ᠯᠢᠨ ᠱᠤᠤ ᠴᠦᠨ ᠪᠦᠬᠦ ᠣᠷᠣᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠬᠤ ᠵᠢᠴᠢ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠴᠡᠭᠴᠡᠯᠡᠨ ᠵᠠᠰᠠᠯᠲᠠ ᠶᠢ ᠠᠬᠢᠭᠤᠯᠬᠤ ᠬᠤᠷᠠᠯ ᠳᠡᠭᠡᠷ᠎ᠡ ᠴᠢᠬᠤᠯᠠᠴᠢᠯᠠᠭᠰᠠᠨ ᠨᠢ ᠨᠡᠩ ᠥᠨᠳᠥᠷ ᠵᠣᠭᠰᠣᠴᠠ᠂ ᠨᠡᠩ ᠪᠣᠳᠠᠲᠠᠢ ᠠᠷᠭ᠎ᠠ ᠬᠡᠮᠵᠢᠶ᠎ᠡ᠂ ᠨᠡᠩ ᠴᠢᠩᠭ᠎ᠠ ᠰᠤᠷᠲᠠᠯ ᠢᠶᠠᠷ ᠠᠵᠢᠯ ᠲᠦᠷᠦᠯ ᠤᠨ ᠬᠦᠷᠢᠶᠡᠨ ᠤ ᠴᠡᠭᠴᠡᠯᠡᠨ ᠵᠠᠰᠠᠯᠲᠠ ᠶᠢ ᠴᠢᠩᠭ᠎ᠠ ᠠᠳᠬᠤᠵᠤ ᠰᠠᠶᠢᠲᠤᠷ ᠠᠳᠬᠤᠬᠤ ᠬᠡᠷᠡᠭᠲᠡᠢ ᠭᠡᠵᠡᠢ
ᠨᠡᠶᠢᠲᠡᠯᠡᠭᠰᠡᠨ ᠴᠠᠭ᠄
2021/8/18
       8 ᠳ᠋ᠤᠭᠠᠷ ᠰᠠᠷ᠎ᠠ ᠶᠢᠨ 16 ᠤ ᠡᠳᠦᠷ᠂ ᠪᠥᠬᠦ ᠣᠷᠣᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠬᠤ ᠵᠢᠴᠢ ᠭᠤᠤᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠴᠡᠭᠴᠡᠯᠡᠨ ᠵᠠᠰᠠᠯᠲᠠ ᠶᠢ ᠠᠬᠢᠭᠤᠯᠬᠤ ᠬᠤᠷᠠᠯ ᠬᠥᠬᠡᠬᠤᠲᠠ ᠳᠤ ᠬᠤᠷᠠᠯᠳᠤᠪᠠ᠃ ᠬᠤᠷᠠᠯ ᠳᠤ ᠶᠡᠷᠦᠩᠬᠡᠢ ᠱᠦᠵᠢ ᠰᠢ ᠶᠢᠨ ᠫᠢᠩ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠪᠦᠬᠦ ᠤᠯᠤᠰ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠤᠨ ᠠᠯᠪᠠᠨ ᠭᠡᠷ ᠤᠨ ᠸᠢᠳᠢᠣ᠋ ᠠᠬᠢᠭᠤᠯᠬᠤ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠪᠠ᠃ ᠬᠤᠷᠠᠯ ᠢ ᠸᠢᠳᠢᠣ᠋ ᠶᠢᠨ ᠬᠡᠯᠪᠡᠷᠢ ᠪᠠᠷ ᠶᠠᠪᠤᠭᠳᠠᠭᠤᠯᠪᠠ᠃        ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢᠨ ᠱᠣᠤ ᠴᠦᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᠴᠢ ᠹᠠᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠣᠤ ᠴᠦᠨ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠾᠧᠩ ᠰᠢᠶᠤᠤ ᠹᠠᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠳᠠᠷᠤᠭ᠎ᠠ ᠶᠠᠩ ᠽᠦᠩ ᠷᠧᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠯᠢ ᠴᠢ ᠯᠢᠨ ᠬᠤᠷᠠᠯ ᠳᠤ ᠣᠷᠣᠯᠴᠠᠪᠠ᠃        ᠯᠢᠨ ᠱᠤᠤ ᠴᠦᠨ ᠵᠢᠭᠠᠵᠤ ᠭᠠᠷᠭᠠᠭᠰᠠᠨ ᠨᠢ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠢ ᠲᠤᠰᠬᠠᠢ ᠵᠦᠢᠯ ᠤᠨ ᠲᠡᠮᠡᠴᠡᠯ ᠠᠴᠠ ᠪᠠᠶᠢᠩᠭᠤᠵᠢᠭᠤᠯᠬᠤ ᠲᠡᠮᠡᠴᠡᠯ ᠪᠣᠯᠭᠠᠭᠰᠠᠨ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠬᠤ ᠳᠤ ᠰᠢᠨ᠎ᠡ ᠱᠠᠭᠠᠷᠳᠠᠯᠭ᠎ᠠ ᠳᠤᠷᠠᠳᠴᠠᠢ᠃ ᠪᠦᠬᠦ ᠣᠷᠣᠨ ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠲᠥᠪ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠢᠭᠡ ᠵᠢᠯ ᠤᠨ ᠴᠠᠭ ᠢ ᠲᠦᠪᠯᠡᠷᠡᠭᠦᠯᠦᠨ᠂ ᠴᠣᠬᠢᠯᠲᠠ ᠥᠭᠬᠦ ᠶᠢ ᠲᠡᠷᠢᠭᠦᠨ ᠳᠤ ᠲᠠᠯᠪᠢᠵᠦ᠂ ᠰᠡᠷᠭᠡᠶᠢᠯᠡᠨ ᠡᠵᠡᠮᠳᠡᠬᠦ ᠪᠠᠷ ᠰᠠᠭᠤᠷᠢ ᠪᠣᠯᠭᠠᠨ᠂ ᠬᠢᠨᠠᠨ ᠬᠠᠮᠢᠶᠠᠷᠤᠯᠲᠠ ᠪᠠᠷ ᠭᠤᠣᠯᠳᠠᠯᠭ᠎ᠠ ᠪᠣᠯᠭᠠᠵᠤ᠂ ᠲᠦᠷᠢᠮ ᠲᠣᠭᠲᠠᠭᠠᠬᠤ ᠪᠠᠷ ᠦᠨᠳᠦᠰᠦ ᠪᠣᠯᠭᠠᠵᠤ᠂ ᠬᠠᠷᠢᠭᠤᠴᠠᠯᠭ᠎ᠠ ᠶᠢ ᠲᠣᠳᠣᠷᠬᠠᠶᠢᠯᠠᠬᠤ ᠪᠠᠷ ᠭᠤᠤᠯᠳᠠᠯᠭ᠎ᠠ ᠪᠣᠯᠭᠠᠨ᠂ ᠲᠤᠰᠬᠠᠶ ᠵᠦᠢᠯ ᠤᠨ ᠲᠡᠮᠡᠴᠡᠯ ᠤᠨ ᠳᠤᠮᠳᠠᠬᠢ ᠪᠣᠯᠪᠠᠰᠤᠷᠠᠩᠭᠤᠶ ᠲᠤᠷᠰᠢᠯᠭ᠎ᠠ ᠠᠷᠭ᠎ᠠ ᠬᠢᠳᠡᠯ ᠢ ᠪᠥᠬᠦ ᠲᠠᠯ᠎ᠠ ᠪᠠᠷ ᠡᠮᠬᠢᠯᠡᠨ ᠳ᠋ᠦᠩᠨᠡᠵᠦ ᠪᠣᠯᠪᠠᠰᠤᠷᠠᠭᠤᠯᠤᠨ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠬᠡᠷᠡᠭ ᠤᠨ ᠲᠤᠭ᠎ᠠ ᠬᠡᠮᠵᠢᠶ᠎ᠡ ᠶᠢ ᠶᠡᠭᠡ ᠪᠠᠷ ᠪᠠᠭᠤᠷᠠᠭᠤᠯᠵᠤ᠂ ᠠᠵᠢᠯ ᠲᠥᠷᠥᠯ ᠤᠨ ᠡᠮᠬᠢ ᠳᠢᠭᠯᠢᠮ ᠢ ᠢᠯᠡᠳᠲᠡ ᠰᠠᠶᠢᠵᠢᠷᠠᠭᠤᠯᠵᠤ᠂ ᠲᠦᠷᠢᠮ ᠲᠣᠭᠲᠠᠴᠠ ᠶᠢ ᠦᠨᠳᠦᠰᠦᠨ ᠳᠤ ᠪᠠᠨ ᠪᠦᠷᠢᠨᠰᠢᠭᠦᠯᠦᠨ᠂ ᠠᠷᠠᠳ ᠲᠦᠮᠡᠨ ᠤ ᠲᠠᠭᠠᠰᠢᠶᠠᠯ ᠤᠨ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠤ ᠪᠣᠶ ᠪᠣᠯᠬᠤ ᠬᠥᠷᠥᠰᠥ ᠰᠢᠷᠣᠶ ᠶᠢ ᠲᠦᠢᠯᠪᠤᠷᠢᠲᠠᠶ ᠠᠷᠢᠯᠭᠠᠵᠤ᠂ ᠪᠥᠬᠦ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠰᠠᠶᠢᠨ ᠰᠠᠶᠢᠬᠠᠨ ᠣᠷᠴᠢᠨ ᠨᠦᠬᠦᠴᠡᠯ ᠢ ᠡᠭᠦᠳᠴᠦ ᠥᠭᠪᠡ ᠭᠡᠵᠡᠢ᠃        ᠯᠢᠨ ᠱᠤᠤ ᠴᠦᠨ᠂ ᠡᠨᠡ ᠵᠢᠯ ᠪᠣᠯ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠬᠤ ᠲᠣᠭᠲᠠᠴᠠᠵᠢᠭᠤᠯᠬᠤ ᠡᠬᠢᠯᠡᠯᠲᠡ ᠶᠢᠨ ᠵᠢᠯ ᠪᠣᠯᠤᠨ᠎ᠠ᠂ ᠪᠢᠳᠡ ︽ᠴᠣᠬᠢᠯᠲᠠ ᠥᠭᠬᠦ᠂ ᠰᠡᠷᠭᠡᠶᠢᠯᠡᠨ ᠡᠵᠡᠮᠳᠡᠬᠦ᠂ ᠬᠢᠨᠠᠨ ᠬᠠᠮᠢᠶᠠᠷᠬᠤ᠂ ᠪᠠᠶᠢᠭᠤᠯᠬᠤ︾ ᠲᠦᠷᠪᠡᠨ ᠵᠦᠢᠯ ᠤᠨ ᠡᠭᠦᠷᠭᠡ ᠶᠢᠨ ᠲᠣᠭᠤᠷᠢᠨ ᠳᠤ᠂ 6 ᠶᠡᠭᠡ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠴᠡᠭᠴᠡᠯᠡᠨ ᠵᠠᠰᠠᠯᠲᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠵᠤ᠂ ᠪᠦᠬᠦ ᠣᠷᠣᠨ ᠤ 12 ᠠᠵᠢᠯ ᠲᠦᠷᠦᠯ ᠤᠨ ᠬᠦᠷᠢᠶᠡᠨ ᠤ ᠴᠡᠭᠴᠡᠯᠡᠨ ᠵᠠᠰᠠᠯᠲᠠ ᠶᠢ ᠳᠠᠶᠢᠴᠢᠯᠠᠨ ᠰᠢᠨ᠎ᠡ ᠰᠢᠪᠲᠤᠯᠤᠯᠲᠠ ᠭᠠᠷᠭᠠᠬᠤ ᠬᠡᠷᠡᠭᠲᠡᠢ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠳ ᠡᠷᠬᠡᠪᠰᠢ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠵᠢᠯ ᠲᠦᠷᠦᠯ ᠤᠨ ᠬᠦᠷᠢᠶᠡᠨ ᠤ ᠴᠡᠭᠴᠡᠯᠡᠨ ᠵᠠᠰᠠᠯᠲᠠ ᠶᠢ ᠤᠯᠤᠰ ᠲᠦᠷᠦ ᠶᠢᠨ ᠶᠡᠭᠡ ᠶᠠᠪᠤᠳᠠᠯ ᠪᠣᠯᠭᠠᠵᠤ᠂ ︽ᠬᠤᠶᠠᠷ ᠢ ᠬᠠᠮᠠᠭᠠᠯᠠᠬᠤ︾ ᠶᠢ ᠰᠢᠯᠭᠠᠬᠤ ᠪᠣᠳᠠᠲᠠᠢ ᠠᠷᠭ᠎ᠠ ᠬᠡᠮᠵᠢᠶ᠎ᠡ ᠪᠣᠯᠭᠠᠨ ᠴᠢᠩᠭ᠎ᠠ ᠠᠳᠬᠤᠵᠤ ᠪᠣᠳᠠᠲᠠᠢ ᠠᠳᠬᠤᠬᠤ ᠬᠡᠷᠡᠭᠲᠡᠢ︔ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠤᠯᠠᠨ ᠲᠦᠮᠡᠨ ᠤ ᠲᠤᠰᠬᠠᠯ ᠶᠡᠬᠡᠲᠡᠢ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠮᠠᠷᠬᠠᠨ ᠪᠤᠢ ᠪᠣᠯᠭᠠᠬᠤ ᠲᠤᠪᠤᠶᠢᠮ᠎ᠠ ᠠᠰᠠᠭᠤᠳᠠᠯ ᠢ ᠴᠢᠩᠭ᠎ᠠ ᠠᠩᠬᠠᠷᠬᠤ ᠬᠡᠷᠡᠭᠲᠡᠢ ︔ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ︔ ᠬᠢᠨᠠᠯᠲᠠ ᠬᠠᠮᠢᠶᠠᠷᠤᠯᠲᠠ ᠪᠠᠷ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠠᠵᠢᠯ ᠲᠦᠷᠦᠯ ᠤᠨ ᠬᠦᠷᠢᠶᠡᠨ ᠳᠠᠬᠢ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ︔ ᠲᠦᠷᠦ ᠶᠢᠨ ᠪᠤᠳᠤᠯᠭ᠎ᠠ ᠶᠢᠨ ᠲᠡᠭᠦᠯᠳᠡᠷᠵᠢᠯᠲᠡ ᠶᠢ ᠠᠬᠢᠭᠤᠯᠵᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ︔ ᠭᠤᠣᠯ ᠴᠣᠭᠴᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠵᠢᠯ ᠲᠦᠷᠦᠯ ᠤᠨ ᠴᠡᠭᠴᠡᠯᠡᠨ ᠵᠠᠰᠠᠯᠲᠠ ᠶᠢᠨ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃        ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠠᠴᠠ ᠲᠣᠰ ᠠᠵᠢᠯ ᠲᠥᠷᠥᠯ ᠤᠨ ᠬᠦᠷᠢᠶᠡᠨ ᠳᠠᠬᠢ ᠲᠤᠰᠬᠠᠶ ᠵᠦᠢᠯ ᠤᠨ ᠴᠡᠭᠴᠡᠯᠡᠨ ᠵᠠᠰᠠᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢᠶᠠᠨ ᠲᠣᠰ ᠲᠣᠰ ᠲᠥᠬᠦᠮ ᠨᠡᠪᠲᠡᠷᠡᠭᠦᠯᠦᠨ ᠮᠡᠳᠡᠭᠦᠯᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号