ᠸᠠᠩ ᠸᠠᠩ ᠱᠧᠩ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ᠬᠦᠷᠴᠦ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/8/18
           8 ᠰᠠᠷ᠎ᠠ ᠶᠢᠨ 16 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠸᠠᠩ ᠱᠧᠩ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠵᠠᠭᠦᠨ ᠠᠭᠤᠯᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠠ ᠶᠤᠸᠠᠨ ᠪᠦᠦ ᠱᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠬᠦᠷᠴᠦ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠠᠶᠤᠯᠭᠦᠶ ᠦᠢᠯᠡᠳᠪᠦᠷᠢᠯᠡᠯ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ ᠲᠡᠷᠡ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠭᠦᠨᠵᠡᠭᠡᠢ ᠲᠤᠤᠱᠯᠠᠭᠤᠯᠵᠤ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠤ ᠦᠢᠯᠡᠳᠪᠦᠷᠢ ᠶᠢᠨ ᠬᠥᠭᠵᠢᠯᠲᠡ ᠪᠣᠯᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠪᠦᠳᠦᠬᠡᠨ ᠪᠠᠶᠢᠭᠤᠯᠤᠯᠲᠠ ᠶᠢᠨ ᠲᠤᠬᠠᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ ᠶᠢ ᠲᠦᠷᠭᠡᠳᠬᠡᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠳᠠᠰᠤᠷᠠᠯᠳᠠ ᠦᠬᠡᠢ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃        ᠸᠠᠩ ᠸᠠᠩ ᠱᠧᠩ ᠨᠡᠷ ᠤᠷᠢᠳ ᠬᠤᠵᠢᠳ ᠴᠢ ᠬᠤᠢ ᠶᠢᠨ ᠬᠦᠩᠭᠡᠨ ᠴᠠᠭᠠᠨ ᠤ ᠦᠢᠯᠡᠰ᠂ ᠵᠢᠦ ᠯᠢᠶᠠᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠬᠤᠸᠠ ᠲᠢᠶᠠᠨ ᠡᠮ ᠦᠢᠯᠡᠳᠬᠦ᠂ ᠶᠢᠦ ᠨᠢ ᠺᠧ ᠮᠠᠲ᠋ᠧᠷᠢᠶᠠᠯ᠂ ᠢ ᠫᠢᠨ ᠠᠮᠢᠳᠤ ᠪᠣᠳᠠᠰ᠂ ᠺᠠᠩ ᠫᠦ᠋ ᠡᠮ ᠤᠨ ᠦᠢᠯᠡᠰ ᠵᠡᠷᠭᠡ ᠠᠵᠤ ᠦᠢᠯᠡᠳᠪᠦᠷᠢ ᠶᠢᠨ ᠠᠵᠤ ᠠᠬᠤᠶᠢᠯᠠᠯ ᠪᠣᠯᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠪᠥᠲᠦᠭᠡᠭᠳᠡᠭᠦᠨ ᠤ ᠲᠤᠷᠰᠢᠯᠲᠠ ᠶᠢᠨ ᠨᠡᠪᠴᠢᠯᠲᠡ ᠶᠢᠨ ᠰᠠᠭᠤᠷᠢᠨ ᠭᠠᠵᠠᠷ ᠲᠤ ᠭᠦᠨᠵᠡᠭᠡᠶᠢᠷᠡᠨ᠂ ᠬᠦᠷᠢᠶᠡᠯᠡᠩ ᠲᠣᠭᠤᠷᠢᠭ ᠤᠨ ᠪᠠᠶᠢᠭᠤᠯᠵᠤ ᠪᠠᠶᠢᠭ᠎ᠠ ᠲᠥᠷᠥᠯ ᠵᠦᠢᠯ ᠢ ᠠᠬᠢᠭᠤᠯᠵᠤ ᠪᠠᠶᠢᠭ᠎ᠠ ᠪᠠᠶᠢᠳᠠᠯ ᠪᠠ ᠪᠠᠶᠢᠭᠤᠯᠬᠤ ᠪᠠᠷ ᠪᠠᠶᠢᠭ᠎ᠠ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠲᠤᠬᠠᠶ ᠶᠢᠨ ᠲᠠᠯᠠᠪᠤᠷ ᠲᠤᠨᠢ ᠵᠢᠯᠣᠭᠤᠳᠤᠨ ᠰᠢᠢᠳᠪᠦᠷᠢᠯᠡᠪᠡ᠃ ᠲᠡᠷᠡ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠪᠣᠯ ᠮᠠᠨ ᠤ ᠬᠤᠳᠠ ᠶᠢᠨ ᠠᠵᠤ ᠦᠢᠯᠡᠳᠪᠦᠷᠢ ᠶᠢᠨ ᠠᠵᠤ ᠠᠬᠤᠢ ᠶᠢᠨ ᠭᠤᠣᠯ ᠵᠢᠭᠰᠠᠭᠠᠯ ᠤᠨ ᠭᠠᠵᠠᠷ ᠪᠣᠯᠤᠨ᠎ᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠬᠢᠯᠡᠯᠲᠡ ᠶᠢᠨ ᠵᠢᠯ ᠳᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠡᠷᠡᠰ ᠭᠤᠶᠢᠪᠢᠰᠢ ᠦᠭᠡᠢ ᠲᠤᠤᠱᠯᠠᠭᠤᠯᠵᠤ᠂ ︽ᠳᠡᠭᠡᠳᠦ︾ ᠪᠣᠯᠤᠨ ︽ᠰᠢᠨ᠎ᠡ︾ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠴᠢᠩᠭ᠎ᠠ ᠡᠵᠡᠮᠳᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠵᠢᠯᠤᠭᠤᠳᠤᠯᠭ᠎ᠠ ᠪᠣᠯᠭᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠴᠢᠳᠠᠪᠬᠢ ᠪᠠᠨ ᠥᠷᠭᠡᠳᠬᠡᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠲᠦᠷᠭᠡᠳᠬᠡᠵᠦ᠂ ᠠᠵᠤ ᠠᠬᠤᠢ ᠨᠡᠶᠢᠭᠡᠮ ᠤᠨ ᠲᠦᠷᠭᠡᠨ ᠬᠥᠭᠵᠢᠯᠲᠡ ᠳᠤ ᠪᠠᠲᠤ ᠪᠠᠬᠢ ᠠᠵᠤ ᠦᠢᠯᠡᠰ ᠤᠨ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃        ᠸᠠᠩ ᠸᠠᠩ ᠱᠧᠩ᠂ ᠡᠯ᠎ᠡ ᠭᠠᠵᠠᠷ ᠣᠷᠣᠨ ᠡᠨᠧᠷᠭᠢ ᠶᠢᠨ ᠬᠤᠷᠣᠭᠳᠠᠯ ᠤᠨ ︽ᠬᠤᠣᠰ ᠡᠵᠡᠮᠳᠡᠯ︾ ᠤᠨ ᠬᠠᠷᠠᠯᠲᠠ ᠶᠢᠨ ᠱᠠᠭᠠᠷᠳᠠᠯᠭ᠎ᠠ ᠶᠣᠰᠣᠭᠠᠷ᠂ ᠪᠥᠬᠦ ᠲᠠᠯ᠎ᠠ ᠶᠢ ᠨᠢᠭᠡᠳᠦᠯᠲᠡᠶ ᠲᠥᠯᠥᠪᠯᠡᠬᠦ᠂ ᠰᠢᠨᠵᠢᠯᠡᠬᠦ ᠤᠬᠠᠭᠠᠨᠴᠢ ᠪᠠᠷ ᠲᠥᠯᠥᠪᠯᠡᠬᠦ ᠶᠢ ᠪᠠᠷᠢᠮᠲᠠᠯᠠᠵᠤ᠂ ᠡᠨᠧᠷᠭᠢ ᠬᠡᠷᠡᠭᠯᠡᠬᠦ ᠲᠥᠰᠦᠪ ᠤᠨ ᠬᠠᠮᠢᠶᠠᠷᠤᠯᠲᠠ ᠶᠢᠨ ᠲᠦᠷᠢᠮ ᠢ ᠤᠯᠠᠮ ᠨᠢᠭᠡ ᠠᠯᠬᠤᠮ ᠪᠦᠷᠢᠨᠰᠢᠬᠦᠯᠦᠨ ᠲᠡᠭᠦᠯᠳᠡᠷᠵᠢᠭᠦᠯᠵᠦ᠂ ᠡᠨᠧᠷᠭᠢ ᠠᠷᠪᠢᠯᠠᠬᠤ ᠬᠠᠷᠠᠯᠲᠠᠲᠤ ᠬᠠᠷᠢᠭᠤᠴᠠᠯᠭ᠎ᠠ ᠶᠢᠨ ᠬᠢᠨᠠᠨ ᠰᠢᠯᠭᠠᠯᠲᠠ ᠵᠢᠴᠢ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠨ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠣᠬᠤᠷ ᠬᠤᠭᠤᠴᠠᠭᠠᠨ ᠤ ᠪᠠ ᠣᠷᠳᠣ ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ ᠶᠢ ᠰᠠᠶᠢᠲᠤᠷ ᠬᠢᠵᠦ᠂ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠶᠠᠪᠤᠴᠠ ᠳᠤ ᠲᠠᠰᠤᠷᠠᠯᠲᠠ ᠥᠬᠡᠶ ᠰᠢᠨ᠎ᠡ ᠠᠵᠠ ᠲᠣᠬᠢᠶᠠᠯ ᠢ ᠡᠷᠢᠯᠬᠢᠯᠡᠵᠦ᠂ ᠶᠡᠭᠡ ᠬᠥᠭᠵᠢᠯᠲᠡ ᠶᠢ ᠰᠦᠪᠡᠭᠴᠢᠯᠡᠬᠦ ᠬᠡᠷᠡᠭᠲᠡᠶ᠃ ᠡᠯ᠎ᠡ ᠱᠠᠲᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠨ᠂ ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠲᠦᠷᠦᠯ ᠵᠦᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠡᠯ᠎ᠡ ᠵᠦᠢᠯ ᠤᠨ ᠪᠠᠲᠤᠯᠠᠪᠤᠷᠢ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠵᠤ ᠠᠬᠤᠶᠢᠯᠠᠯ ᠤᠨ ᠬᠥᠭᠵᠢᠯᠲᠡ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠢ᠃ ᠡᠯ᠎ᠡ ᠠᠵᠤ ᠦᠢᠯᠡᠰ ᠤᠨ ᠬᠦᠷᠢᠶᠡᠯᠡᠩ ᠲᠣᠭᠤᠷᠢᠭ ᠨᠢ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠠᠷᠠᠯᠵᠢᠶᠠᠴᠢᠨ ᠤᠷᠢᠬᠤ ᠡᠷᠴᠢᠮ ᠢᠶᠠᠨ ᠴᠢᠩᠭᠠᠷᠠᠭᠤᠯᠵᠤ᠂ ᠣᠨ ᠤ ᠡᠯ᠎ᠡ ᠵᠦᠢᠯ ᠤᠨ ᠬᠠᠷᠠᠯᠲᠠ ᠶᠢᠨ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠃ ᠡᠯ᠎ᠡ ᠭᠤᠣᠯᠳᠠᠯᠭ᠎ᠠ ᠲᠠᠢ ᠲᠦᠷᠦᠯ ᠵᠦᠢᠯ ᠤᠨ ᠠᠵᠤ ᠠᠬᠤᠶᠢᠯᠠᠯ ᠤᠳ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠲᠤᠰ ᠪᠡᠶ᠎ᠡ ᠶᠢᠨ ᠳᠠᠪᠠᠭᠤᠯᠢᠭ ᠢᠶᠠᠨ ᠪᠠᠷᠢᠮᠲᠠᠯᠠᠨ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠷᠭᠡᠳᠬᠡᠵᠦ᠂ ᠠᠵᠤ ᠦᠢᠯᠡᠰ ᠤᠨ ᠬᠡᠯᠬᠢᠶ᠎ᠡ ᠪᠠᠨ ᠤᠷᠲᠤᠳᠬᠠᠵᠤ᠂ ᠠᠵᠤ ᠠᠬᠤᠶᠢᠯᠠᠯ ᠤᠨ ᠦᠷᠢᠰᠦᠯᠳᠦᠬᠦ ᠬᠦᠴᠦᠨ ᠢᠶᠠᠨ ᠨᠡᠮᠡᠭᠳᠡᠭᠦᠯᠬᠦ ᠬᠡᠷᠡᠭᠲᠡᠢ᠃ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠠᠶᠤᠯᠭᠦᠢ ᠦᠢᠯᠡᠳᠪᠦᠷᠢᠯᠡᠯ᠂ ᠬᠢᠵᠢᠭ ᠢ ᠰᠡᠷᠭᠡᠶᠢᠯᠡᠨ ᠡᠵᠡᠮᠳᠡᠬᠦ ᠵᠡᠷᠭᠡ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠭᠦᠢᠴᠡᠳᠬᠡᠵᠦ ᠂ ᠪᠠᠶᠢᠩᠭᠤᠵᠢᠭᠰᠠᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠠᠶᠤᠯᠭᠦᠢ ᠦᠢᠯᠡᠳᠪᠦᠷᠢᠯᠡᠯ ᠳᠤ ᠠᠯᠳᠠᠰᠢ ᠭᠠᠷᠭᠠᠬᠤ ᠦᠭᠡᠢ ᠪᠠᠶᠢᠬᠤ ᠶᠢ ᠪᠠᠲᠤᠯᠠᠨ᠂ ᠠᠵᠤ ᠠᠬᠤᠶᠢᠯᠠᠯ ᠢ ᠬᠦᠴᠦᠷᠬᠡᠭᠵᠢᠭᠦᠯᠦᠨ ᠰᠢᠯᠢᠳᠡᠭᠵᠢᠭᠦᠯᠬᠦ ᠪᠠᠷ ᠴᠢᠷᠮᠠᠶᠢᠵᠤ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃        ᠬᠤᠲᠠ ᠶᠢᠨ ᠤᠳᠤᠷᠢᠳᠤᠯᠭ᠎ᠠ ᠱᠧᠩ ᠰᠢᠶᠣᠣ ᠶᠢᠥ᠂ ᠬᠤᠸᠠᠩ ᠭᠦᠸᠧ ᠸᠧᠨ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠠᠷ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号