| ᠣᠳᠣᠬᠠᠨ ᠳᠤ ᠶᠠᠮᠠᠷ ᠶᠠᠮᠠᠷ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠬᠡᠷᠡᠭᠯᠡᠵᠦ ᠪᠠᠶᠢᠬᠤ ᠪᠣᠶ︖ | ᠲᠠᠷᠢᠯᠭ᠎ᠠ ᠶᠢᠨ ᠲᠠᠯ᠎ᠠ ᠪᠠᠷ ᠶᠠᠮᠠᠷ ᠢᠯᠭᠠᠭ᠎ᠠ ᠲᠠᠢ ᠪᠤᠢ︖ | ᠬᠠᠷᠢᠭᠤᠯᠲᠠ᠄ ᠣᠳᠣᠬᠠᠨ ᠳᠤ ᠮᠠᠨ ᠤ ᠤᠯᠤᠰ ᠤᠨ ᠬᠡᠷᠡᠭᠯᠡᠵᠦ ᠪᠠᠶᠢᠭ᠎ᠠ ᠰᠢᠨ᠎ᠡ ᠲᠢᠲᠢᠮᠯᠢᠭ ᠸᠢᠷᠦ᠋ᠰ ᠤᠨ | ᠸᠠᠺᠼᠢᠨ ᠳᠤ ᠳᠣᠣᠷᠠᠬᠢ ᠬᠡᠳᠦᠨ ᠵᠦᠢᠯ ᠪᠠᠭᠲᠠᠨ᠎ᠠ᠄ | ︵1︶ ᠢᠳᠡᠪᠬᠢ ᠦᠭᠡᠶᠢᠳᠡᠭᠦᠯᠦᠭᠰᠡᠨ ᠸᠢᠷᠦ᠋ᠰ ᠤᠨ ᠸᠠᠺᠼᠢᠨ ︵Vero ᠡᠰ︶᠃ ᠨᠥᠬᠦᠴᠡᠯ ᠲᠠᠢ ᠪᠠᠷ | ᠵᠠᠬ᠎ᠠ ᠳᠡᠯᠭᠡᠭᠦᠷ ᠲᠤ ᠭᠠᠷᠭᠠᠬᠤ ᠶᠢ ᠵᠥᠪᠰᠢᠶᠡᠷᠡᠭᠰᠡᠨ ᠭᠤᠷᠪᠠᠨ ᠰᠢᠨ᠎ᠡ ᠲᠢᠲᠢᠮᠯᠢᠭ ᠸᠢᠷᠦ᠋ᠰ ᠤᠨ ᠢᠳᠡᠪᠬᠢ | ᠦᠭᠡᠶᠢᠳᠡᠭᠦᠯᠦᠭᠰᠡᠨ ᠸᠠᠺᠼᠢᠨ ᠤ ᠪᠦᠲᠦᠭᠡᠭᠳᠡᠬᠦᠨ ᠢ ᠤᠯᠤᠰ ᠤᠨ ᠡᠮ ᠤᠨ ᠪᠦᠯᠦᠭᠯᠡᠯ ᠤᠨ ᠳᠤᠮᠳᠠᠳᠤ ᠤᠯᠤᠰ ᠤᠨ | ᠠᠮᠢᠳᠤ ᠪᠣᠳᠠᠰ ᠤᠨ ᠪᠡᠭᠡᠵᠢᠩ ᠤᠨ ᠠᠮᠢᠳᠤ ᠪᠣᠳᠠᠰ ᠤᠨ ᠪᠦᠲᠦᠭᠡᠭᠳᠡᠬᠦᠨ ᠤ ᠰᠤᠳᠤᠯᠭᠠᠨ ᠤ ᠭᠠᠵᠠᠷ ᠤᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ︵ᠪᠡᠭᠡᠵᠢᠩ ᠰᠤᠳᠤᠯᠬᠤ ᠭᠠᠵᠠᠷ︶᠂ ᠦᠬᠠᠨ ᠤ ᠠᠮᠢᠳᠤ ᠪᠣᠳᠠᠰ ᠤᠨ ᠪᠦᠲᠦᠭᠡᠭᠳᠡᠬᠦᠨ ᠤ | ᠰᠤᠳᠤᠯᠭᠠᠨ ᠤ ᠭᠠᠵᠠᠷ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ︵ᠦᠬᠠᠨ ᠰᠤᠳᠤᠯᠬᠤ ᠭᠠᠵᠠᠷ︶ ᠪᠣᠯᠤᠨ | ᠪᠡᠭᠡᠵᠢᠩ ᠤᠨ ᠺᠧ ᠰᠢᠩ ᠵᠥᠩ ᠸᠧᠶ ᠠᠮᠢᠳᠤ ᠪᠣᠳᠠᠰ ᠤᠨ ᠮᠡᠷᠭᠡᠵᠢᠯ ᠤᠨ ᠬᠢᠵᠠᠭᠠᠷᠲᠤ ᠺᠣᠮᠫᠠᠨᠢ ︵ᠺᠧ ᠰᠢᠩ ᠵᠥᠩ | ᠸᠧᠶ︶ ᠲᠣᠰ ᠲᠣᠰ ᠦᠢᠯᠡᠳᠪᠦᠷᠢᠯᠡᠪᠡ᠃ ᠰᠢᠨ᠎ᠡ ᠲᠢᠲᠢᠮᠯᠢᠭ ᠸᠢᠷᠦ᠋ᠰ ᠤᠨ ᠢᠳᠡᠪᠬᠢ ᠦᠭᠡᠶᠢᠳᠡᠭᠦᠯᠦᠭᠰᠡᠨ | ᠸᠠᠺᠼᠢᠨ ᠤ ᠲᠠᠷᠢᠯᠭ᠎ᠠ ᠶᠢ 2 ᠤᠳᠠᠭ᠎ᠠ ᠬᠢᠵᠦ᠂ 2 ᠲᠠᠷᠢᠯᠭ᠎ᠠ ᠶᠢᠨ ᠬᠤᠭᠤᠷᠣᠨᠳᠣᠬᠢ ᠲᠠᠷᠢᠯᠭ᠎ᠠ ᠶᠢᠨ ᠵᠠᠶ ᠨᠢ 3 | ᠭᠠᠷᠠᠭ ᠠᠴᠠ ᠳᠡᠭᠡᠭᠰᠢ ᠪᠠᠶᠢᠵᠤ᠂ 2 ᠳ᠋ᠤᠭᠠᠷ ᠲᠠᠷᠢᠯᠭ᠎ᠠ ᠶᠢ 8 ᠭᠠᠷᠠᠭ ᠤᠨ ᠳᠣᠲᠣᠷ᠎ᠠ ᠡᠷᠲᠡᠬᠡᠨ ᠬᠢᠵᠦ ᠳᠠᠭᠤᠰᠬᠠᠬᠤ | ᠬᠡᠷᠡᠭᠲᠡᠢ᠃ | ︵2︶ ᠪᠤᠯᠴᠢᠷᠬᠠᠶ ᠶᠢᠨ ᠸᠢᠷᠦ᠋ᠰ ᠤᠨ ᠠᠴᠢᠶᠠᠯᠠᠭᠴᠢ ᠸᠠᠺᠼᠢᠨ᠃ ᠨᠥᠬᠦᠴᠡᠯ ᠲᠠᠢ ᠪᠠᠷ ᠵᠠᠬ᠎ᠠ | ᠳᠡᠯᠭᠡᠭᠦᠷ ᠲᠤ ᠭᠠᠷᠭᠠᠬᠤ ᠶᠢ ᠵᠥᠪᠰᠢᠶᠡᠷᠡᠭᠰᠡᠨ ᠪᠤᠯᠴᠢᠷᠬᠠᠶ ᠶᠢᠨ ᠸᠢᠷᠦ᠋ᠰ ᠤᠨ ᠠᠴᠢᠶᠠᠯᠠᠭᠴᠢ ︵5 ᠬᠡᠯᠪᠡᠷᠢ ᠶᠢᠨ | ᠪᠤᠯᠴᠢᠷᠬᠠᠶ ᠶᠢᠨ ᠸᠢᠷᠦ᠋ᠰ ᠤᠨ ᠠᠴᠢᠶᠠᠯᠠᠭᠴᠢ︶ ᠸᠠᠺᠼᠢᠨ ᠢ ᠪᠣᠯ ᠺᠠᠩ ᠰᠢ ᠨᠥᠸᠧ ᠠᠮᠢᠳᠤ ᠪᠣᠳᠠᠰ ᠤᠨ ᠬᠤᠪᠢ | ᠣᠷᠣᠭᠤᠯᠤᠭᠰᠠᠨ ᠺᠣᠮᠫᠠᠨᠢ ︵ᠺᠠᠩ ᠰᠢ ᠨᠥᠸᠧ︶ ᠠᠴᠠ ᠰᠤᠳᠤᠯᠤᠨ ᠦᠢᠯᠡᠳᠪᠦᠷᠢᠯᠡᠪᠡ᠃ ᠪᠤᠯᠴᠢᠷᠬᠠᠶ ᠶᠢᠨ | ᠸᠢᠷᠦ᠋ᠰ ᠤᠨ ᠠᠴᠢᠶᠠᠯᠠᠭᠴᠢ ᠸᠠᠺᠼᠢᠨ ︵5 ᠬᠡᠯᠪᠡᠷᠢ ᠶᠢᠨ ᠪᠤᠯᠴᠢᠷᠬᠠᠶ ᠶᠢᠨ ᠸᠢᠷᠦ᠋ᠰ ᠤᠨ ᠠᠴᠢᠶᠠᠯᠠᠭᠴᠢ︶ ᠤ | ᠲᠠᠷᠢᠯᠭ᠎ᠠ ᠶᠢ 1 ᠤᠳᠠᠭ᠎ᠠ ᠬᠢᠨ᠎ᠡ᠃ | ︵3︶ ᠳᠠᠬᠢᠨ ᠪᠦᠯᠦᠭᠯᠡᠭᠰᠡᠨ ᠳᠡᠳ᠋ ᠨᠢᠭᠡᠴᠡᠲᠦ ᠸᠠᠺᠼᠢᠨ᠃ ᠪᠠᠴᠢᠮ ᠬᠡᠷᠡᠭᠯᠡᠬᠦ ᠪᠠᠷ ᠵᠥᠪᠰᠢᠶᠡᠷᠡᠭᠳᠡᠭᠰᠡᠨ | ᠳᠠᠬᠢᠨ ᠪᠦᠯᠦᠭᠯᠡᠭᠰᠡᠨ ᠳᠡᠳ᠋ ᠨᠢᠭᠡᠴᠡᠲᠦ ᠸᠠᠺᠼᠢᠨ ᠢ ᠪᠣᠯ ᠠᠨᠾᠦ᠋ᠢ ᠶᠢᠨ ᡁᠢ ᠹᠸᠢ ᠯᠦᠩ ᠺᠧ ᠮᠠ ᠠᠮᠢᠳᠤ | ᠪᠣᠳᠠᠰ ᠤᠨ ᠡᠮ ᠦᠢᠯᠡᠳᠬᠦ ᠬᠢᠵᠠᠭᠠᠷᠲᠤ ᠺᠣᠮᠫᠠᠨᠢ ︵ᡁᠢ ᠹᠸᠢ ᠯᠦᠩ ᠺᠧ ᠮᠠ︶ ᠠᠴᠠ ᠦᠢᠯᠡᠳᠪᠦᠷᠢᠯᠡᠭᠰᠡᠨ ᠳᠠᠬᠢᠨ | ᠪᠦᠯᠦᠭᠯᠡᠭᠰᠡᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ︵CHO ᠡᠰ︶ ᠪᠣᠯᠤᠨ᠎ᠠ᠃ ᠳᠠᠬᠢᠨ ᠪᠦᠯᠦᠭᠯᠡᠭᠰᠡᠨ | ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ︵CHO ᠡᠰ︶ ᠢ 3 ᠤᠳᠠᠭ᠎ᠠ ᠲᠠᠷᠢᠯᠭ᠎ᠠ ᠬᠢᠬᠦ ᠴᠢᠬᠤᠯᠠᠲᠠᠶ᠂ | ᠵᠡᠷᠭᠡᠯᠡᠳᠡᠭᠡ 2 ᠲᠠᠷᠢᠯᠭ᠎ᠠ ᠶᠢᠨ ᠬᠤᠭᠤᠷᠣᠨᠳᠣᠬᠢ ᠲᠠᠷᠢᠯᠭ᠎ᠠ ᠶᠢᠨ ᠵᠠᠶ ᠨᠢ 4 ᠭᠠᠷᠠᠭ ᠠᠴᠠ ᠳᠡᠭᠡᠭᠰᠢ ᠪᠠᠶᠢᠵᠤ᠃ 2 | ᠳ᠋ᠤᠭᠠᠷ ᠲᠠᠷᠢᠯᠭ᠎ᠠ ᠶᠢ ᠠᠯᠢ ᠴᠢᠳᠠᠬᠤ ᠪᠠᠷ 1 ᠳ᠋ᠦ᠋ᠭᠡᠷ ᠲᠠᠷᠢᠯᠭ᠎ᠠ ᠶᠢ ᠲᠠᠷᠢᠭᠰᠠᠨ ᠤ ᠳᠠᠷᠠᠭᠠᠬᠢ 8 ᠭᠠᠷᠠᠭ ᠤᠨ | ᠳᠣᠲᠣᠷ᠎ᠠ ᠬᠢᠵᠦ ᠳᠠᠭᠤᠰᠬᠠᠬᠤ ᠬᠡᠷᠡᠭᠲᠡᠢ᠂ 3 ᠳ᠋ᠤᠭᠠᠷ ᠲᠠᠷᠢᠯᠭ᠎ᠠ ᠶᠢ ᠶᠢ ᠠᠯᠢ ᠴᠢᠳᠠᠬᠤ ᠪᠠᠷ 1 ᠳ᠋ᠦ᠋ᠭᠡᠷ ᠲᠠᠷᠢᠯᠭ᠎ᠠ ᠶᠢ | ᠲᠠᠷᠢᠭᠰᠠᠨ ᠤ ᠳᠠᠷᠠᠭᠠᠬᠢ 6 ᠰᠠᠷ᠎ᠠ ᠶᠢᠨ ᠳᠣᠲᠣᠷ᠎ᠠ ᠬᠢᠵᠦ ᠳᠠᠭᠤᠰᠬᠠᠬᠤ ᠬᠡᠷᠡᠭᠲᠡᠢ᠃ | ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠳᠠᠷᠢᠬᠤ ᠴᠢᠬᠤᠯᠠᠲᠠᠶ ᠦᠦ︖ | ᠬᠠᠷᠢᠭᠤᠯᠲᠠ᠄ ᠲᠤᠩ ᠴᠢᠬᠤᠯᠠᠲᠠᠢ᠃ ᠨᠢᠭᠡ ᠲᠠᠯ᠎ᠠ ᠪᠠᠷ ᠮᠠᠨ ᠤ ᠤᠯᠤᠰ ᠤᠨ ᠵᠣᠩᠬᠢᠯᠠᠬᠤ ᠣᠯᠠᠨ | ᠲᠣᠭᠠᠨ ᠤ ᠬᠥᠮᠦᠰ ᠴᠥᠮ ᠰᠢᠨ᠎ᠡ ᠲᠢᠲᠢᠮᠯᠢᠭ ᠸᠢᠷᠦ᠋ᠰ ᠲᠤ ᠴᠢᠭᠯᠡᠭᠦᠯᠦᠭᠰᠡᠨ ᠦᠯᠦ ᠬᠠᠯᠳᠠᠪᠤᠷᠢᠯᠠᠬᠤ ᠴᠢᠳᠠᠪᠤᠷᠢ | ᠥᠬᠡᠶ ᠪᠠᠶᠢᠵᠤ᠂ ᠰᠢᠨ᠎ᠡ ᠲᠢᠲᠢᠮᠯᠢᠭ ᠸᠢᠷᠦ᠋ᠰ ᠲᠤ ᠠᠮᠠᠷᠬᠠᠨ ᠬᠠᠯᠳᠠᠪᠤᠷᠢᠯᠠᠭᠳᠠᠳᠠᠭ᠂ ᠡᠪᠡᠳᠴᠢᠨ | ᠬᠠᠯᠳᠠᠪᠤᠷᠢᠯᠠᠭᠰᠠᠨ ᠤ ᠳᠠᠷᠠᠭ᠎ᠠ᠂ ᠵᠠᠷᠢᠮ ᠬᠥᠮᠦᠨ ᠪᠠᠰᠠ ᠬᠦᠨᠳᠦ ᠲᠦᠭᠰᠢᠭᠦᠷᠢᠲᠡᠶ ᠡᠪᠡᠳᠴᠢᠨ ᠪᠣᠯᠤᠨ ᠬᠥᠭᠵᠢᠵᠦ᠂ | ᠴᠢᠨᠠᠭᠰᠢᠯᠠᠪᠠᠯ ᠥᠭᠦᠳᠡᠭ᠃ ᠬᠠᠷᠢᠨ ᠸᠠᠺᠼᠢᠨ ᠤ ᠲᠠᠷᠢᠯᠭ᠎ᠠ ᠬᠢᠭᠰᠡᠨ ᠤ ᠳᠠᠷᠠᠭ᠎ᠠ ᠣᠯᠠᠩᠬᠢ ᠬᠥᠮᠦᠰ ᠦᠯᠦ | ᠬᠠᠯᠳᠠᠪᠤᠷᠢᠯᠠᠬᠤ ᠴᠢᠳᠠᠪᠤᠷᠢ ᠶᠢ ᠭᠥᠷᠳᠡᠵᠦ᠂ ᠡᠭᠦᠨ ᠤ ᠤᠯᠠᠮ ᠠᠴᠠ ᠡᠪᠡᠳᠴᠢᠨ ᠡᠭᠦᠰᠬᠦ᠂ ᠬᠦᠨᠳᠦ ᠡᠪᠡᠳᠴᠢᠨ | ᠤᠯᠬᠤ ᠪᠠ ᠥᠭᠦᠬᠦ ᠲᠦᠭᠰᠢᠭᠦᠷᠢ ᠶᠢ ᠪᠦᠲᠦᠮᠵᠢᠲᠡᠶ ᠪᠠᠭᠠᠰᠬᠠᠳᠠᠭ᠃ ᠨᠥᠭᠦᠭᠡ ᠲᠠᠯ᠎ᠠ ᠪᠠᠷ ᠰᠢᠨ᠎ᠡ ᠲᠢᠲᠢᠮᠯᠢᠭ | ᠸᠢᠷᠦ᠋ᠰ ᠤᠨ ᠸᠠᠺᠼᠢᠨ ᠢ ᠡᠮᠬᠢ ᠵᠢᠷᠤᠮ ᠲᠠᠢ ᠳᠠᠷᠢᠬᠤ ᠪᠠᠷ ᠳᠡᠮᠵᠢᠨ᠂ ᠬᠥᠮᠦᠰ ᠤᠨ ᠳᠤᠮᠳᠠ ᠦᠯᠦ ᠬᠠᠯᠳᠠᠪᠤᠷᠢᠯᠠᠬᠤ | ᠬᠠᠯᠬᠠᠪᠴᠢ ᠶᠢ ᠠᠯᠬᠤᠮ ᠠᠯᠬᠤᠮ ᠢᠶᠠᠷ ᠪᠠᠶᠢᠭᠤᠯᠵᠤ᠂ ᠰᠢᠨ᠎ᠡ ᠲᠢᠲᠢᠮᠯᠢᠭ ᠸᠢᠷᠦ᠋ᠰ ᠤᠨ ᠲᠠᠷᠬᠠᠯᠲᠠ ᠶᠢ ᠲᠡᠰᠦᠯᠵᠦ᠂ | ᠮᠠᠨ ᠤ ᠤᠯᠤᠰ ᠤᠨ ᠨᠡᠶᠢᠭᠡᠮ ᠠᠵᠤ ᠠᠬᠤᠶ᠂ ᠰᠠᠭᠤᠭᠠᠯᠢ ᠠᠷᠠᠳ ᠤᠨ ᠠᠮᠢᠳᠤᠷᠠᠯ ᠤᠨ ᠬᠡᠪ ᠤᠨ ᠡᠷᠭᠢᠯᠲᠡ ᠶᠢ ᠠᠯᠢ | ᠲᠦᠷᠭᠡᠨ ᠢᠶᠠᠷ ᠰᠡᠷᠭᠦᠭᠡᠨ᠎ᠡ᠃ | ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠠᠶᠤᠯᠭᠦᠶ ᠴᠢᠨᠠᠷ ᠪᠠ ᠪᠦᠲᠦᠮᠵᠢᠲᠦ ᠴᠢᠨᠠᠷ ᠨᠢ ᠶᠠᠮᠠᠷ ᠪᠣᠶ︖ | | ᠬᠠᠷᠢᠭᠤᠯᠲᠠ᠄ ᠮᠠᠨ ᠤ ᠤᠯᠤᠰ ᠤᠨ ᠸᠠᠺᠼᠢᠨ ᠤ ᠰᠤᠳᠤᠯᠤᠨ ᠨᠡᠭᠡᠭᠡᠬᠦ᠂ ᠲᠤᠷᠰᠢᠯᠲᠠ ᠬᠢᠬᠦ᠂ ᠬᠢᠨᠠᠨ | ᠵᠥᠪᠰᠢᠶᠡᠷᠡᠬᠦ᠂ ᠵᠠᠬ᠎ᠠ ᠳᠡᠯᠭᠡᠭᠦᠷ ᠲᠤ ᠭᠠᠷᠭᠠᠬᠤ᠂ ᠬᠠᠳᠠᠭᠠᠯᠠᠬᠤ᠂ ᠵᠥᠭᠡᠭᠡᠪᠦᠷᠢᠯᠡᠬᠦ᠂ ᠲᠠᠷᠢᠯᠭ᠎ᠠ ᠬᠢᠬᠦ ᠵᠡᠷᠭᠡ ᠪᠥᠬᠦ | ᠶᠠᠪᠤᠴᠠ ᠳᠤ ᠴᠥᠮ ᠮᠠᠰᠢ ᠴᠢᠩᠭ᠎ᠠ ᠬᠠᠮᠢᠶᠠᠷᠤᠯᠲᠠ ᠶᠢᠨ ᠲᠣᠭᠲᠠᠭᠠᠯ ᠲᠠᠢ ᠪᠠᠶᠢᠳᠠᠭ᠃ ᠪᠦᠷᠢᠨ ᠲᠡᠭᠦᠯᠳᠡᠷ | ᠸᠠᠺᠼᠢᠨ ᠤ ᠬᠦᠢᠲᠡᠨ ᠬᠡᠯᠬᠢᠶᠡᠨ ᠤ ᠰᠢᠰᠲ᠋ᠧᠮ ᠤᠨ ᠪᠠᠲᠤᠯᠠᠭ᠎ᠠ ᠪᠠᠶᠢᠵᠤ᠂ ᠬᠠᠳᠠᠭᠠᠯᠠᠯᠲᠠ ᠪᠠ ᠲᠡᠭᠡᠭᠡᠪᠦᠷᠢᠯᠡᠯᠲᠡ ᠶᠢ | ᠴᠥᠮ ᠵᠢᠷᠤᠮᠵᠢᠯ ᠶᠣᠰᠣᠭᠠᠷ ᠴᠢᠩᠭ᠎ᠠ ᠬᠡᠷᠡᠭᠵᠢᠭᠦᠯᠳᠡᠭ᠃ ᠲᠠᠷᠢᠯᠭ᠎ᠠ ᠶᠢᠨ ᠪᠠᠶᠢᠭᠤᠯᠭ᠎ᠠ ᠨᠢᠭᠡᠴᠡ᠂ ᠡᠮᠴᠢ | ᠰᠤᠪᠢᠯᠠᠭᠴᠢᠳ ᠴᠥᠮ ᠲᠤᠰᠬᠠᠶ ᠮᠡᠷᠭᠡᠵᠢᠯ ᠤᠨ ᠪᠣᠯᠪᠠᠰᠤᠷᠠᠯ ᠪᠠ ᠴᠢᠩᠭ᠎ᠠ ᠨᠢᠮᠪᠠᠶ ᠬᠢᠨᠠᠨ ᠬᠠᠷᠭᠤᠭᠤᠯᠤᠯᠲᠠ ᠶᠢ | ᠥᠩᠭᠡᠷᠡᠭᠡᠵᠦ᠂ ᠪᠠᠷᠢᠮᠵᠢᠶᠠᠲᠤ ᠠᠵᠢᠯᠯᠠᠬᠤ ᠵᠢᠷᠤᠮ ᠢᠶᠠᠷ ᠲᠠᠷᠢᠯᠭ᠎ᠠ ᠬᠢᠳᠡᠭ᠃ ᠣᠳᠣᠬᠠᠨ ᠳᠤ ᠮᠠᠨ ᠤ ᠤᠯᠤᠰ ᠤᠨ | ᠬᠡᠷᠡᠭᠯᠡᠵᠦ ᠪᠠᠶᠢᠭ᠎ᠠ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠨᠢᠭᠡᠨᠲᠡ ᠵᠢᠷᠤᠮᠵᠢᠯ ᠶᠣᠰᠣᠭᠠᠷ ᠡᠮᠴᠢᠯᠡᠭᠡᠨ ᠤ | ᠰᠤᠳᠤᠯᠭᠠᠨ ᠢ ᠥᠷᠨᠢᠭᠦᠯᠵᠦ᠂ ᠤᠯᠤᠰ ᠤᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠨ ᠵᠥᠪᠰᠢᠶᠡᠷᠡᠯ ᠢ ᠣᠯᠵᠤ᠂ ᠸᠠᠺᠼᠢᠨ ᠤ ᠬᠠᠮᠠᠭᠠᠯᠠᠯᠲᠠ ᠶᠢᠨ ᠬᠦᠴᠦᠨ ᠨᠢ ᠴᠥᠮ ᠤᠯᠤᠰ ᠤᠨ | ᠬᠤᠯᠪᠣᠭᠳᠠᠯ ᠪᠥᠬᠦᠶ ᠱᠠᠭᠠᠷᠳᠠᠯᠭ᠎ᠠ ᠳᠤ ᠭᠦᠷᠦᠭᠰᠡᠨ ᠪᠥᠭᠡᠳ ᠳᠡᠯᠡᠬᠡᠶ ᠶᠢᠨ ᠡᠷᠡᠭᠦᠯ ᠬᠠᠮᠠᠭᠠᠯᠠᠯ ᠤᠨ ᠵᠣᠬᠢᠶᠠᠨ | ᠪᠠᠶᠢᠭᠤᠯᠤᠯᠲᠠ ᠶᠢᠨ ︽ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠬᠠᠷᠠᠯᠲᠠᠲᠤ ᠦᠢᠯᠡᠳᠬᠦᠨ ᠤ ᠣᠨᠴᠠᠯᠢᠭ︾ | ᠤᠨ ᠲᠠᠨᠢᠯᠴᠠᠭᠤᠯᠤᠭᠰᠠᠨ ᠭᠦᠢᠴᠡᠳᠬᠡᠯ ᠲᠤᠭ᠎ᠠ ᠶᠢᠨ ᠱᠠᠭᠠᠷᠳᠠᠯᠭ᠎ᠠ ᠳᠤ ᠴᠤ ᠨᠡᠶᠢᠴᠡᠨ᠎ᠡ᠃ ᠡᠮᠴᠢᠯᠡᠭᠡᠨ ᠤ | ᠲᠤᠷᠰᠢᠯᠲᠠ ᠪᠠ ᠪᠠᠴᠢᠮ ᠬᠡᠷᠡᠭᠯᠡᠯᠲᠡ ᠶᠢᠨ ᠱᠠᠲᠤ ᠦᠶ᠎ᠡ ᠵᠢᠴᠢ ᠡᠮᠦᠨᠡᠬᠢ ᠬᠤᠭᠤᠴᠠᠭᠠᠨ ᠤ ᠭᠤᠤᠯᠳᠠᠯᠭ᠎ᠠ ᠲᠠᠢ | ᠬᠥᠮᠦᠰ ᠲᠤ ᠶᠡᠭᠡ ᠬᠡᠪᠴᠢᠶ᠎ᠡ ᠪᠠᠷ ᠲᠠᠷᠢᠯᠭ᠎ᠠ ᠬᠢᠭᠰᠡᠨ ᠤ ᠳᠠᠷᠠᠭᠠᠬᠢ ᠰᠡᠷᠭᠡᠶᠢᠯᠡᠬᠦ ᠲᠠᠷᠢᠯᠭ᠎ᠠ ᠶᠢᠨ ᠰᠡᠵᠢᠭᠯᠡᠯᠲᠡᠢ | ᠬᠡᠪ ᠤᠨ ᠪᠤᠰᠤ ᠲᠤᠰᠬᠠᠯ ᠤᠨ ᠬᠢᠨᠠᠨ ᠬᠡᠮᠵᠢᠭᠰᠡᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠰᠢᠨ᠎ᠡ ᠲᠢᠲᠢᠮᠯᠢᠭ | ᠸᠢᠷᠦ᠋ᠰ ᠤᠨ ᠸᠠᠺᠼᠢᠨ ᠤ ᠠᠶᠤᠯᠭᠦᠶ ᠴᠢᠨᠠᠷ ᠨᠢ ᠰᠠᠶᠢᠨ ᠪᠠᠶᠢᠨ᠎ᠠ᠃ | ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠬᠠᠮᠢᠭ᠎ᠠ ᠳᠠᠷᠢᠬᠤ ᠪᠤᠶ︖ | ᠬᠠᠷᠢᠭᠤᠯᠲᠠ᠄ ᠮᠠᠨ ᠤ ᠣᠷᠣᠨ ᠤ ᠲᠠᠷᠢᠯᠭ᠎ᠠ ᠶᠢᠨ ᠪᠠᠶᠢᠭᠤᠯᠭ᠎ᠠ ᠨᠢᠭᠡᠴᠡ ᠶᠢ ᠨᠡᠶᠢᠭᠡᠮ ᠲᠣᠭᠤᠷᠢᠭ ᠤᠨ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠵᠢᠴᠢ | ᠬᠡᠰᠡᠭ ᠲᠤᠰᠬᠠᠶ ᠡᠮᠨᠡᠯᠭᠡ ᠪᠤᠶᠤ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠳᠤ ᠲᠣᠬᠢᠷᠠᠭᠤᠯᠪᠠ᠃ ᠸᠠᠺᠼᠢᠨ ᠤ | ᠲᠠᠷᠢᠯᠭ᠎ᠠ ᠬᠢᠬᠦ ᠱᠠᠭᠠᠷᠳᠠᠯᠭ᠎ᠠ ᠲᠠᠢ ᠬᠥᠮᠦᠰ ᠨᠢ ᠪᠠᠶᠢᠭᠤᠯᠭ᠎ᠠ ᠨᠢᠭᠡᠴᠡ ᠪᠤᠶᠤ ᠨᠡᠶᠢᠭᠡᠮ ᠲᠣᠭᠤᠷᠢᠭ ᠢᠶᠠᠷ ᠢᠶᠠᠨ | ᠤᠷᠢᠳᠴᠢᠯᠠᠨ ᠪᠣᠯᠵᠣᠵᠤ ᠪᠣᠯᠤᠨ᠎ᠠ᠂ ᠪᠠᠰᠠ ᠬᠠᠷᠢᠶ᠎ᠠ ᠲᠣᠭᠤᠷᠢᠭ ᠬᠤᠰᠢᠭᠤ ᠰᠢᠶᠠᠨ ᠤ ᠱᠠᠲᠤᠨ ᠤ ᠡᠷᠡᠭᠦᠯ | ᠬᠠᠮᠠᠭᠠᠯᠠᠯ ᠪᠠ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠤᠶᠤ ᠡᠪᠡᠳᠴᠢᠨ ᠡᠮᠭᠡᠭ ᠢ ᠰᠡᠷᠭᠡᠶᠢᠯᠡᠨ | ᠡᠵᠡᠮᠳᠡᠬᠦ ᠪᠠᠶᠢᠭᠤᠯᠤᠮᠵᠢ ᠠᠴᠠ ᠠᠰᠠᠭᠤᠨ ᠯᠠᠪᠯᠠᠵᠤ ᠪᠣᠯᠤᠨ᠎ᠠ᠂ ᠪᠣᠳᠠᠲᠠᠶ ᠪᠠᠶᠢᠳᠠᠯ ᠢ ᠡᠯ᠎ᠡ ᠭᠠᠵᠠᠷ ᠤᠨ ᠬᠤᠯᠪᠣᠭᠳᠠᠯ | ᠪᠥᠬᠦᠶ ᠮᠡᠳᠡᠭᠳᠡᠯ ᠢ ᠠᠩᠬᠠᠷᠤᠭᠠᠷᠠᠶ᠃ |