ᠸᠠᠩ ᠯᠢ ᠰᠢᠶᠠ ᠬᠢᠩᠭᠠᠨ ᠠᠶᠢᠮᠠᠭ ᠰᠢᠯᠢ ᠶᠢᠨ ᠭᠤᠣᠯ ᠠᠶᠢᠮᠠᠭ ᠤᠯᠠᠭᠠᠨᠬᠠᠳᠠ ᠬᠤᠳᠠ ᠲᠦᠩᠯᠢᠶᠣᠤ ᠬᠤᠳᠠ ᠳᠤ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ ᠡᠯ᠎ᠡ ᠵᠦᠢᠯ ᠤᠨ ᠠᠵᠢᠯ ᠢ ᠴᠥᠮ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠤᠯ ᠰᠢᠵᠢᠮ ᠤᠨ ᠲᠣᠭᠤᠷᠢᠨ ᠳᠤ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ
ᠨᠡᠶᠢᠲᠡᠯᠡᠭᠰᠡᠨ ᠴᠠᠭ᠄
2021/8/19
        8 ᠰᠠᠷ᠎ᠠ ᠶᠢᠨ 15 ᠠᠴᠠ 18 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠣᠷᠣᠯᠠᠭᠴᠢ ᠲᠡᠷᠢᠭᠦᠯᠡᠭᠴᠢ ᠸᠠᠩ ᠯᠢ ᠰᠢᠶᠠ ᠬᠢᠩᠭᠠᠨ ᠠᠶᠢᠮᠠᠭ᠂ ᠰᠢᠯᠢ ᠶᠢᠨ ᠭᠤᠣᠯ ᠠᠶᠢᠮᠠᠭ᠂ ᠤᠯᠠᠭᠠᠨᠬᠠᠳᠠ ᠬᠤᠳᠠ᠂ ᠲᠦᠩᠯᠢᠶᠣᠤ ᠬᠤᠳᠠ ᠳᠤ ᠭᠦᠨᠵᠡᠭᠡᠶᠢᠷᠡᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠲᠡᠯᠭᠡᠷᠡᠭᠦᠯᠦᠨ ᠬᠡᠷᠡᠭᠯᠡᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠪᠤᠬᠢᠷᠳᠤᠯ ᠦᠭᠡᠢ ᠠᠭᠤᠷᠬᠠᠢ ᠶᠢᠨ ᠵᠠᠰᠠᠯᠲᠠ᠂ ᠠᠮᠤᠷ ᠲᠦᠪᠰᠢᠨ ᠢᠶᠠᠷ ᠦᠶᠡᠷ ᠢ ᠰᠡᠷᠭᠡᠶᠢᠯᠡᠬᠦ ᠵᠡᠷᠭᠡ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃ ᠲᠡᠷᠡ᠂ ᠡᠯ᠎ᠡ ᠵᠦᠢᠯ ᠤᠨ ᠠᠵᠢᠯ ᠢ ᠴᠥᠮ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠤᠯ ᠰᠢᠵᠢᠮ ᠤᠨ ᠲᠣᠭᠤᠷᠢᠨ ᠳᠤ ᠯᠠᠪᠳᠠᠭᠤᠨ ᠪᠠᠲᠤᠲᠠᠶ ᠠᠬᠢᠭᠤᠯᠵᠤ᠂ ᠰᠢᠨ᠎ᠡ ᠴᠠᠭ ᠦᠶ᠎ᠡ ᠳᠤ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠰᠠᠶᠢᠲᠤᠷ ᠬᠠᠮᠠᠭᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃    
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号