| | 8 ᠳ᠋ᠤᠭᠠᠷ ᠰᠠᠷ᠎ᠠ ᠶᠢᠨ 12 ᠤᠨ ᠡᠳᠦᠷ ᠤᠨ 24 ᠴᠠᠭ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ | 12 ᠠᠴᠠ 17 ᠨᠠᠰᠤᠨ ᠤ ᠬᠥᠮᠦᠰ ᠲᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ | ᠲᠠᠷᠢᠯᠭ᠎ᠠ ᠶᠢᠨ ᠨᠢᠭᠡᠳᠦᠭᠡᠷ ᠵᠠᠭᠦᠦ ᠶᠢ ᠲᠠᠷᠢᠬᠤ ᠠᠵᠢᠯ ᠢᠶᠠᠨ ᠤᠷᠢᠳᠴᠢᠯᠠᠨ ᠪᠡᠶᠡᠯᠡᠭᠦᠯᠵᠦ᠂ ᠲᠠᠷᠢᠯᠭ᠎ᠠ ᠲᠠᠷᠢᠭᠰᠠᠨ | ᠬᠦᠮᠦᠰ ᠤᠨ ᠲᠤᠭ᠎ᠠ 120 ᠲᠦᠮᠡ ᠶᠢ ᠳᠠᠪᠠᠭᠠᠳ᠂ ᠲᠠᠷᠢᠯᠭ᠎ᠠ ᠲᠠᠷᠢᠭᠰᠠᠨ ᠨᠣᠷᠮ᠎ᠠ 100 % ᠳᠤ ᠬᠦᠷᠴᠡᠶ᠃ | ᠮᠠᠨ ᠤ ᠣᠷᠣᠨ ᠤ 12 ᠠᠴᠠ 17 ᠨᠠᠰᠤᠨ ᠤ ᠬᠥᠮᠦᠰ ᠲᠤ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠸᠠᠺᠼᠢᠨ ᠤ ᠲᠠᠷᠢᠯᠭ᠎ᠠ ᠲᠠᠷᠢᠬᠤ ᠠᠵᠢᠯ ᠢ ᠬᠤᠶᠠᠷ ᠪᠦᠯᠦᠭ ᠬᠤᠪᠢᠶᠠᠨ ᠶᠠᠪᠤᠭᠳᠠᠭᠤᠯᠵᠤ᠂ | 15 ᠠᠴᠠ 17 ᠨᠠᠰᠤᠨ ᠤ ᠬᠥᠮᠦᠰ ᠲᠤ ᠸᠠᠺᠼᠢᠨ ᠤ ᠲᠠᠷᠢᠯᠭ᠎ᠠ ᠶᠢᠨ ᠨᠢᠭᠡᠳᠦᠭᠡᠷ ᠵᠠᠭᠦᠦ ᠶᠢ ᠲᠠᠷᠢᠬᠤ ᠠᠵᠢᠯ ᠢ 7 | ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠨᠢᠭᠡᠨᠲᠡ ᠪᠡᠶᠡᠯᠡᠭᠦᠯᠵᠦ᠂ 12 ᠠᠴᠠ 14 ᠨᠠᠰᠤᠨ ᠤ ᠬᠥᠮᠦᠰ ᠲᠤ | ᠸᠠᠺᠼᠢᠨ ᠤ ᠲᠠᠷᠢᠯᠭ᠎ᠠ ᠶᠢᠨ ᠨᠢᠭᠡᠳᠦᠭᠡᠷ ᠵᠠᠭᠦᠦ ᠶᠢ ᠲᠠᠷᠢᠬᠤ ᠠᠵᠢᠯ ᠢ 8 ᠳ᠋ᠤᠭᠠᠷ ᠰᠠᠷ᠎ᠠ ᠶᠢᠨ 15 ᠤ ᠡᠳᠦᠷ ᠠᠴᠠ | ᠡᠮᠦᠨ᠎ᠡ ᠲᠠᠭᠤᠰᠬᠠᠬᠤ ᠪᠠᠷ ᠲᠥᠯᠦᠪᠯᠡᠭᠰᠡᠨ ᠪᠥᠭᠡᠳ ᠨᠢᠭᠡᠨᠲᠡ ᠤᠷᠢᠳᠴᠢᠯᠠᠨ ᠪᠡᠶᠡᠯᠡᠭᠦᠯᠵᠦ᠂ ᠲᠠᠷᠢᠯᠭ᠎ᠠ ᠲᠠᠷᠢᠬᠤ | ᠶᠣᠰᠣᠲᠠᠶ ᠪᠦᠬᠦᠨ ᠳᠤ ᠲᠠᠷᠢᠯᠭ᠎ᠠ ᠲᠠᠷᠢᠭᠰᠠᠨ ᠪᠠᠶᠢᠨ᠎ᠠ᠃ 15 ᠠᠴᠠ 17 ᠨᠠᠰᠤᠨ ᠤ ᠬᠥᠮᠦᠰ ᠲᠤ ᠸᠠᠺᠼᠢᠨ ᠤ | ᠲᠠᠷᠢᠯᠭ᠎ᠠ ᠶᠢᠨ ᠬᠤᠶᠠᠳᠤᠭᠠᠷ ᠵᠠᠭᠦᠦ ᠶᠢ ᠲᠠᠷᠢᠬᠤ ᠠᠵᠢᠯ ᠢ 8 ᠳ᠋ᠤᠭᠠᠷ ᠰᠠᠷ᠎ᠠ ᠶᠢᠨ ᠬᠤᠷᠢᠳ ᠠᠴᠠ ᠡᠬᠢᠯᠡᠨ | ᠥᠷᠨᠢᠭᠦᠯᠬᠦ ᠪᠥᠭᠡᠳ 8 ᠳ᠋ᠤᠭᠠᠷ ᠰᠠᠷ᠎ᠠ ᠶᠢᠨ ᠰᠡᠭᠦᠯᠴᠢ ᠪᠠᠷ ᠬᠤᠶᠠᠷ ᠵᠡᠭᠦᠦ ᠶᠢ ᠪᠦᠬᠦᠨ ᠢ ᠲᠠᠷᠢᠵᠤ᠂ ᠵᠢᠱᠢᠯᠲᠡ ᠪᠠᠷ | 9 ᠳ᠋ᠦ᠋ᠭᠡᠷ ᠰᠠᠷ᠎ᠠ ᠳᠤ 12 ᠠᠴᠠ 14 ᠨᠠᠰᠤᠨ ᠤ ᠬᠥᠮᠦᠰ ᠲᠤ ᠬᠤᠶᠠᠷ ᠵᠠᠭᠦᠦ ᠶᠢ ᠪᠦᠬᠦᠨ ᠢ ᠲᠠᠷᠢᠬᠤ ᠠᠵᠢᠯ ᠢ | ᠬᠢᠵᠦ ᠳᠠᠭᠤᠰᠬᠠᠨ᠎ᠠ᠃ |