︽ᠬᠤᠣᠰ ᠨᠡᠭᠦᠷᠡᠰᠦᠲᠥ᠋ᠷᠥᠭᠴᠢ︾ ᠶᠢᠨ ᠡᠷᠢᠨ︕ ᠮᠠᠨ ᠤ ᠣᠷᠣᠨ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢᠨ ᠬᠥᠭᠵᠢᠯᠲᠡ ᠶᠢ ᠬᠦᠴᠦᠯᠡᠨ ᠠᠬᠢᠭᠤᠯᠵᠤ ᠪᠣᠶ
ᠨᠡᠶᠢᠲᠡᠯᠡᠭᠰᠡᠨ ᠴᠠᠭ᠄
2021/8/18
           8 ᠳ᠋ᠤᠭᠠᠷ ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠲᠥᠷᠥ ᠶᠢᠨ ᠪᠣᠳᠣᠯᠭ᠎ᠠ ᠶᠢᠨ ᠲᠣᠭᠲᠠᠮᠠᠯ ᠬᠤᠭᠤᠴᠠᠭᠠᠲᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠳ ︽ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢᠨ ᠬᠥᠭᠵᠢᠯᠲᠡ ᠶᠢ ᠴᠢᠩᠭᠠᠳᠬᠠᠬᠤ ᠲᠤᠬᠠᠶ ᠬᠡᠷᠡᠭᠵᠢᠭᠦᠯᠬᠦ ᠰᠠᠨᠠᠯ︾ ︵ᠳᠣᠷᠣᠭᠰᠢ ︽ᠬᠡᠷᠡᠭᠵᠢᠭᠦᠯᠬᠦ ᠰᠠᠨᠠᠯ︾ ᠭᠡᠵᠦ ᠲᠣᠪᠴᠢᠯᠠᠨ᠎ᠠ︶ ᠢ ᠨᠡᠶᠢᠲᠡᠯᠡᠭᠰᠡᠨ ᠪᠠᠶᠢᠳᠠᠯ ᠢ ᠲᠣᠳᠣᠷᠬᠠᠶᠢᠯᠠᠨ ᠲᠠᠨᠢᠯᠴᠠᠭᠤᠯᠪᠠ᠃        ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠳᠡᠳ᠋ ᠳᠠᠷᠤᠭ᠎ᠠ ᠵᠢᠶᠧ ᠰᠢᠨ ᠮᠢᠨ ᠤ ᠲᠠᠨᠢᠯᠴᠠᠭᠤᠯᠤᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠣᠷᠴᠢᠮᠬᠠᠨ ᠳᠠᠷᠤᠮᠠᠯᠯᠠᠨ ᠲᠠᠷᠬᠠᠭᠠᠭᠰᠠᠨ ︽ᠬᠡᠷᠡᠭᠵᠢᠭᠦᠯᠬᠦ ᠰᠠᠨᠠᠯ︾ ᠪᠣᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢᠨ ᠬᠥᠭᠵᠢᠯᠲᠡ ᠶᠢᠨ ᠳᠦᠷᠢᠮ︾ ᠢ ᠨᠠᠶᠢᠳᠠᠪᠤᠷᠢᠵᠢᠭᠤᠯᠬᠤ ᠲᠥᠬᠦᠷᠵᠢᠭᠦᠯᠦᠭᠰᠡᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠣᠯᠤᠨ᠎ᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭ᠎ᠠ ᠭᠠᠳᠠᠭᠰᠢᠯᠠᠭᠤᠯᠬᠤ ᠣᠷᠴᠢᠯ ᠠᠵᠤ ᠠᠬᠤᠶ ᠶᠢ ᠬᠥᠭᠵᠢᠭᠦᠯᠦᠨ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠭᠠᠳᠠᠭᠰᠢᠯᠠᠭᠤᠯᠬᠤ ᠶᠢ ᠣᠷᠭᠢᠯ ᠬᠡᠮᠵᠢᠭᠳᠡᠯ ᠳᠤ ᠬᠦᠷᠦᠭᠦᠯᠬᠦ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠠᠭᠠᠷᠮᠠᠭᠵᠢᠭᠤᠯᠬᠤ ᠶᠢ ᠠᠬᠢᠭᠤᠯᠬᠤ ᠨᠢ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠥᠲᠥᠭᠡᠨ ᠪᠠᠶᠢᠭᠤᠯᠬᠤ ᠳᠤ ᠴᠢᠬᠤᠯᠠ ᠶᠡᠭᠡ ᠪᠣᠳᠠᠲᠤ ᠠᠴᠢ ᠬᠤᠯᠪᠣᠭᠳᠠᠯ ᠪᠠ ᠠᠯᠤᠰ ᠬᠡᠲᠦ ᠶᠢᠨ ᠲᠡᠤᠬᠡᠲᠦ ᠠᠴᠢ ᠬᠤᠯᠪᠣᠭᠳᠠᠯ ᠲᠠᠢ ᠶᠤᠮ᠃        ︽ᠬᠡᠷᠡᠭᠵᠢᠭᠦᠯᠬᠦ ᠰᠠᠨᠠᠯ︾ ᠳᠤ᠂ 2022 ᠣᠨ ᠪᠣᠯᠬᠤ ᠳᠤ᠂ ᠪᠥᠬᠦ ᠣᠷᠣᠨ ᠤ ᠬᠤᠲᠠ ᠪᠠᠯᠭᠠᠰᠤᠨ ᠤ ᠪᠣᠬᠢᠷᠲᠤᠯ ᠥᠬᠡᠶ ᠪᠠᠷᠢᠯᠭ᠎ᠠ ᠶᠢᠨ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠳᠠᠬᠢ ᠡᠵᠡᠯᠡᠬᠦ ᠬᠠᠷᠢᠴᠠᠯ ᠢ 60% ᠳᠤ ᠬᠦᠷᠦᠭᠦᠯᠦᠨ᠎ᠡ︔ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠡᠵᠡᠯᠡᠬᠦ ᠬᠠᠷᠢᠴᠠᠯ ᠢ 15% ᠳᠤ ᠬᠦᠷᠦᠭᠦᠯᠬᠦ ᠪᠠᠷ ᠴᠢᠷᠮᠠᠶᠢᠨ᠎ᠠ︔ ᠡᠯ᠎ᠡ ᠠᠶᠢᠮᠠᠭ ᠬᠤᠲᠠ ᠨᠤᠭᠤᠳ ᠢᠳᠡᠪᠬᠢ ᠪᠤᠰᠤ ᠮᠠᠶ᠋ᠢᠭ ᠤᠨ ᠬᠡᠲᠦ ᠪᠠᠭ᠎ᠠ ᠡᠨᠧᠷᠭᠢ ᠶᠢᠨ ᠬᠤᠷᠣᠭᠳᠠᠭᠤᠯᠭ᠎ᠠ ᠶᠢᠨ ᠪᠠᠷᠢᠯᠭ᠎ᠠ ᠶᠢᠨ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠬᠦ ᠬᠡᠷᠡᠭᠲᠡᠶ︔ ᠨᠢᠭᠡᠨᠲᠡ ᠪᠠᠶᠢᠭ᠎ᠠ ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ 500 ᠲᠦᠮᠡᠨ ᠺᠦᠸᠠᠲ ᠮᠧᠲᠷ ᠪᠡᠶᠡᠯᠡᠭᠦᠯᠵᠦ᠂ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠤᠨ ᠬᠡᠷᠡᠭᠯᠡᠭᠡᠨ ᠤ ᠲᠠᠯᠠᠪᠠᠶ ᠶᠢ 700 ᠲᠦᠮᠡᠨ ᠺᠦᠸᠠᠲ ᠮᠧᠲᠷ ᠲᠤ ᠬᠦᠷᠦᠭᠦᠯᠦᠨ᠎ᠡ︔ ᠪᠠᠷᠢᠯᠭ᠎ᠠ ᠶᠢᠨ ᠳᠤᠯᠠᠭᠠᠨ ᠬᠠᠳᠠᠭᠠᠯᠠᠬᠤ ᠪᠦᠲᠦᠴᠡ ᠶᠢ ᠨᠢᠭᠡ ᠴᠣᠠᠠᠴᠠᠵᠢᠭᠤᠯᠥᠠᠠᠰᠠᠨ ᠲᠥᠷᠥᠯ ᠵᠦᠢᠯ ᠢ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠳᠤ ᠡᠵᠡᠯᠡᠬᠦ ᠬᠠᠷᠢᠴᠠᠯ ᠢ 10% ᠳᠤ ᠬᠦᠷᠦᠭᠦᠯᠦᠨ᠎ᠡ︔ ᠲᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢ ᠠᠷᠠᠳ ᠤᠨ ᠬᠡᠷᠡᠭᠯᠡᠭᠡᠨ ᠤ ᠪᠠᠷᠢᠯᠭ᠎ᠠ ᠳᠤ ᠬᠡᠷᠡᠭᠯᠡᠬᠦ ᠬᠠᠷᠢᠴᠠᠯ ᠢ 10% ᠳᠤ ᠬᠦᠷᠦᠭᠦᠯᠦᠨ᠎ᠡ᠃ 2025 ᠣᠨ ᠪᠣᠯᠬᠤ ᠳᠤ᠂ ᠪᠥᠬᠦ ᠣᠷᠣᠨ ᠤ ᠬᠤᠲᠠ ᠪᠠᠯᠭᠠᠰᠤ ᠶᠢᠨ ᠰᠢᠨ᠎ᠡ ᠪᠠᠷ ᠪᠠᠶᠢᠭᠤᠯᠬᠤ ᠪᠠᠷᠢᠯᠭ᠎ᠠ ᠳᠤ ᠪᠣᠬᠢᠷᠲᠤᠯ ᠥᠬᠡᠶ ᠪᠠᠷᠢᠯᠭ᠎ᠠ ᠶᠢᠨ ᠪᠠᠷᠢᠮᠵᠢᠶ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠪᠣᠬᠢᠷᠲᠤᠯ ᠥᠬᠡᠶ ᠠᠮᠢ ᠠᠬᠤᠶ ᠶᠢᠨ ᠬᠤᠲᠠ ᠲᠣᠭᠤᠷᠢᠭ᠂ ᠪᠣᠬᠢᠷᠲᠤᠯ ᠥᠬᠡᠶ ᠠᠮᠢ ᠠᠬᠤᠶ ᠶᠢᠨ ᠵᠢᠵᠢᠭ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ ᠠᠬᠢᠭᠤᠯᠵᠤ᠂ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠳᠠᠬᠢ ᠣᠳᠣᠨ ᠲᠠᠰ ᠤᠨ ᠪᠣᠬᠢᠷᠲᠤᠯ ᠥᠬᠡᠶ ᠪᠠᠷᠢᠯᠭ᠎ᠠ ᠶᠢᠨ ᠡᠵᠡᠯᠡᠬᠦ ᠬᠠᠷᠢᠴᠠᠯ ᠢ 30% ᠠᠴᠠ ᠳᠠᠪᠠᠭᠤᠯᠤᠨ᠎ᠠ︔ ᠤᠭᠰᠠᠷᠠᠮᠠᠯ ᠪᠠᠷᠢᠯᠭ᠎ᠠ ᠶᠢᠨ ᠲᠠᠯᠠᠪᠠᠶ ᠶᠢᠨ ᠡᠵᠡᠯᠡᠬᠦ ᠬᠠᠷᠢᠴᠠᠯ ᠢ 30% ᠳᠤ ᠬᠦᠷᠦᠭᠦᠯᠬᠦ ᠪᠠᠷ ᠴᠢᠷᠮᠠᠶᠢᠨ᠎ᠠ︔ ᠨᠢᠭᠡᠨᠲᠡ ᠪᠠᠶᠢᠭ᠎ᠠ ᠣᠷᠣᠨ ᠰᠠᠭᠤᠴᠠ ᠶᠢᠨ ᠪᠠᠷᠢᠯᠭ᠎ᠠ ᠳᠤ 1000 ᠲᠦᠮᠡᠨ ᠺᠦᠸᠠᠲ ᠮᠧᠲᠷ ᠡᠨᠧᠷᠭᠢ ᠠᠷᠪᠢᠯᠠᠬᠤ ᠥᠭᠡᠷᠡᠴᠢᠯᠡᠯᠲᠡ ᠬᠢᠵᠦ᠂ ᠣᠯᠠᠨ ᠨᠡᠶᠢᠲᠡ ᠶᠢᠨ ᠪᠠᠷᠢᠯᠭ᠎ᠠ ᠶᠢᠨ ᠡᠨᠧᠷᠭᠢ ᠶᠢᠨ ᠠᠰᠢᠭᠯᠠᠮᠵᠢ ᠶᠢᠨ ᠳᠡᠭᠡᠭᠰᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ᠎ᠡ︔ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠢ ᠳᠡᠯᠭᠡᠷᠡᠭᠦᠯᠬᠦ ᠲᠠᠯᠠᠪᠠᠶ ᠶᠢ 1000 ᠲᠦᠮᠡᠨ ᠺᠦᠸᠠᠲ ᠮᠧᠲᠷ ᠲᠤ ᠬᠦᠷᠦᠭᠦᠯᠵᠦ᠂ ᠪᠠᠷᠢᠯᠭ᠎ᠠ ᠶᠢᠨ ᠳᠤᠯᠠᠭᠠᠨ ᠬᠠᠳᠠᠭᠠᠯᠠᠬᠤ ᠪᠦᠲᠦᠴᠡ ᠶᠢ ᠨᠢᠭᠡ ᠴᠣᠠᠠᠴᠠᠵᠢᠭᠤᠯᠬᠤ ᠲᠥᠷᠥᠯ ᠵᠦᠢᠯ ᠤᠨ ᠡᠵᠡᠯᠡᠬᠦ ᠬᠠᠷᠢᠴᠠᠯ ᠢ 30% ᠠᠴᠠ ᠳᠡᠭᠡᠭᠰᠢ ᠳᠤ ᠬᠦᠷᠦᠭᠦᠯᠵᠦ᠂ ᠳᠠᠬᠢᠨ ᠡᠭᠦᠰᠬᠦ᠋ᠢᠴᠡ ᠡᠨᠧᠷᠭᠢ ᠶᠢᠨ ᠰᠤᠷᠪᠤᠯᠵᠢ ᠶᠢ ᠠᠷᠠᠳ ᠤᠨ ᠬᠡᠷᠡᠭᠯᠡᠭᠡᠨ ᠤ ᠪᠠᠷᠢᠯᠭ᠎ᠠ ᠳᠤ ᠬᠡᠷᠡᠭᠯᠡᠬᠦ ᠬᠠᠷᠢᠴᠠᠯ ᠢ 30% ᠳᠤ ᠬᠦᠷᠦᠭᠦᠯᠦᠨ᠎ᠡ ᠭᠡᠵᠦ ᠲᠣᠳᠣᠷᠬᠠᠢ ᠲᠣᠭᠲᠠᠭᠠᠵᠠᠢ᠃        ︽ᠬᠡᠷᠡᠭᠵᠢᠭᠦᠯᠬᠦ ᠰᠠᠨᠠᠯ︾ ᠳᠤ ᠪᠠᠰᠠ ᠮᠠᠨ ᠤ ᠣᠷᠣᠨ ᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢᠨ ᠬᠥᠭᠵᠢᠯᠲᠡ ᠶᠢᠨ 8 ᠭᠤᠤᠯᠳᠠᠯᠭ᠎ᠠ ᠲᠠᠢ ᠡᠭᠦᠷᠭᠡ ᠶᠢ ᠳᠤᠷᠠᠳᠪᠠ᠂ ᠵᠢᠱᠢᠶᠡᠯᠡᠪᠡᠯ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠶᠢᠨ ᠡᠨᠧᠷᠭᠢ ᠠᠷᠪᠢᠯᠠᠬᠤ᠂ ᠪᠣᠬᠢᠷᠲᠤᠯ ᠥᠬᠡᠶ ᠪᠠᠷᠢᠯᠭ᠎ᠠ ᠶᠢ ᠬᠡᠪᠴᠢᠶᠡᠵᠢᠭᠦᠯᠦᠨ ᠬᠥᠭᠵᠢᠭᠦᠯᠬᠦ᠂ ᠤᠭᠰᠠᠷᠠᠮᠠᠯ ᠮᠠᠶ᠋ᠢᠭ ᠤᠨ ᠪᠠᠷᠢᠯᠭ᠎ᠠ᠂ ᠢᠳᠡᠪᠬᠢ ᠪᠤᠰᠤ ᠮᠠᠶ᠋ᠢᠭ ᠤᠨ ᠬᠡᠲᠦ ᠪᠠᠭ᠎ᠠ ᠡᠨᠧᠷᠭᠢ ᠶᠢᠨ ᠬᠤᠷᠣᠭᠳᠠᠭᠤᠯᠤᠯ ᠤᠨ ᠪᠠᠷᠢᠯᠭ᠎ᠠ ᠵᠡᠷᠭᠡ ᠪᠣᠯᠤᠨ᠎ᠠ᠃ ᠭᠤᠤᠯᠳᠠᠯᠭ᠎ᠠ ᠲᠠᠢ ᠡᠭᠦᠷᠭᠡ ᠶᠢ ᠲᠣᠭᠲᠠᠭᠠᠬᠤ ᠳᠤ ᠣᠳᠣᠬᠠᠨ ᠤ ᠤᠯᠤᠰ ᠤᠨ ᠳᠣᠲᠣᠭᠠᠳᠤ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢᠨ ᠬᠥᠭᠵᠢᠯᠲᠡ ᠶᠢᠨ ᠭᠤᠤᠯ ᠬᠠᠨᠳᠤᠰᠢ ᠪᠠ ᠥᠪᠡᠷᠲᠡᠭᠡᠨ ᠵᠠᠰᠠᠬᠤ ᠣᠷᠣᠨ ᠤ ᠠᠵᠢᠯ ᠤᠨ ᠪᠣᠳᠠᠲᠠᠶ ᠲᠠᠢ ᠭᠦᠢᠴᠡᠳ ᠤᠶᠠᠯᠳᠤᠭᠤᠯᠤᠭᠰᠠᠨ ᠢᠶᠠᠷ᠂ ᠮᠠᠨ ᠤ ᠣᠷᠣᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢᠨ ᠬᠥᠭᠵᠢᠯᠲᠡ ᠶᠢ ᠠᠬᠢᠭᠤᠯᠬᠤ ᠳᠤ ᠲᠥᠷᠥ ᠶᠢᠨ ᠪᠣᠳᠣᠯᠭ᠎ᠠ ᠶᠢᠨ ᠵᠢᠯᠣᠭᠤᠳᠣᠯᠭ᠎ᠠ ᠬᠠᠩᠭᠠᠪᠠ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠨᠢ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠵᠤ᠂ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢᠨ ᠬᠥᠭᠵᠢᠯᠲᠡ ᠶᠢᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠲᠥᠷᠥᠯ ᠵᠦᠢᠯ ᠲᠣᠭᠲᠠᠭᠠᠬᠤ᠂ ᠲᠥᠯᠥᠪᠵᠢᠭᠦᠯᠬᠦ᠂ ᠭᠠᠵᠠᠷ ᠬᠡᠷᠡᠭᠯᠡᠬᠦ᠂ ᠵᠢᠷᠤᠭᠯᠠᠨ ᠲᠥᠯᠥᠪᠯᠡᠬᠦ᠂ ᠵᠢᠷᠤᠭ ᠬᠢᠨᠠᠬᠤ᠂ ᠪᠠᠷᠢᠯᠭ᠎ᠠ ᠪᠠᠷᠢᠬᠤ᠂ ᠪᠠᠶᠢᠴᠠᠭᠠᠨ ᠬᠡᠮᠵᠢᠬᠦ᠂ ᠰᠢᠯᠭᠠᠨ ᠠᠪᠬᠤ᠂ ᠦᠨᠡᠯᠡᠬᠦ ᠵᠡᠷᠭᠡ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ᠂ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ᠂ ᠪᠠᠷᠢᠯᠭ᠎ᠠ ᠶᠢᠨ ᠵᠢᠷᠤᠭ ᠢ ᠬᠢᠨᠠᠨ ᠪᠠᠶᠢᠴᠠᠭᠠᠬᠤ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠵᠡᠷᠭᠡ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠡᠯ᠎ᠡ ᠲᠠᠯ᠎ᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠠᠢ᠃ ᠭᠠᠶᠢᠯᠢ ᠰᠦᠢᠳᠬᠡᠯ ᠢ ᠬᠠᠰᠤᠵᠤ ᠭᠡᠯᠳᠦᠷᠢᠭᠦᠯᠬᠦ ᠪᠠ ᠰᠢᠯᠢᠳᠡᠭ ᠢ ᠰᠢᠯᠭᠠᠷᠠᠭᠤᠯᠤᠨ ᠲᠡᠷᠢᠭᠦᠨ ᠤ ᠬᠢ ᠶᠢ ᠡᠭᠦᠳᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠪᠣᠬᠢᠷᠲᠤᠯ ᠦᠭᠡᠢ ᠮᠥᠩᠭᠦᠨ ᠭᠦᠢᠯᠭᠡᠭᠡᠨ ᠤ ᠬᠥᠭᠵᠢᠯᠲᠡ ᠶᠢ ᠬᠥᠲᠥᠯᠥᠨ ᠠᠬᠢᠭᠤᠯᠵᠠᠢ᠃ ᠬᠠᠷᠢᠭᠤᠴᠠᠯᠭ᠎ᠠ ᠶᠢᠨ ᠬᠢᠨᠠᠨ ᠰᠢᠯᠭᠠᠯᠲᠠ ᠶᠢ ᠴᠢᠩᠭᠠᠳᠬᠠᠵᠤ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ᠂ ᠡᠨᠧᠷᠭᠢ ᠶᠢᠨ ᠬᠤᠷᠣᠭᠳᠠᠯ ᠤᠨ ᠶᠡᠷᠦᠩᠬᠡᠶ ᠬᠡᠮᠵᠢᠶ᠎ᠡ ᠪᠠ ᠬᠦᠴᠦᠯᠡᠴᠡ ︽ᠬᠤᠶᠠᠷ ᠢ ᠡᠵᠡᠮᠳᠡᠬᠦ ︾᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠬᠠᠷᠠᠯᠲᠠ ᠶᠢᠨ ᠬᠢᠨᠠᠨ ᠰᠢᠯᠭᠠᠯᠲᠠ ᠶᠢ ᠨᠠᠶᠢᠳᠠᠪᠤᠷᠢᠵᠢᠭᠤᠯᠵᠤ᠂ ᠬᠠᠷᠠᠯᠲᠠ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠪᠠᠲᠤᠯᠠᠵᠠᠢ        ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠡᠯ᠎ᠡ ᠠᠶᠢᠮᠠᠭ ᠬᠤᠲᠠ ᠶᠢ ᠵᠢᠯᠣᠭᠤᠳᠤᠨ ︽ᠬᠡᠷᠡᠭᠵᠢᠭᠦᠯᠬᠦ ᠰᠠᠨᠠᠯ︾ ᠢ ᠲᠤᠭᠤᠰᠢᠯᠠᠭᠤᠯᠤᠨ ᠬᠡᠷᠡᠭᠵᠢᠭᠦᠯᠬᠦ ᠶᠢ ᠰᠠᠶᠢᠲᠤᠷ ᠬᠢᠵᠦ᠂ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢᠨ ᠪᠠᠷᠢᠮᠵᠢᠶ᠎ᠠ ᠶᠢᠨ ᠲᠣᠭᠲᠠᠯᠴᠠᠭ᠎ᠠ ᠶᠢ ᠪᠠᠶᠢᠭᠤᠯᠤᠨ᠂ ᠬᠢᠨᠠᠯᠲᠠ ᠲᠠᠯᠪᠢᠵᠤ ᠪᠠᠶᠢᠴᠠᠭᠠᠬᠤ ᠶᠢ ᠡᠮᠬᠢ ᠵᠢᠷᠤᠮ ᠲᠠᠢ ᠥᠷᠨᠢᠭᠦᠯᠵᠦ᠂ ᠰᠠᠶᠢᠲᠤᠷ ᠤᠬᠠᠭᠤᠯᠤᠨ ᠳᠡᠯᠭᠡᠷᠡᠭᠦᠯᠵᠦ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠭᠠᠳᠠᠭᠰᠢᠯᠠᠭᠤᠯᠬᠤ ᠶᠢ ᠣᠷᠭᠢᠯ ᠬᠡᠮᠵᠢᠭᠳᠡᠯ ᠳᠤ ᠬᠦᠷᠦᠭᠦᠯᠬᠦ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠠᠭᠠᠷᠮᠠᠭᠵᠢᠭᠤᠯᠬᠤ ᠠᠵᠢᠯ ᠢ ᠠᠬᠢᠭᠤᠯᠤᠨ᠂ ᠮᠠᠨ ᠤ ᠣᠷᠣᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢᠨ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠤᠨ᠎ᠠ᠃    
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号