| 2021 ᠣᠨ ᠤ 8 ᠳ᠋ᠤᠭᠠᠷ ᠰᠠᠷ᠎ᠠ ᠶᠢᠨ 18 ᠤ ᠡᠳᠦᠷ ᠤᠨ 7 ᠴᠠᠭ ᠠᠴᠠ 8 ᠳ᠋ᠤᠭᠠᠷ ᠰᠠᠷ᠎ᠠ ᠶᠢᠨ | 19 ᠤ ᠡᠳᠦᠷ ᠤᠨ 7 ᠴᠠᠭ ᠪᠣᠯᠲᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠰᠡᠵᠢᠭᠯᠡᠯᠲᠡᠢ | ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠨᠡᠮᠡᠭᠳᠡᠭᠰᠡᠨ ᠦᠭᠡᠢ᠂ ᠬᠢᠯᠢ ᠶᠢᠨ | ᠭᠠᠳᠠᠨ᠎ᠠ ᠠᠴᠠ ᠣᠷᠣᠵᠣ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 1 ︵ᠨᠡᠶᠢᠰᠯᠡᠯ ᠤᠨ ᠣᠯᠠᠨ ᠤᠯᠤᠰ ᠤᠨ | ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠦᠬᠡᠬᠤᠲᠠ ᠶᠢᠨ ᠴᠠᠭᠠᠨ ᠰᠣᠪᠣᠷᠭ᠎ᠠ ᠤᠯᠠᠨ ᠤᠯᠤᠰ ᠤᠨ | ᠨᠢᠰᠬᠡᠯ ᠤᠨ ᠪᠠᠭᠤᠳᠠᠯ ᠳᠤ ᠪᠠᠭᠤᠭᠰᠠᠨ︶ ᠨᠡᠮᠡᠭᠳᠡᠪᠡ᠃ | 2021 ᠣᠨ ᠤ 8 ᠳ᠋ᠤᠭᠠᠷ ᠰᠠᠷ᠎ᠠ ᠶᠢᠨ 19 ᠤ ᠡᠳᠦᠷ ᠤᠨ 7 ᠴᠠᠭ ᠪᠣᠯᠲᠠᠯ᠎ᠠ᠂ ᠥᠪᠦᠷ ᠮᠣᠩᠭᠤᠯ ᠤᠨ | ᠥᠪᠡᠷᠲᠡᠭᠡᠨ ᠵᠠᠰᠠᠬᠤ ᠣᠷᠤᠨ ᠳᠤ ᠲᠣᠳᠣᠯᠠᠭᠰᠠᠨ ᠡᠪᠡᠳᠴᠢᠨ ᠤ ᠵᠢᠱᠢᠶ᠎ᠡ 1 ︵ᠬᠦᠯᠦᠨ ᠪᠤᠶᠢᠷ ᠬᠤᠲᠠ ᠶᠢᠨ | ᠬᠠᠶᠢᠯᠠᠷ ᠲᠣᠭᠤᠷᠢᠭ ᠲᠤ︶᠂ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ | 2 ᠪᠠᠶᠢᠵᠤ᠂ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ | ᠣᠶᠢᠷᠠᠲᠤᠭᠰᠠᠳ ᠢ ᠨᠢ ᠪᠦᠬᠦᠨ ᠢ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ | ᠠᠵᠢᠭᠯᠠᠯᠲᠠ ᠬᠢᠵᠦ᠂ ᠪᠦᠬᠦ ᠶᠠᠪᠤᠴᠠ ᠳᠤ ᠪᠢᠲᠡᠭᠦᠮᠵᠢᠯᠡᠭᠰᠡᠨ ᠬᠠᠮᠢᠶᠠᠷᠤᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ | ᠰᠡᠷᠭᠡᠶᠢᠯᠡᠵᠦ ᠪᠠᠶᠢᠨ᠎ᠠ᠃ | |