ᠯᠢᠨ ᠱᠤᠤ ᠴᠦᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠪᠠᠶᠢᠭᠤᠯᠭ᠎ᠠ ᠶᠢᠨ ᠬᠥᠮᠦᠵᠢᠯ ᠴᠡᠭᠴᠡᠯᠡᠯᠲᠡ ᠶᠢᠨ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠳᠡᠭᠡᠷ᠎ᠡ ᠵᠢᠱᠢᠶ᠎ᠡ ᠦᠵᠡᠭᠦᠯᠵᠦ ᠦᠯᠢᠬᠡᠷ ᠳᠠᠭᠤᠷᠢᠶᠠᠯ ᠪᠣᠯᠬᠤ ᠦᠢᠯᠡᠳᠦᠯ ᠢᠶᠠᠨ ᠦᠨᠡᠨ ᠬᠦ ᠰᠠᠶᠢᠲᠤᠷ ᠪᠠᠳᠠᠷᠠᠭᠤᠯᠵᠤ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠬᠥᠮᠦᠵᠢᠯ ᠴᠡᠭᠴᠡᠯᠡᠯᠲᠡ ᠶᠢ ᠴᠢᠨᠠᠷ ᠰᠠᠶᠢᠲᠠᠢ ᠥᠷᠨᠢᠭᠦᠯᠬᠦ ᠶᠢ ᠳᠠᠶᠢᠴᠢᠯᠠᠬᠤ ᠬᠡᠷᠡᠭᠲᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2021/8/18
           8 ᠳ᠋ᠤᠭᠠᠷ ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠪᠠᠶᠢᠭᠤᠯᠭ᠎ᠠ ᠶᠢᠨ ᠬᠥᠮᠦᠵᠢᠯ ᠴᠡᠭᠴᠡᠯᠡᠯᠲᠡ ᠶᠢᠨ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠬᠥᠬᠡᠬᠤᠲᠠ ᠳᠤ ᠬᠤᠷᠠᠯᠳᠤᠪᠠ᠃ ᠬᠤᠷᠠᠯ ᠠᠴᠠ ᠪᠦᠬᠦ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠪᠦᠯᠦᠭ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠪᠠᠶᠢᠭᠤᠯᠭ᠎ᠠ ᠶᠢᠨ ᠬᠥᠮᠦᠵᠢᠯ ᠴᠡᠭᠴᠡᠯᠡᠯᠲᠡ ᠶᠢᠨ ᠠᠵᠢᠯ ᠳᠤ ᠲᠠᠶᠢᠴᠢᠯᠠᠯᠳᠠ ᠪᠠᠶᠢᠷᠢᠯᠠᠭᠤᠯᠤᠯᠲᠠ ᠬᠢᠵᠡᠢ᠃        ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢᠨ ᠱᠣᠤ ᠴᠦᠨ ᠬᠤᠷᠠᠯ ᠳᠤ ᠣᠷᠣᠯᠴᠠᠭᠰᠠᠨ ᠪᠥᠭᠡᠳ ᠳᠠᠶᠢᠴᠢᠯᠠᠯᠲᠠ ᠶᠢᠨ ᠶᠠᠷᠢᠶ᠎ᠠ ᠲᠠᠯᠪᠢᠪᠠ᠃        ᠯᠢᠨ ᠱᠣᠣ ᠴᠦᠨ ᠵᠢᠭᠠᠵᠤ ᠭᠠᠷᠭᠠᠭᠰᠠᠨ ᠨᠢ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠥᠷᠨᠢᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠪᠦᠬᠦ ᠲᠠᠯ᠎ᠠ ᠶᠢᠨ ᠥᠨᠳᠥᠷᠴᠡ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠮᠥᠨ᠃ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠨᠢ ᠨᠠᠮ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠢ ᠤᠳᠤᠷᠢᠳᠬᠤ ᠪᠠ ᠬᠠᠮᠢᠶᠠᠷᠬᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠂ ᠤᠯᠤᠰ ᠲᠦᠷᠦ ᠶᠢᠨ ᠪᠠᠶᠢᠭᠤᠯᠭ᠎ᠠ᠂ ᠤᠳᠤᠷᠢᠳᠬᠤ ᠪᠠᠶᠢᠭᠤᠯᠭ᠎ᠠ ᠪᠣᠯᠤᠭᠰᠠᠨ ᠤ ᠬᠤᠪᠢ ᠳᠤ᠂ ᠤᠯᠤᠰ ᠲᠦᠷᠦ ᠪᠠᠷ ᠬᠦᠳᠦᠯᠦᠨ ᠳᠠᠭᠠᠭᠤᠯᠬᠤ ᠶᠢ ᠨᠡᠩ ᠴᠢᠩᠭᠠᠳᠬᠠᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠵᠦ᠂ ᠤᠬᠠᠮᠰᠠᠷ ᠠᠴᠠ ᠪᠠᠨ ︽ᠬᠤᠶᠠᠷ ᠢ ᠬᠠᠮᠠᠭᠠᠯᠠᠬᠤ︾ ᠦᠨᠳᠦᠷᠴᠡ ᠳᠤ ᠵᠣᠭᠰᠣᠵᠤ ᠬᠥᠮᠦᠵᠢᠯ ᠴᠡᠭᠴᠡᠯᠡᠯᠲᠡ ᠶᠢᠨ ᠠᠵᠢᠯ ᠢ ᠲᠥᠯᠥᠪᠵᠢᠭᠦᠯᠦᠨ ᠠᠬᠢᠭᠤᠯᠵᠤ ᠂ ᠵᠢᠱᠢᠶ᠎ᠡ ᠦᠵᠡᠭᠦᠯᠵᠦ ᠦᠯᠢᠭᠡᠷ ᠳᠠᠭᠤᠷᠢᠶᠠᠯ ᠪᠣᠯᠬᠤ ᠦᠢᠯᠡᠳᠦᠯ ᠢᠶᠠᠨ ᠦᠨᠡᠨ ᠬᠦ ᠪᠠᠳᠠᠷᠠᠭᠤᠯᠵᠤ᠂ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠬᠥᠮᠦᠵᠢᠯ ᠴᠡᠭᠴᠡᠯᠡᠯᠲᠡ ᠶᠢ ᠴᠢᠨᠠᠷ ᠰᠠᠶᠢᠲᠠᠢ ᠥᠷᠨᠢᠭᠦᠯᠬᠦ ᠶᠢ ᠳᠠᠶᠢᠴᠢᠯᠠᠬᠤ ᠬᠡᠷᠡᠭᠲᠡᠢ ᠭᠡᠪᠡ᠃        ᠯᠢᠨ ᠱᠤᠤ ᠴᠦᠨ ᠴᠢᠬᠤᠯᠠᠴᠢᠯᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠪᠠᠶᠢᠭᠤᠯᠭ᠎ᠠ ᠶᠢᠨ ᠪᠦᠬᠦ ᠨᠠᠮ ᠤᠨ ᠭᠡᠰᠢᠭᠦᠨ ᠺᠠᠳ᠋ᠷ ᠤᠯᠤᠰ ᠲᠦᠷᠦ ᠶᠢᠨ ᠵᠣᠭᠰᠣᠴᠠ ᠪᠠᠨ ᠥᠨᠳᠥᠷᠵᠢᠭᠦᠯᠵᠦ᠂ ᠤᠯᠤᠰ ᠲᠦᠷᠦ ᠪᠠᠷ ᠬᠦᠳᠦᠯᠦᠨ ᠳᠠᠭᠠᠭᠤᠯᠬᠤ ᠪᠠᠨ ᠴᠢᠩᠭᠠᠳᠬᠠᠵᠤ᠂ ᠬᠥᠮᠦᠵᠢᠯ ᠴᠡᠭᠴᠡᠯᠡᠯᠲᠡ ᠶᠢ ᠥᠷᠨᠢᠭᠦᠯᠬᠦ ᠤᠯᠤᠰ ᠲᠦᠷᠦ᠂ ᠦᠵᠡᠯ ᠰᠠᠨᠠᠭ᠎ᠠ ᠪᠠ ᠠᠵᠢᠯᠯᠠᠭ᠎ᠠ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠢ᠃ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠨᠢ ᠬᠥᠮᠦᠵᠢᠯ ᠴᠡᠭᠴᠡᠯᠡᠯᠲᠡ ᠪᠠᠷ ᠠᠴᠢᠶᠠᠯᠠᠪᠤᠷᠢ ᠪᠣᠯᠭᠠᠵᠤ᠂ ᠪᠦᠬᠦ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠳᠤ ᠣᠷᠣᠰᠢᠵᠤ ᠪᠠᠶᠢᠭ᠎ᠠ ᠨᠡᠶᠢᠳᠡᠮ ᠤᠨ ᠴᠢᠨᠠᠷᠲᠠᠶ᠂ ᠳᠦᠷᠢᠮ ᠤᠨ ᠴᠢᠨᠠᠷᠲᠠᠶ ᠠᠰᠠᠭᠤᠳᠠᠯ ᠢ ᠰᠢᠰᠲ᠋ᠧᠮ ᠲᠠᠢ ᠡᠮᠬᠢᠯᠡᠨ ᠵᠠᠳᠠᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠠᠮ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠳᠠᠬᠢ ᠬᠠᠷᠢᠴᠠᠯᠠᠰᠢᠭᠦᠢ ᠤᠳᠤᠷᠢᠳᠤᠯᠭ᠎ᠠ ᠶᠢ ᠴᠢᠩᠭᠠᠳᠬᠠᠵᠤ᠂ ᠱᠤᠭᠤᠮ ᠤᠨ ᠵᠢᠯᠤᠭᠤᠳᠤᠯᠭ᠎ᠠ᠂ ᠲᠦᠷᠦ ᠶᠢᠨ ᠪᠤᠳᠤᠯᠭ᠎ᠠ ᠶᠢᠨ ᠬᠠᠩᠭᠠᠯᠭ᠎ᠠ᠂ ᠲᠦᠷᠢᠮ ᠤᠨ ᠪᠠᠲᠤᠯᠠᠭ᠎ᠠ ᠶᠢ ᠴᠢᠩᠭᠠᠳᠬᠠᠵᠤ᠂ ᠠᠮᠤᠭᠤᠯᠠᠩᠲᠤ ᠥᠪᠥᠷ ᠮᠣᠩᠭᠤᠯ᠂ ᠬᠠᠤᠯᠢᠵᠢᠯ ᠤᠨ ᠥᠪᠥᠷ ᠮᠣᠩᠭᠤᠯ ᠪᠣᠯᠤᠨ ᠰᠢᠯᠭᠠᠷᠠᠭᠰᠠᠨ ᠡᠩᠨᠡᠭᠡ ᠶᠢᠨ ᠪᠠᠶᠢᠭᠤᠯᠤᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤᠵᠢᠭᠤᠯᠤᠨ᠂ ᠪᠦᠬᠦ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠠᠭᠤᠷᠢ ᠶᠢ ᠪᠠᠲᠤᠳᠬᠠᠬᠤ ᠬᠡᠷᠡᠭᠲᠡᠢ ᠭᠡᠪᠡ᠃        ᠯᠢᠨ ᠱᠤᠤ ᠴᠦᠨ ᠴᠢᠬᠤᠯᠠᠴᠢᠯᠠᠭᠰᠠᠨ ᠨᠢ᠂ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠪᠠᠶᠢᠭᠤᠯᠭ᠎ᠠ ᠨᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢᠨ ᠪᠠᠷᠢᠮᠵᠢᠶ᠎ᠠ ᠱᠠᠭᠠᠷᠳᠠᠯᠭ᠎ᠠ ᠯᠤᠭ᠎ᠠ ᠬᠠᠷᠢᠴᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠲᠠᠢ ᠬᠠᠷᠢᠴᠠᠭᠤᠯᠤᠨ᠂ ᠡᠷᠬᠡ ᠴᠢᠳᠠᠮᠵᠢ ᠡᠭᠦᠷᠭᠡ ᠬᠠᠷᠢᠭᠤᠴᠠᠯᠭ᠎ᠠ ᠲᠠᠢ ᠪᠠᠨ ᠨᠢᠭᠲᠠ ᠤᠶᠠᠯᠳᠤᠭᠤᠯᠵᠤ᠂ ︽ᠲᠦᠷᠪᠡᠨ ᠵᠦᠢᠯ ᠤᠨ ᠡᠭᠦᠷᠭᠡ︾ ᠶᠢ ᠭᠦᠨᠵᠡᠭᠡᠢ ᠠᠬᠢᠭᠤᠯᠤᠨ ᠪᠣᠳᠠᠲᠠᠶᠢᠵᠢᠭᠤᠯᠵᠤ᠂ ︽ᠭᠤᠷᠪᠠᠨ ᠭᠤᠭᠴᠤᠭ᠎ᠠ︾ ᠶᠢ ᠴᠢᠩᠭ᠎ᠠ ᠪᠣᠳᠠᠲᠠᠢ ᠠᠳᠬᠤᠵᠤ᠂ ᠲᠣᠭᠲᠠᠭᠰᠠᠨ ᠠᠵᠢᠯᠯᠠᠭ᠎ᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠬᠤ᠂ ᠥᠪᠡᠷ ᠢᠶᠠᠨ ᠰᠣᠩᠭᠤᠬᠤ ᠠᠵᠢᠯᠯᠠᠭ᠎ᠠ ᠶᠢ ᠥᠪᠡᠷᠮᠢᠴᠡ ᠣᠨᠴᠠᠯᠢᠭ ᠲᠠᠢ ᠪᠠᠶᠢᠯᠭᠠᠬᠤ ᠶᠢ ᠪᠠᠲᠤᠯᠠᠵᠤ᠂ ︽ᠲᠤᠯᠤᠭᠠᠨ ᠤᠯᠠᠮ︾ ᠤᠨ ᠠᠵᠢᠯ ᠤᠨ ᠬᠠᠷᠠᠯᠲᠠ ᠶᠢ ᠡᠷᠡᠰ ᠪᠡᠶᠡᠯᠡᠭᠦᠯᠬᠦ ᠬᠡᠷᠡᠭᠲᠡᠢ︔ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠠᠵᠢᠯ ᠤᠨ ᠲᠤᠰᠬᠠᠢ ᠠᠩᠬᠢ ᠶᠢ ᠵᠣᠬᠢᠶᠠᠨ ᠪᠠᠶᠢᠭᠤᠯᠵᠤ᠂ ᠠᠵᠢᠯ ᠤᠨ ᠬᠦᠴᠦᠨ ᠢ ᠴᠢᠩᠭ᠎ᠠ ᠲᠤᠬᠢᠷᠠᠭᠤᠯᠵᠤ᠂ ᠭᠤᠣᠯᠳᠠᠯᠭ᠎ᠠ ᠲᠠᠢ ᠡᠭᠦᠷᠭᠡ᠂ ᠵᠠᠩᠭᠢᠯᠠᠭ᠎ᠠ ᠶᠢᠨ ᠭᠤᠭᠴᠤᠭ᠎ᠠ ᠶᠢ ᠰᠠᠶᠢᠲᠤᠷ ᠠᠳᠬᠤᠵᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠳᠣᠪᠤᠶᠢᠯᠭᠠᠨ᠂ ︽ᠨᠢᠭᠡᠳᠦᠭᠡᠷ ᠭᠠᠷ︾ ᠠᠴᠠ ᠡᠬᠢᠯᠡᠨ ᠬᠢᠵᠦ᠂ ᠤᠳᠤᠷᠢᠳᠬᠤ ᠪᠠᠭ ᠤᠨ ᠪᠦᠷᠢᠯᠳᠦᠬᠦᠨ ᠠᠴᠠ ᠡᠬᠢᠯᠡᠨ ᠴᠢᠩᠳᠠᠯᠠᠬᠤ ᠪᠠᠷ ᠪᠠᠷᠠᠬᠤ ᠦᠭᠡᠢ ᠪᠠᠰᠠ ᠳᠤᠮᠳᠠ ᠳᠠᠪᠬᠤᠷᠭ᠎ᠠ ᠶᠢᠨ ᠺᠠᠳ᠋ᠷ ᠪᠣᠯᠤᠨ ᠡᠩ ᠤᠨ ᠺᠠᠳ᠋ᠷ ᠴᠠᠭᠳᠠᠭ᠎ᠠ ᠶᠢ ᠠᠩᠬᠠᠷᠴᠤ᠂ ᠭᠤᠣᠯᠳᠠᠯᠭ᠎ᠠ ᠶᠢ ᠣᠨᠣᠪᠴᠢᠲᠠᠢ ᠣᠯᠵᠤ᠂ ᠬᠠᠨᠳᠤᠯᠭᠠᠲᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ︔ ᠬᠥᠮᠦᠵᠢᠯ ᠴᠡᠭᠴᠡᠯᠡᠯᠲᠡ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠲᠠᠢ ᠣᠷᠭᠠᠨᠢᠭ ᠢᠶᠠᠷ ᠤᠶᠠᠯᠳᠤᠭᠤᠯᠬᠤ ᠶᠢ ᠠᠬᠢᠭᠤᠯᠵᠤ᠂ ᠬᠠᠮᠳᠤ ᠳᠤ ᠨᠢ ᠠᠳᠬᠤᠵᠦ᠂ ᠬᠠᠮᠳᠤ ᠪᠠᠷ ᠠᠬᠢᠭᠤᠯᠬᠤ ᠶᠢ ᠪᠠᠷᠢᠮᠲᠠᠯᠠᠬᠤ ᠬᠡᠷᠡᠭᠲᠡᠶ ᠭᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号