ᠮᠠᠨ ᠤ ᠣᠷᠣᠨ ᠡᠭᠦᠳᠡᠨ ᠡᠮᠨᠡᠯᠭᠡ ᠶᠢᠨ ᠵᠠᠷᠤᠳᠠᠯ ᠢ ᠮᠤᠵᠢ ᠠᠯᠤᠰᠯᠠᠨ ᠰᠢᠭᠤᠳ ᠳ᠋ᠦᠩᠨᠡᠨ ᠪᠤᠳᠤᠬᠤ ᠶᠢ ᠰᠢᠶᠠᠨ ᠤ ᠱᠠᠲᠤᠨ ᠳᠤ ᠪᠦᠷᠢᠨ ᠪᠦᠷᠬᠦᠭᠦᠯᠬᠦ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2021/8/23
           ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠣᠶᠢᠷ᠎ᠠ ᠳᠤ᠂ ᠮᠠᠨ ᠤ ᠣᠷᠣᠨ ᠡᠭᠦᠳᠡᠨ ᠡᠮᠨᠡᠯᠭᠡ ᠶᠢᠨ ᠵᠠᠷᠤᠳᠠᠯ ᠢ ᠮᠤᠵᠢ ᠠᠯᠤᠰᠯᠠᠨ ᠰᠢᠭᠤᠳ ᠳ᠋ᠦᠩᠨᠡᠨ ᠪᠤᠳᠤᠬᠤ ᠶᠢ ᠰᠢᠶᠠᠨ ᠤ ᠱᠠᠲᠤᠨ ᠳᠤ ᠪᠦᠷᠢᠨ ᠪᠦᠷᠬᠦᠭᠦᠯᠬᠦ ᠶᠢ ᠪᠡᠶᠡᠯᠡᠭᠦᠯᠵᠦ᠂ ᠪᠥᠬᠦ ᠣᠷᠣᠨ ᠤ 103 ᠬᠤᠰᠢᠭᠤ ᠰᠢᠶᠠᠨ ᠲᠣᠭᠤᠷᠢᠭ ᠲᠤ ᠨᠠᠭᠠᠳᠤ ᠵᠠᠬ᠎ᠠ ᠳᠤ ᠪᠠᠨ 1 ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠭᠦᠳᠡᠨ ᠡᠮᠨᠡᠯᠭᠡ ᠶᠢᠨ ᠵᠠᠷᠤᠳᠠᠯ ᠢ ᠪᠠᠭᠲᠠᠭᠠᠭᠰᠠᠨ ᠡᠮᠴᠢᠯᠡᠭᠡᠨ ᠤ ᠵᠠᠷᠤᠳᠠᠯ ᠢ ᠮᠤᠵᠢ ᠠᠯᠤᠰᠯᠠᠨ ᠰᠢᠭᠤᠳ ᠳ᠋ᠦᠩᠨᠡᠨ ᠪᠤᠳᠤᠬᠤ ᠦᠢᠯᠡᠴᠢᠯᠡᠭᠡ ᠬᠠᠩᠭᠠᠬᠤ ᠶᠢ ᠪᠡᠶᠡᠯᠡᠭᠦᠯᠵᠦ᠂ ᠤᠯᠤᠰ ᠠᠴᠠ ᠳᠤᠷᠠᠳᠤᠭᠰᠠᠨ ᠡᠭᠦᠷᠭᠡ ᠬᠠᠷᠠᠯᠲᠠ ᠶᠢ 17 ᠰᠠᠷ᠎ᠠ ᠤᠷᠢᠳᠴᠢᠯᠠᠨ ᠪᠡᠶᠡᠯᠡᠭᠦᠯᠦᠭᠰᠡᠨ ᠪᠠᠶᠢᠨ᠎ᠠ᠃        ᠣᠶᠢᠯᠠᠭᠠᠭᠰᠠᠨ ᠢᠶᠠᠷ᠂ ᠣᠯᠠᠨ ᠲᠦᠮᠡᠨ ᠤ ᠮᠤᠵᠢ ᠠᠯᠤᠰᠯᠠᠭᠰᠠᠨ ᠡᠭᠦᠳᠡᠨ ᠡᠮᠨᠡᠯᠭᠡ ᠶᠢᠨ ᠡᠮᠴᠢᠯᠡᠭᠡᠨ ᠤ ᠵᠠᠷᠤᠳᠠᠯ ᠢᠶᠠᠨ ᠰᠢᠭᠤᠳ ᠳ᠋ᠦᠩᠨᠡᠨ ᠪᠤᠳᠤᠬᠤ ᠳᠤ ᠦᠨᠡᠨ ᠬᠦ ᠲᠥᠬᠦᠮ ᠦᠵᠡᠭᠦᠯᠵᠦ᠂ ᠣᠨᠳᠣᠤ ᠭᠠᠵᠠᠷ ᠲᠤ ᠡᠮᠴᠢᠯᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠪᠣᠯᠤᠮᠵᠢᠲᠤ ᠴᠢᠨᠠᠷ ᠪᠠ ᠲᠥᠬᠦᠮ ᠳᠥᠲᠡ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠣᠨᠳᠣᠤ ᠭᠠᠵᠠᠷ ᠲᠤ ᠡᠮᠴᠢᠯᠡᠭᠦᠯᠦᠭᠰᠡᠨ ᠵᠠᠷᠤᠳᠠᠯ ᠢ ᠳ᠋ᠦᠩᠨᠡᠨ ᠪᠤᠳᠤᠬᠤ ᠲᠥᠪ ᠠᠴᠠ ᠮᠤᠵᠢ ᠠᠯᠤᠰᠯᠠᠭᠰᠠᠨ ᠡᠭᠦᠳᠡᠨ ᠡᠮᠨᠡᠯᠭᠡ ᠶᠢᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠠᠵᠢᠯ ᠢ ᠢᠳᠡᠪᠬᠢᠲᠡᠶ ᠠᠬᠢᠭᠤᠯᠪᠠ᠃ 2020 ᠣᠨ ᠤ 11 ᠳ᠋ᠦ᠋ᠭᠡᠷ ᠰᠠᠷ᠎ᠠ ᠳᠤ᠂ ᠮᠠᠨ ᠤ ᠣᠷᠣᠨ ᠪᠥᠬᠦ ᠤᠯᠤᠰ ᠤᠨ ᠮᠤᠵᠢ ᠠᠯᠤᠰᠯᠠᠭᠰᠠᠨ ᠡᠭᠦᠳᠡᠨ ᠡᠮᠨᠡᠯᠭᠡ ᠶᠢᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠲᠤᠷᠰᠢᠯᠲᠠ ᠶᠢᠨ ᠣᠷᠣᠨ ᠪᠣᠯᠤᠭᠰᠠᠨ ᠤ ᠬᠤᠪᠢ ᠳᠤ᠂ ᠮᠤᠵᠢ ᠠᠯᠤᠰᠯᠠᠭᠰᠠᠨ ᠡᠭᠦᠳᠡᠨ ᠡᠮᠨᠡᠯᠭᠡ ᠶᠢᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠲᠤᠷᠰᠢᠯᠲᠠ ᠶᠢᠨ ᠠᠵᠢᠯ ᠢ ᠡᠬᠢᠯᠡᠭᠦᠯᠪᠡ᠃ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠵᠠᠯᠭᠠᠭᠠᠰᠤ ᠶᠢᠨ ᠵᠢᠷᠤᠮᠵᠢᠯ ᠶᠣᠰᠣᠭᠠᠷ᠂ ᠣᠷᠣᠨ ᠤ ᠳᠣᠲᠣᠷᠠᠬᠢ ᠡᠯ᠎ᠡ ᠨᠢᠭᠡᠳᠦᠯᠲᠡᠶ ᠲᠥᠯᠥᠪᠯᠡᠬᠦ ᠣᠷᠣᠨ ᠳᠤ ᠨᠢᠭᠡᠳ ᠨᠢᠭᠡ ᠪᠠᠷ ᠵᠢᠯᠣᠭᠤᠳᠣᠯᠭ᠎ᠠ ᠬᠢᠵᠦ᠂ ᠲᠤᠷᠰᠢᠯᠲᠠ ᠶᠢᠨ ᠴᠡᠭ ᠤᠨ ᠡᠮᠴᠢᠯᠡᠭᠡᠨ ᠤ ᠪᠠᠶᠢᠭᠤᠯᠤᠮᠵᠢ ᠠᠴᠠ ᠰᠢᠰᠲ᠋ᠧᠮ ᠲᠠᠢ ᠥᠭᠡᠷᠡᠴᠢᠯᠡᠯᠲᠡ ᠥᠷᠨᠢᠭᠦᠯᠬᠦ ᠶᠢ ᠵᠡᠷᠭᠡ ᠳᠤ ᠨᠢ ᠵᠢᠯᠣᠭᠤᠳᠴᠤ᠂ ᠡᠯ᠎ᠡ ᠨᠢᠭᠡᠳᠦᠯᠲᠡᠶ ᠲᠥᠯᠥᠪᠯᠡᠬᠦ ᠣᠷᠣᠨ ᠨᠢ ᠳᠠᠭᠠᠳᠬᠠᠯ ᠳᠤ ᠣᠷᠣᠯᠴᠠᠬᠤ ᠭᠠᠵᠠᠷ ᠪᠠ ᠡᠮᠨᠡᠭᠦᠯᠬᠦ ᠭᠠᠵᠠᠷ ᠪᠣᠯᠤᠭᠰᠠᠨ ᠤ ᠬᠤᠪᠢ ᠳᠤ ᠡᠩ ᠤᠨ ᠡᠭᠦᠳᠡᠨ ᠡᠮᠨᠡᠯᠭᠡ ᠶᠢᠨ ᠵᠠᠷᠤᠳᠠᠯ ᠢ ᠮᠤᠵᠢ ᠠᠯᠤᠰᠯᠠᠨ ᠰᠢᠭᠤᠳ ᠳ᠋ᠦᠩᠨᠡᠨ ᠪᠤᠳᠤᠬᠤ ᠦᠢᠯᠡᠴᠢᠯᠡᠭᠡ ᠶᠢ ᠵᠡᠷᠭᠡ ᠪᠠᠷ ᠨᠡᠪᠲᠡᠷᠡᠭᠦᠯᠬᠦ ᠶᠢ ᠪᠠᠲᠤᠯᠠᠪᠠ᠃ ᠡᠭᠦᠨ ᠤ ᠬᠠᠮᠲᠤ᠂ ᠭᠠᠳᠠᠷ ᠮᠤᠵᠢ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠲᠠᠢ ᠮᠤᠵᠢ ᠠᠯᠤᠰᠯᠠᠨ ᠬᠤᠯᠪᠣᠭᠠᠯᠠᠨ ᠲᠣᠬᠢᠷᠠᠭᠤᠯᠬᠤ ᠲᠤᠷᠰᠢᠯᠲᠠ ᠬᠢᠵᠦ᠂ ᠳᠠᠭᠠᠳᠬᠠᠯ ᠳᠤ ᠣᠷᠣᠯᠴᠠᠬᠤ ᠭᠠᠵᠠᠷ ᠪᠠ ᠡᠮᠨᠡᠭᠦᠯᠬᠦ ᠭᠠᠵᠠᠷ ᠤᠨ ᠬᠤᠪᠢ ᠪᠠᠷ ᠬᠤᠶᠠᠷ ᠲᠠᠯ᠎ᠠ ᠶᠢᠨ ᠪᠣᠳᠠᠲᠤ ᠺᠠᠷᠲ ᠤᠨ ᠲᠤᠷᠰᠢᠯᠲᠠ ᠶᠢ ᠣᠯᠠᠨ ᠤᠳᠠᠭ᠎ᠠ ᠬᠢᠭᠰᠡᠨ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号