ᠥᠪᠥᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2021/8/10
           2021 ᠣᠨ ᠤ 8 ᠳ᠋ᠤᠭᠠᠷ ᠰᠠᠷ᠎ᠠ ᠶᠢᠨ 9 ᠤ ᠡᠳᠦᠷ ᠤᠨ 7 ᠴᠠᠭ ᠠᠴᠠ 8 ᠳ᠋ᠤᠭᠠᠷ ᠰᠠᠷ᠎ᠠ ᠶᠢᠨ 10 ᠤ ᠡᠳᠦᠷ ᠤᠨ 7 ᠴᠠᠭ ᠪᠣᠯᠲᠠᠯ᠎ᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠣᠳᠤᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃        2021 ᠣᠨ ᠤ 8 ᠳ᠋ᠤᠭᠠᠷ ᠰᠠᠷ᠎ᠠ ᠶᠢᠨ 10 ᠤ ᠡᠳᠦᠷ ᠤᠨ 7 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 6᠂ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 1 ︵ᠬᠦᠯᠦᠨ ᠪᠦᠢᠷ ᠬᠤᠲᠠ ᠶᠢᠨ ᠬᠠᠶᠢᠯᠠᠷ ᠲᠣᠭᠤᠷᠢᠭ ᠲᠤ ᠪᠠᠶᠢᠨ᠎ᠠ︶ ᠪᠠᠶᠢᠵᠦ᠂ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠪᠦᠬᠦᠨ ᠢ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠪᠦᠬᠦ ᠶᠠᠪᠤᠴᠠ ᠳᠤ ᠪᠢᠲᠡᠭᠦᠮᠵᠢᠯᠡᠭᠰᠡᠨ ᠬᠠᠮᠢᠶᠠᠷᠤᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号