂ ᠡᠬᠢ ᠢᠷᠡᠯᠲᠡ ᠠᠴᠠ ᠨᠢ ᠵᠠᠰᠠᠬᠤ ᠶᠢ ᠪᠠᠷᠢᠮᠲᠠᠯᠠᠵᠤ᠂ ᠠᠷᠠᠳ ᠤᠯᠠᠨ ᠤ ᠲᠤᠰᠬᠠᠯ ᠴᠢᠩᠭ᠎ᠠ ᠪᠠᠶᠢᠭ᠎ᠠ ᠰᠣᠨᠢᠨ ᠮᠡᠳᠡᠭᠡᠨ ᠤ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭᠠᠨ ᠤ ᠲᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠣᠨᠢᠨ ᠮᠡᠳᠡᠭᠡᠨ ᠤ ᠨᠢᠭᠡᠴᠢ ᠵᠢᠴᠢ ᠠᠵᠢᠯᠳᠠᠨ ᠤ ᠰᠣᠨᠢᠨ ᠮᠡᠳᠡᠭᠡᠨ ᠤ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ᠂ ᠡᠯ᠎ᠡ ᠲᠦᠷᠦᠯ ᠤᠨ ᠰᠦᠯᠵᠢᠶᠡᠨ ᠤ ᠳᠠᠮᠵᠢᠭᠤᠯᠭ᠎ᠠ ᠶᠢᠨ ᠲᠠᠪᠴᠠᠩ ᠵᠢᠴᠢ ᠤᠯᠠᠨ ᠨᠡᠶᠢᠲᠡ ᠶᠢᠨ ᠳ᠋ᠤᠭᠠᠷ ᠤᠨ ᠬᠠᠤᠯᠢ ᠪᠤᠰᠤ ᠰᠣᠨᠢᠨ ᠮᠡᠳᠡᠭᠡᠨ ᠤ ᠠᠵᠢᠯᠯᠠᠭ᠎ᠠ ᠵᠢᠴᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠤ ᠬᠠᠤᠯᠢ ᠪᠤᠰᠤ ᠰᠣᠨᠢᠨ ᠮᠡᠳᠡᠭᠡᠨ ᠤ ᠦᠢᠯᠡ ᠠᠵᠢᠯᠯᠠᠭ᠎ᠠ ᠳᠤ ᠭᠤᠣᠯᠳᠠᠯᠭ᠎ᠠ ᠲᠠᠢ ᠪᠠᠷ ᠴᠣᠬᠢᠯᠲᠠ ᠥᠭᠭᠦᠨ᠎ᠡ᠃ ᠡᠯ᠎ᠡ ᠰᠠᠯᠠᠭ᠎ᠠ ᠮᠥᠴᠢᠷ ᠤᠳ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠪᠦᠬᠦᠯᠢ ᠴᠣᠭᠴᠠ ᠶᠢᠨ ᠨᠥᠯᠥᠭᠡ ᠦᠢᠯᠡᠳᠦᠯ ᠢᠶᠠᠨ ᠪᠠᠳᠠᠷᠠᠭᠤᠯᠤᠨ᠂ ᠭᠤᠤᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠬᠢᠨᠠᠨ ᠬᠠᠮᠢᠶᠠᠷᠬᠤ ᠠᠷᠭ᠎ᠠ ᠪᠠᠷᠢᠯ᠂ ᠲᠥᠷᠥ ᠶᠢᠨ ᠪᠣᠳᠣᠯᠭ᠎ᠠ ᠶᠢᠨ ᠪᠠᠭᠠᠵᠢ᠂ ᠬᠠᠤᠯᠢ ᠴᠠᠭᠠᠵᠠ ᠶᠢᠨ ᠵᠡᠪᠰᠡᠭ ᠢ ᠭᠦᠢᠴᠡᠳ ᠬᠡᠷᠡᠭᠯᠡᠨ᠂ ᠨᠡᠶᠢᠲᠡᠯᠢᠭ ᠬᠡᠷᠡᠭ ᠢ ᠪᠠᠶᠢᠴᠠᠭᠠᠨ ᠰᠢᠢᠳᠪᠦᠷᠢᠯᠡᠵᠦ᠂ ᠲᠤᠰᠬᠠᠶ ᠠᠵᠢᠯᠯᠠᠭ᠎ᠠ ᠳᠤ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ ᠰᠣᠨᠢᠨ ᠮᠡᠳᠡᠭᠡᠨ ᠤ ᠪᠠᠶᠢᠭᠤᠯᠤᠮᠵᠢ᠂ ᠣᠷᠣᠨ ᠳᠤ ᠰᠠᠭᠤᠭ᠎ᠠ ᠪᠠᠶᠢᠭᠤᠯᠤᠮᠵᠢ᠂ ᠡᠯ᠎ᠡ ᠲᠥᠷᠥᠯ ᠤᠨ ᠰᠦᠯᠵᠢᠶᠡᠨ ᠤ ᠳᠠᠮᠵᠢᠭᠤᠯᠭ᠎ᠠ ᠶᠢᠨ ᠲᠠᠪᠴᠠᠩ ᠨᠢ ᠲᠤᠰᠬᠠᠶ ᠠᠵᠢᠯᠯᠠᠭ᠎ᠠ ᠲᠠᠢ ᠬᠠᠷᠢᠴᠠᠭᠤᠯᠤᠨ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠭᠦᠨᠵᠡᠭᠡᠶ ᠥᠷᠨᠢᠭᠦᠯᠵᠦ᠂ ᠡᠷᠡᠭᠦᠯ ᠪᠥᠭᠡᠳ ᠡᠮᠬᠢ ᠵᠢᠷᠤᠮ ᠲᠠᠢ ᠶᠠᠷᠢᠶ᠎ᠠ ᠬᠡᠯᠡᠯᠴᠡᠭᠡᠨ ᠤ ᠣᠷᠴᠢᠨ ᠨᠥᠭᠦᠴᠡᠯ ᠢ ᠪᠣᠶ ᠪᠣᠯᠭᠠᠬᠤ ᠬᠡᠷᠡᠭᠲᠡᠢ᠃        ᠲᠤᠰᠬᠠᠶ ᠠᠵᠢᠯᠯᠠᠭ᠎ᠠ ᠪᠣᠯ ᠨᠢᠭᠡᠨ ᠪᠠᠶᠢᠩᠭᠤ ᠶᠢᠨ ᠴᠢᠨᠠᠷᠲᠠᠶ ᠠᠵᠢᠯ ᠪᠣᠯᠬᠤᠷ ᠣᠷᠳᠣ ᠬᠤᠭᠤᠴᠠᠭ᠎ᠠ ᠪᠠᠷ ᠥᠷᠨᠢᠭᠦᠯᠬᠦ ᠶᠢ ᠱᠠᠭᠠᠷᠳᠠᠵᠤ ᠪᠠᠶᠢᠨ᠎ᠠ᠃ ᠣᠯᠠᠨ ᠲᠦᠮᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ︾ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠷᠥᠯ ᠤᠨ ᠵᠦᠢᠯᠡᠰ ᠤᠨ ︽ᠰᠣᠨᠢᠨ ᠮᠡᠳᠡᠭᠡᠨ ᠤ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠢᠯᠡᠴᠢᠯᠡᠨ ᠮᠡᠳᠡᠭᠦᠯᠬᠦ︾ ᠪᠠᠷ ᠳᠠᠮᠵᠢᠭᠤᠯᠤᠨ ᠰᠦᠯᠵᠢᠶᠡᠨ ᠳᠡᠭᠡᠷ᠎ᠡ ᠢᠯᠡᠴᠢᠯᠡᠨ ᠮᠡᠳᠡᠭᠦᠯᠵᠦ ᠪᠣᠯᠤᠨ᠎ᠠ᠂ ᠪᠠᠰᠠ 0471 — 4825648᠂ 4825546 ᠤᠲᠠᠰᠤ ᠪᠠᠷ ᠢᠯᠡᠴᠢᠯᠡᠨ ᠮᠡᠳᠡᠭᠦᠯᠵᠦ ᠪᠣᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号