| | 8 ᠰᠠᠷ᠎ᠠ ᠶᠢᠨ 16 ᠤ ᠦᠳᠡ ᠶᠢᠨ ᠡᠮᠦᠨ᠎ᠡ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ | ᠬᠤᠳᠠ ᠶᠢᠨ ᠳᠠᠷᠤᠭ᠎ᠠ ᠸᠠᠩ ᠸᠠᠩ ᠱᠧᠩ ᠮᠠᠨ ᠤ ᠬᠤᠳᠠ ᠶᠢᠨ ᠬᠡᠰᠡᠭ ᠨᠡᠭᠦᠷᠡᠰᠦᠨ ᠠᠭᠤᠷᠬᠠᠢ ᠶᠢᠨ ᠠᠵᠤ | ᠠᠬᠤᠶᠢᠯᠠᠯ ᠳᠤ ᠭᠦᠨᠵᠡᠭᠡᠶᠢᠷᠡᠵᠦ᠂ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ | ᠵᠥᠪᠯᠡᠯ ᠤᠨ ᠠᠯᠪᠠᠨ ᠭᠡᠷ ᠤᠨ ᠨᠡᠭᠦᠷᠡᠰᠦᠨ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠢ ᠢᠯᠡ ᠪᠠᠷ ᠪᠠᠶᠢᠴᠠᠭᠠᠵᠤ | ᠳᠠᠯᠳᠠᠭᠤᠷ ᠰᠤᠷᠪᠤᠯᠵᠢᠯᠠᠭᠠᠳ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠬᠢᠨᠠᠨ | ᠵᠢᠯᠣᠭᠤᠳᠴᠤ ᠪᠠᠶᠢᠴᠠᠭᠠᠪᠠ᠃ ᠲᠡᠷᠡ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠦᠵᠡᠯ | ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠠᠴᠠ | ᠵᠦᠢᠴᠢᠯᠡᠵᠦ ᠨᠦᠬᠦᠭᠡ ᠶᠢ ᠮᠡᠳᠡᠵᠦ᠂ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠲᠦᠢᠯᠪᠤᠷᠢᠲᠠᠢ ᠴᠡᠭᠴᠡᠯᠡᠨ | ᠰᠠᠶᠢᠵᠢᠷᠠᠭᠤᠯᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠠᠳᠬᠤᠵᠤ᠂ ᠪᠠᠶᠢᠩᠭᠤ ᠶᠢᠨ ᠤᠷᠳᠤ | ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠡᠯ᠎ᠡ ᠵᠦᠢᠯ ᠤᠨ ᠴᠡᠭᠴᠡᠯᠡᠨ | ᠰᠠᠶᠢᠵᠢᠷᠠᠭᠤᠯᠬᠤ ᠡᠭᠦᠷᠭᠡ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠪᠡᠶᠡᠯᠡᠭᠦᠯᠵᠦ᠂ ᠪᠦᠬᠦ ᠬᠤᠳᠠ ᠶᠢᠨ | ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠸᠠᠩ ᠸᠠᠩ ᠱᠧᠩ ᠤᠷᠢᠳ ᠬᠤᠵᠢᠳ ᠯᠣᠣ ᠬᠦᠩ ᠶᠢᠩᠽᠢ ᠨᠡᠭᠦᠷᠡᠰᠦᠨ ᠠᠭᠤᠷᠬᠠᠢ᠂ ᠵᠢᠶᠠᠨ ᠴᠠᠩ | ᠶᠢᠩ ᠤᠨ ᠨᠡᠭᠦᠷᠡᠰᠦᠨ ᠠᠭᠤᠷᠬᠠᠢ ᠳᠤ ᠭᠦᠨᠵᠡᠭᠡᠶᠢᠷᠡᠵᠦ᠂ ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠤᠨ | ᠠᠵᠢᠯᠯᠠᠭᠠᠨ ᠤ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠯ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ | ᠪᠠᠶᠢᠴᠠᠭᠠᠵᠤ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠭᠠᠳ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠠᠵᠢᠯ ᠢ ᠬᠢᠨᠠᠨ ᠵᠢᠯᠣᠭᠤᠳᠪᠠ᠃ ᠲᠡᠷᠡ᠂ ᠨᠡᠭᠦᠷᠡᠰᠦᠨ ᠠᠭᠤᠷᠬᠠᠶ ᠶᠢᠨ ᠠᠮᠤᠷ ᠲᠦᠪᠰᠢᠨ ᠤ | ᠳᠠᠯᠳᠠ ᠭᠡᠮ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠵᠦ᠂ ᠮᠠᠨ ᠤ ᠬᠤᠲᠠ ᠶᠢᠨ ᠨᠡᠭᠦᠷᠡᠰᠦᠨ | ᠠᠭᠤᠷᠬᠠᠶ ᠶᠢᠨ ᠠᠮᠤᠷ ᠲᠦᠪᠰᠢᠨ ᠤ ᠬᠠᠮᠢᠶᠠᠷᠤᠯᠲᠠ ᠪᠠ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ | ᠴᠢᠩᠭᠠᠳᠬᠠᠬᠤ ᠪᠣᠯ ᠮᠠᠨ ᠤ ᠬᠤᠲᠠ ᠶᠢᠨ ᠪᠣᠲᠠᠲᠤ ᠬᠡᠷᠡᠭᠴᠡᠭᠡ ᠪᠣᠯᠤᠨ᠎ᠠ᠂ ᠡᠯ᠎ᠡ ᠬᠠᠮᠢᠶ᠎ᠠ ᠪᠥᠬᠦᠶ ᠭᠠᠵᠠᠷ ᠣᠷᠣᠨ᠂ | ᠰᠠᠯᠠᠭ᠎ᠠ ᠮᠥᠴᠢᠷ᠂ ᠨᠡᠭᠦᠷᠡᠰᠦᠨ ᠠᠭᠤᠷᠬᠠᠶ ᠶᠢᠨ ᠠᠵᠤ ᠠᠬᠤᠶᠢᠯᠠᠯ ᠤᠳ ᠠᠶᠤᠯ ᠥᠬᠡᠶ ᠦᠢᠯᠡᠳᠪᠦᠷᠢᠯᠡᠯ ᠤᠨ | ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ︽ᠠᠮᠢ ᠨᠠᠰᠤ ᠶᠢ ᠳᠡᠭᠡᠳᠦᠯᠡᠵᠦ᠂ ᠠᠮᠤᠷ ᠲᠦᠪᠰᠢᠨ ᠢ | ᠲᠡᠷᠢᠭᠦᠨ ᠳᠤ ᠲᠠᠯᠪᠢᠬᠤ︾ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠨ᠂ ᠢᠯᠡ ᠪᠠᠷ ᠪᠠᠶᠢᠴᠠᠭᠠᠵᠤ ᠳᠠᠯᠳᠠᠭᠤᠷ | ᠰᠤᠷᠪᠤᠯᠵᠢᠯᠠᠵᠤ ᠢᠯᠡᠷᠡᠭᠦᠯᠦᠭᠰᠡᠨ ᠠᠰᠠᠭᠤᠳᠠᠯ ᠢ ᠬᠠᠭᠤᠳᠠᠰᠤ ᠶᠣᠰᠣᠭᠠᠷ ᠪᠦᠬᠦᠨ ᠢ ᠬᠤᠷᠢᠶᠠᠨ ᠠᠪᠴᠤ᠂ ᠲᠡᠷᠡ | ᠳᠠᠷᠤᠶ ᠳᠤᠨᠢ ᠬᠡᠷᠡᠭᠵᠢᠭᠦᠯᠵᠦ ᠲᠡᠷᠡ ᠳᠠᠷᠤᠶ ᠳᠤᠨᠢ ᠥᠭᠡᠷᠡᠴᠢᠯᠡᠨ ᠰᠠᠶᠢᠵᠢᠷᠠᠭᠤᠯᠵᠤ᠂ ᠪᠣᠶ ᠪᠥᠬᠦᠶ ᠠᠰᠠᠭᠤᠳᠠᠯ ᠢ | ᠲᠦᠢᠯᠪᠤᠷᠢᠲᠠᠶ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠸᠠᠩ ᠸᠠᠩ ᠱᠧᠩ᠂ ᠡᠨᠡ ᠤᠳᠠᠭ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯ ᠦᠭᠡᠶ | ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠠᠴᠠ ᠮᠠᠨ ᠤ ᠬᠤᠲᠠ ᠶᠢᠨ ᠨᠡᠭᠦᠷᠡᠰᠦᠨ ᠠᠭᠤᠷᠬᠠᠶ ᠶᠢᠨ ᠠᠵᠤ | ᠠᠬᠤᠶᠢᠯᠠᠯ ᠢ ᠢᠯᠡ ᠪᠠᠷ ᠪᠠᠶᠢᠴᠠᠭᠠᠵᠤ ᠳᠠᠯᠳᠠᠭᠤᠷ ᠰᠣᠷᠪᠤᠯᠵᠢᠯᠠᠭᠰᠠᠨ ᠨᠢ ᠮᠠᠨ ᠤ ᠬᠤᠲᠠ ᠶᠢᠨ ᠠᠶᠤᠯᠭᠦᠢ | ᠦᠢᠯᠡᠳᠪᠦᠷᠢᠯᠡᠯ ᠤᠨ ᠠᠵᠢᠯ ᠳᠤ ᠳᠠᠬᠢᠨᠲᠠ ᠰᠡᠷᠡᠮᠵᠢ ᠶᠢᠨ ᠳᠣᠬᠢᠶ᠎ᠠ ᠥᠭᠴᠡᠢ᠂ ᠪᠢᠳᠡ ᠡᠷᠬᠡᠪᠰᠢ ᠭᠦᠨᠵᠡᠭᠡᠢ | ᠰᠤᠷᠭᠠᠮᠵᠢ ᠠᠪᠴᠤ᠂ ᠳᠡᠭᠡᠳᠦ ᠬᠡᠮᠵᠢᠶ᠎ᠡ ᠪᠠᠷ ᠰᠡᠷᠡᠮᠵᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠬᠥᠪᠴᠢ ᠶᠢ ᠴᠠᠭ | ᠢᠮᠠᠭᠲᠠ ᠴᠢᠩᠭᠠᠯᠠᠵᠤ᠂ ᠠᠶᠤᠯᠭᠦᠢ ᠦᠢᠯᠡᠳᠪᠦᠷᠢᠯᠡᠯ ᠤᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ | ᠠᠶᠤᠯᠭᠦᠢ ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠯ ᠢ ᠴᠢᠩᠭᠠᠳᠬᠠᠵᠤ᠂ ᠪᠦᠬᠦ ᠬᠤᠲᠠ ᠶᠢᠨ ᠠᠶᠤᠯᠭᠦᠢ | ᠦᠢᠯᠡᠳᠪᠦᠷᠢᠯᠡᠯ ᠤᠨ ᠠᠵᠢᠯ ᠤᠨ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠤ ᠠᠬᠤᠢ | ᠨᠡᠶᠢᠭᠡᠮ ᠤᠨ ᠬᠥᠭᠵᠢᠯᠲᠡ ᠲᠣᠭᠲᠠᠭᠤᠨ᠂ ᠠᠵᠤ ᠠᠬᠤᠶᠢᠯᠠᠯ ᠤᠨ ᠡᠷᠡᠭᠦᠯ ᠢᠶᠠᠷ ᠦᠰᠦᠨ ᠪᠤᠶᠢᠵᠢᠬᠤ ᠳᠤ ᠠᠮᠤᠷ | ᠲᠦᠪᠰᠢᠨ ᠤ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠸᠠᠩ ᠸᠠᠩ ᠱᠧᠩ᠂ ᠭᠤᠤᠯᠳᠠᠯᠭ᠎ᠠ ᠲᠠᠢ ᠠᠵᠢᠯ ᠲᠥᠷᠥᠯ᠂ ᠭᠤᠤᠯᠳᠠᠯᠭ᠎ᠠ ᠲᠠᠢ ᠠᠵᠤ ᠠᠬᠤᠶᠢᠯᠠᠯ ᠤᠨ | ᠠᠶᠤᠯᠭᠦᠶ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠪᠠᠭᠤᠷᠠᠶ ᠭᠤᠭᠴᠤᠭ᠎ᠠ ᠶᠢ ᠴᠢᠩᠭ᠎ᠠ ᠠᠳᠬᠤᠵᠤ᠂ | ᠲᠥᠷᠦᠯ ᠵᠦᠢᠯ᠂ ᠵᠤᠷᠪᠤᠰ ᠢᠶᠠᠷ ᠵᠠᠬ᠎ᠠ ᠳᠠᠷᠠᠭᠠᠯᠠᠨ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠵᠤ᠂ | ᠴᠡᠭᠴᠡᠯᠡᠨ ᠰᠠᠶᠢᠵᠢᠷᠠᠭᠤᠯᠬᠤ ᠠᠬᠢᠴᠠ ᠶᠢ ᠴᠠᠭ ᠲᠤᠬᠠᠶ ᠳᠤᠨᠢ ᠳᠡᠭᠡᠭᠰᠢ ᠮᠡᠳᠡᠭᠦᠯᠵᠦ᠂ ᠴᠡᠭᠴᠡᠯᠡᠨ ᠰᠠᠶᠢᠵᠢᠷᠠᠭᠤᠯᠬᠤ | ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠰᠠᠯᠠᠭ᠎ᠠ ᠮᠥᠴᠢᠷ ᠤᠨ ᠬᠢᠨᠠᠨ | ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠠᠳᠬᠤᠵᠤ᠂ ᠬᠢᠨᠠᠨ ᠬᠠᠮᠢᠶᠠᠷᠬᠤ ᠺᠠᠳ᠋ᠷ ᠤᠨ ᠲᠤᠬᠠᠶᠢᠯᠠᠭᠰᠠᠨ | ᠠᠵᠢᠯ ᠤᠨ ᠴᠢᠳᠠᠪᠤᠷᠢ ᠪᠣᠯᠤᠨ ᠲᠤᠰᠬᠠᠢ ᠮᠡᠷᠭᠡᠵᠢᠯ ᠤᠨ ᠲᠦᠪᠰᠢᠨ ᠢ ᠴᠢᠷᠮᠠᠶᠢᠨ ᠳᠡᠭᠡᠭᠰᠢᠯᠡᠭᠦᠯᠵᠦ᠂ | ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠠᠵᠢᠯ ᠤᠨ ᠣᠪᠣᠷ ᠢᠶᠠᠨ ᠲᠥᠪ ᠪᠣᠯᠭᠠᠵᠤ᠂ ᠡᠯ᠎ᠡ | ᠱᠠᠲᠤᠨ ᠤ ᠺᠠᠳ᠋ᠷ ᠤᠨ ᠠᠮᠤᠷ ᠲᠦᠪᠰᠢᠨ ᠤ ᠭᠡᠮ ᠰᠣᠭᠤᠭ ᠢ ᠢᠯᠡᠷᠡᠭᠦᠯᠵᠦ ᠰᠢᠢᠳᠪᠦᠷᠢᠯᠡᠬᠦ ᠴᠢᠳᠠᠪᠤᠷᠢ ᠶᠢ ᠪᠦᠬᠦ | ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠬᠠᠷᠢᠶᠠᠯᠠᠭᠳᠠᠬᠤ ᠭᠠᠵᠠᠷ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ | ᠴᠢᠩᠭ᠎ᠠ ᠳᠠᠷᠤᠵᠤ᠂ ᠵᠠᠩᠭᠢᠯᠠᠭ᠎ᠠ ᠶᠢᠨ ᠭᠤᠭᠴᠤᠭ᠎ᠠ ᠶᠢ ᠡᠵᠡᠮᠳᠡᠵᠦ᠂ ᠭᠤᠣᠯᠳᠠᠯᠭ᠎ᠠ ᠲᠠᠢ ᠬᠦᠷᠢᠶᠡᠨ ᠳᠤ | ᠠᠩᠬᠠᠷᠤᠯ ᠢᠶᠠᠨ ᠲᠥᠪᠯᠡᠷᠡᠭᠦᠯᠵᠦ᠂ ᠪᠠᠷᠢᠮᠵᠢᠶ᠎ᠠ ᠶᠢ ᠬᠠᠷᠭᠤᠭᠤᠯᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ | ᠂ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ | ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠲᠦᠢᠯᠪᠤᠷᠢᠲᠠᠢ ᠴᠡᠭᠴᠡᠯᠡᠨ ᠰᠠᠶᠢᠵᠢᠷᠠᠭᠤᠯᠵᠤ᠂ ᠪᠦᠬᠦ ᠬᠤᠳᠠ ᠶᠢᠨ | ᠡᠯ᠎ᠡ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠦᠪᠰᠢᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ | ᠭᠡᠵᠦ ᠱᠠᠭᠠᠷᠳᠠᠪᠠ᠃ | ᠬᠤᠲᠠ ᠶᠢᠨ ᠤᠳᠤᠷᠢᠳᠤᠯᠭ᠎ᠠ ᠶᠢᠨ ᠱᠧᠩ ᠰᠢᠶᠣᠣ ᠶᠢᠦ᠂ ᠬᠤᠸᠠᠩ ᠭᠦᠸᠧ ᠸᠧᠨ᠂ ᠬᠤᠲᠠ ᠶᠢᠨ | ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠪᠠᠷ᠎ᠠ ᠪᠣᠯᠵᠣ | ᠪᠠᠶᠢᠴᠠᠭᠠᠪᠠ᠃ |