ᠬᠤᠲᠠ ᠶᠢᠨ ᠵᠠᠰᠠᠭ ᠤᠨ ᠣᠷᠳᠣᠨ ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/8/19
             ᠸᠠᠩ ᠸᠠᠩ ᠱᠧᠩ ᠬᠤᠷᠠᠯ ᠡᠷᠬᠢᠯᠡᠵᠦ ᠶᠠᠷᠢᠶ᠎ᠠ ᠲᠠᠯᠪᠢᠵᠠᠢ        8 ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠸᠠᠩ ᠱᠧᠩ ᠪᠦᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ ᠪᠣᠯᠤᠨ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ᠂ ᠬᠤᠳᠠᠯᠳᠤᠭᠠᠴᠢᠨ ᠤᠷᠢᠵᠤ ᠪᠠᠯᠠ ᠲᠠᠲᠠᠬᠤ ᠂ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠬᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠵᠡᠷᠭᠡ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠰᠠᠭᠤᠳᠠᠯ ᠤᠨ ᠬᠦᠷᠦᠯᠴᠡᠬᠦ ᠥᠬᠡᠶ ᠲᠠᠯ᠎ᠠ ᠶᠢ ᠡᠷᠢᠵᠦ᠂ ᠰᠢᠢᠳᠪᠦᠷᠢᠯᠡᠬᠦ ᠠᠷᠭ᠎ᠠ ᠶᠢ ᠰᠤᠳᠤᠯᠤᠨ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃        ᠬᠤᠷᠠᠯ ᠠᠴᠠ᠂ ᠣᠳᠣᠬᠠᠨ ᠳᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠶᠡᠷᠦᠩᠬᠡᠶ ᠳᠡᠭᠡᠨ ᠤᠷᠤᠭᠰᠢᠲᠠᠶ ᠶᠠᠪᠤᠭᠳᠠᠵᠤ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠵᠢᠯ ᠬᠢᠬᠦ ᠰᠠᠨᠠᠭ᠎ᠠ ᠲᠠᠢ᠂ ᠠᠵᠢᠯ ᠬᠢᠵᠦ ᠳᠡᠶᠢᠯᠬᠦ᠂ ᠠᠵᠢᠯ ᠬᠢᠵᠦ ᠪᠦᠲᠦᠭᠡᠬᠦ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢᠶᠠᠨ ᠦᠷᠭᠦᠯᠵᠢᠯᠡᠨ ᠪᠠᠲᠤᠯᠠᠵᠤ᠂ ᠠᠵᠢᠯ ᠤᠨ ᠰᠤᠷᠲᠠᠯ ᠢᠶᠠᠨ ᠦᠨᠡᠨᠬᠦ ᠬᠤᠪᠢᠷᠠᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠱᠠᠭᠠᠷᠳᠠᠯᠭ᠎ᠠ ᠲᠠᠢ ᠪᠠᠷᠢᠮᠵᠢᠶᠠᠯᠠᠨ ᠬᠠᠷᠭᠤᠭᠤᠯᠵᠤ᠂ ᠳᠡᠭᠡᠳᠦ ᠬᠡᠮᠵᠢᠶᠡᠨ ᠤ ᠡᠭᠦᠷᠭᠡᠲᠦ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠷ ᠣᠳᠣᠬᠠᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠴᠢᠨᠠᠭᠰᠢᠳᠠ ᠰᠠᠶᠢᠲᠤᠷ ᠠᠳᠬᠤᠵᠤ᠂ ᠳᠣᠣᠷ᠎ᠠ ᠬᠠᠭᠠᠰ ᠵᠢᠯ ᠤᠨ ᠡᠯ᠎ᠡ ᠵᠦᠢᠯ ᠤᠨ ᠠᠵᠢᠯ ᠢ ᠯᠠᠪᠳᠠᠭᠤᠨ ᠢᠶᠠᠷ ᠠᠬᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃        ᠬᠤᠷᠠᠯ ᠠᠴᠠ᠂ ᠣᠳᠣᠬᠠᠨ ᠤ ᠬᠢᠵᠢᠭ ᠤᠨ ᠪᠠᠶᠢᠳᠠᠯ ᠢ ᠵᠥᠪ ᠲᠠᠨᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠴᠢᠨᠠᠭᠰᠢᠳᠠ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠴᠢᠩᠭᠠᠳᠬᠠᠵᠤ᠂ ᠡᠯ᠎ᠡ ᠵᠦᠢᠯ ᠤᠨ ᠪᠠᠶᠢᠩᠭᠤ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ᠂ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠯᠬᠤᠴᠠ ᠶᠢ ᠲᠦᠷᠭᠡᠳᠬᠡᠵᠦ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠳᠠᠰᠤᠷᠠᠯᠳᠠ ᠦᠬᠡᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠳᠦᠷᠦᠭᠳᠡᠯ᠂ ᠵᠢᠷᠭᠠᠯᠲᠤ ᠳᠦᠷᠦᠭᠳᠡᠯ ᠪᠣᠯᠤᠨ ᠠᠮᠤᠷ ᠲᠦᠪᠰᠢᠨ ᠤ ᠳᠦᠷᠦᠭᠳᠡᠯ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠦ᠂ ᠲᠥᠷᠥᠯ ᠵᠦᠢᠯ ᠤᠨ ᠬᠡᠷᠡᠭᠵᠢᠭᠦᠯᠦᠯᠲᠡ ᠶᠢ ᠲᠦᠷᠭᠡᠳᠬᠡᠨ ᠠᠬᠢᠭᠤᠯᠵᠤ᠂ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢ ᠰᠠᠯᠭᠠᠨ ᠥᠭᠬᠦ ᠡᠷᠴᠢᠮ ᠢᠶᠠᠨ ᠴᠢᠩᠭᠠᠷᠠᠭᠤᠯᠵᠤ᠂ ᠱᠠᠭᠠᠷᠳᠠᠯᠭ᠎ᠠ ᠶᠣᠰᠣᠭᠠᠷ ᠪᠥᠲᠥᠭᠡᠨ ᠪᠠᠶᠢᠭᠤᠯᠤᠯᠲᠠ ᠶᠢᠨ ᠡᠭᠦᠷᠭᠡ ᠪᠠᠨ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃        ᠬᠤᠷᠠᠯ ᠠᠴᠠ᠂ ᠠᠷᠠᠯᠵᠢᠶᠠᠴᠢᠨ ᠤᠷᠢᠵᠤ ᠪᠡᠯᠡ ᠲᠠᠲᠠᠬᠤ ᠴᠢᠬᠤᠯᠠ ᠶᠡᠭᠡ ᠲᠦᠷᠦᠯ ᠵᠦᠢᠯ ᠢ ᠮᠥᠷᠳᠡᠨ ᠲᠤᠬᠢᠷᠠᠭᠤᠯᠬᠤ ᠶᠢ ᠴᠢᠩᠭᠠᠳᠬᠠᠵᠤ᠂ ᠴᠢᠬᠤᠯᠠ ᠶᠡᠭᠡ ᠲᠦᠷᠦᠯ ᠵᠦᠢᠯ ᠤᠨ ᠭᠡᠷ᠎ᠡ ᠲᠣᠭᠲᠠᠨ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠵᠤ᠂ ᠠᠵᠢᠯ ᠤᠨ ᠲᠣᠭᠲᠠᠴᠠ ᠶᠢ ᠴᠢᠨᠠᠭᠰᠢᠳᠠ ᠰᠢᠯᠤᠭᠤᠳᠬᠠᠵᠤ᠂ ᠲᠣᠮᠤ ᠶᠡᠭᠡ ᠠᠷᠠᠯᠵᠢᠶᠠᠴᠢᠨ ᠪᠡᠯᠡ ᠮᠥᠩᠭᠦ ᠢ ᠴᠢᠷᠮᠠᠶᠢᠨ ᠤᠷᠢᠵᠤ᠂ ᠪᠦᠬᠦ ᠬᠤᠳᠠ ᠶᠢᠨ ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ᠃ ᠶᠡᠭᠡ ᠲᠠᠯ᠎ᠠ ᠶᠢᠨ ᠤᠬᠠᠮᠰᠠᠷ ᠢ ᠪᠤᠢ ᠪᠣᠯᠭᠠᠵᠤ᠂ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠠᠵᠢᠯ ᠢ ᠴᠢᠩᠭ᠎ᠠ ᠠᠳᠬᠤᠵᠤ᠂ ᠪᠦᠬᠦ ᠬᠤᠳᠠ ᠪᠠᠷ ᠢᠶᠠᠨ ᠡᠷᠬᠡᠪᠰᠢ ᠠᠯᠬᠤᠮ ᠨᠢᠭᠡᠲᠡᠶ᠂ ᠪᠠᠷᠢᠮᠵᠢᠶ᠎ᠠ ᠨᠢᠭᠡᠳᠦᠯᠲᠡᠶ ᠪᠠᠶᠢᠵᠤ᠂ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠠᠵᠢᠯ ᠤᠨ ᠨᠡᠶᠢᠯᠡᠮᠡᠯ ᠬᠦᠴᠦᠨ ᠢ ᠦᠨᠡᠨᠬᠦ ᠪᠦᠷᠢᠯᠳᠦᠭᠦᠯᠬᠦ ᠬᠡᠷᠡᠭᠲᠡᠶ᠃ ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠᠶᠢᠰᠢᠩ ᠤᠨ ᠪᠦᠳᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠᠶᠢᠰᠢᠩ ᠤᠨ ᠦᠢᠯᠡᠳᠪᠦᠷᠢᠯᠡᠯ᠂ ᠠᠮᠢᠳᠤᠷᠠᠯ ᠵᠡᠷᠭᠡ ᠰᠠᠭᠤᠷᠢ ᠲᠥᠬᠦᠭᠡᠷᠦᠮᠵᠢ ᠶᠢ ᠢᠵᠢ ᠪᠦᠷᠢᠳᠦᠭᠦᠯᠦᠨ ᠨᠠᠶᠢᠳᠠᠪᠤᠷᠢᠵᠢᠭᠤᠯᠬᠤ ᠶᠢ ᠪᠠᠲᠤᠯᠠᠵᠤ᠂ ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠᠶᠢᠰᠢᠩ ᠤᠨ ᠠᠵᠤ ᠠᠬᠤᠶᠢᠯᠠᠯ ᠤᠨ ︽ᠣᠷᠣᠵᠤ ᠰᠠᠭᠤᠬᠤ ᠪᠣᠭᠤᠮᠲᠠ︾ ᠶᠢ ᠰᠠᠶᠢᠲᠤᠷ ᠡᠵᠡᠮᠳᠡᠵᠦ᠂ ᠠᠵᠤ ᠦᠢᠯᠡᠰ ᠤᠨ ᠪᠦᠲᠦᠴᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠠᠵᠤ ᠦᠢᠯᠡᠰ ᠤᠨ ᠪᠦᠯᠦᠭᠵᠢᠯ ᠢ ᠲᠦᠷᠭᠡᠨ ᠪᠦᠷᠢᠯᠳᠦᠭᠦᠯᠬᠦ ᠬᠡᠷᠡᠭᠲᠡᠢ᠃ ᠲᠦᠷᠦᠯ ᠵᠦᠢᠯ ᠤᠨ ᠰᠢᠵᠢᠷ ᠠᠯᠳᠠᠨ ᠪᠠᠷᠢᠯᠭ᠎ᠠ ᠶᠢᠨ ᠬᠤᠭᠤᠴᠠᠭ᠎ᠠ ᠶᠢ ᠠᠮᠵᠢᠵᠤ᠂ ᠲᠦᠷᠦᠯ ᠵᠦᠢᠯ ᠤᠨ ᠦᠢᠯᠡᠴᠢᠯᠡᠭᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠮᠠᠨ ᠤ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠰᠠᠭᠤᠷᠢ ᠶᠢ ᠪᠠᠲᠤᠳᠬᠠᠵᠤ᠂ ᠨᠥᠭᠡᠴᠡ ᠬᠦᠴᠦᠨ ᠢ ᠬᠤᠷᠠᠮᠳᠤᠭᠤᠯᠬᠤ ᠬᠡᠷᠡᠭᠲᠡᠢ ᠭᠡᠵᠦ ᠱᠠᠭᠠᠷᠳᠠᠪᠠ᠃        ᠬᠤᠷᠠᠯ ᠢ ᠳᠦᠷᠰᠦ ᠨᠡᠪᠲᠡᠷᠡᠭᠦᠯᠭᠡ ᠶᠢᠨ ᠬᠡᠯᠪᠡᠷᠢ ᠪᠠᠷ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠱᠧᠩ ᠰᠢᠶᠣᠣ ᠶᠢᠦ᠂ ᠬᠤᠲᠠ ᠶᠢᠨ ᠳᠡᠳ᠋ ᠳᠠᠷᠤᠭ᠎ᠠ ᠸᠠᠩ ᠭᠦᠸᠧ ᠰᠧᠨ᠂ ᠬᠤᠸᠠᠩ ᠭᠦᠸᠧ ᠸᠧᠨ᠂ ᠯᠢ ᠵᠢᠩ ᠵᠢᠩ ᠬᠤᠷᠠᠯ ᠳᠤ ᠣᠷᠣᠯᠴᠠᠭᠰᠠᠨ ᠪᠥᠭᠡᠳ ᠬᠤᠯᠪᠣᠭᠳᠠᠯ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠠᠵᠢᠯ ᠥᠷᠨᠢᠭᠦᠯᠦᠭᠰᠡᠨ ᠪᠠᠶᠢᠳᠠᠯ ᠢᠶᠠᠨ ᠮᠡᠳᠡᠭᠳᠡᠵᠦ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠸᠠᠩ ᠯᠢ ᠧᠨ ᠬᠤᠷᠠᠯ ᠳᠤ ᠣᠷᠣᠯᠴᠠᠵᠠᠶ᠃
 
ᠢᠷᠡᠯᠲᠡ᠄ ᠤᠯᠠᠭᠠᠨᠬᠠᠳᠠ ᠬᠤᠲᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号