ᠮᠠᠨ ᠤ ᠣᠷᠣᠨ ᠤ ᠠᠵᠢᠯᠲᠠᠨ ᠠᠵᠢᠯᠴᠢᠳ ᠤᠨ ᠡᠮᠴᠢᠯᠡᠭᠡᠨ ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ 7 ᠲᠦᠮᠡ ᠰᠢᠬᠠᠮ ᠬᠦᠮᠦᠰ ᠲᠤ ᠠᠰᠢᠭ ᠬᠦᠷᠲᠡᠭᠡᠪᠡ
ᠨᠡᠶᠢᠲᠡᠯᠡᠭᠰᠡᠨ ᠴᠠᠭ᠄
2021/8/23
           8 ᠳ᠋ᠤᠭᠠᠷ ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠠᠴᠠ ᠣᠶᠢᠯᠠᠭᠠᠭᠰᠠᠨ ᠢᠶᠠᠷ᠂ ᠣᠳᠣᠬᠠᠨ ᠪᠣᠯᠲᠠᠯ᠎ᠠ᠂ ᠮᠠᠨ ᠤ ᠣᠷᠣᠨ ᠤ ᠠᠵᠢᠯᠲᠠᠨ ᠠᠵᠢᠯᠴᠢᠳ ᠤᠨ ᠡᠮᠴᠢᠯᠡᠭᠡᠨ ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ ᠳᠤ ᠣᠷᠣᠯᠴᠠᠭᠰᠠᠨ ᠠᠵᠢᠯᠲᠠᠨ ᠠᠵᠢᠯᠴᠢᠳ ᠨᠡᠶᠢᠲᠡ 200 ᠲᠦᠮᠡ ᠶᠢ ᠳᠠᠪᠠᠵᠤ᠂ 6132 ᠲᠦᠮᠡ ᠭᠠᠷᠤᠶ ᠲᠥᠭᠦᠷᠢᠭ ᠤᠨ ᠨᠥᠬᠦᠪᠥᠷᠢ ᠮᠥᠩᠭᠦ ᠲᠠᠷᠬᠠᠭᠠᠨ᠂ 7 ᠲᠦᠮᠡ ᠰᠢᠬᠠᠮ ᠬᠦᠮᠦᠰ ᠡᠨᠡ ᠬᠦ ᠠᠵᠢᠯᠯᠠᠭᠠᠨ ᠠᠴᠠ ᠠᠰᠢᠭ ᠭᠥᠷᠳᠡᠵᠦ᠂ ᠬᠥᠮᠦᠨ ᠳᠤᠮᠳᠠᠴᠢ ᠶᠢᠨ ᠲᠠᠩᠰᠠ ᠲᠠᠶᠢᠯᠠᠭᠰᠠᠨ ᠵᠣᠭᠤᠰ ᠤᠨ ᠲᠤᠭ᠎ᠠ 1314 ᠲᠥᠭᠦᠷᠢᠭ ᠲᠤ ᠬᠦᠷᠴᠦ᠂ ᠨᠥᠬᠦᠪᠥᠷᠢ ᠶᠢᠨ ᠵᠣᠭᠤᠰ ᠤᠨ ᠲᠤᠭ᠎ᠠ ᠨᠢ ᠬᠠᠮᠤᠭ ᠤᠨ ᠥᠨᠳᠥᠷ ᠲᠤ ᠪᠠᠨ 34.45 ᠲᠦᠮᠡᠨ ᠲᠥᠭᠦᠷᠢᠭ ᠲᠤ ᠬᠦᠷᠴᠡᠶ᠃          ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ 2019 ᠣᠨ ᠤ 1 ᠳ᠋ᠦ᠋ᠭᠡᠷ ᠰᠠᠷ᠎ᠠ ᠶᠢᠨ 16 ᠤ ᠡᠳᠦᠷ ᠥᠪᠥᠷ ᠮᠣᠩᠭᠤᠯ ᠤᠨ ᠠᠵᠢᠯᠲᠠᠨ ᠠᠵᠢᠯᠴᠢᠳ ᠤᠨ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠨᠡᠶᠢᠭᠡᠮᠯᠢᠭ ᠢ ᠪᠠᠶᠢᠭᠤᠯᠵᠤ᠂ ᠪᠥᠬᠦ ᠣᠷᠣᠨ ᠳᠤ ᠠᠵᠢᠯᠲᠠᠨ ᠠᠵᠢᠯᠴᠢᠳ ᠤᠨ ᠡᠮᠴᠢᠯᠡᠭᠡᠨ ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ ᠥᠷᠨᠢᠭᠦᠯᠵᠦ ᠡᠬᠢᠯᠡᠵᠡᠢ᠃ ᠬᠠᠷᠢᠯᠴᠠᠨ ᠬᠠᠪᠰᠤᠷᠤᠯᠴᠠᠵᠤ ᠬᠠᠷᠢᠯᠴᠠᠨ ᠲᠡᠳᠬᠦᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠢᠯᠳᠠᠨ ᠠᠵᠢᠯᠴᠢᠳ ᠤᠨ ᠡᠪᠡᠳᠴᠢᠯᠡᠭᠰᠡᠨ ᠵᠡᠷᠭᠡ ᠪᠤᠰᠤᠳᠴᠢ ᠰᠢᠯᠲᠠᠭᠠᠨ ᠠᠴᠠ ᠪᠣᠯᠤᠭᠰᠠᠨ ᠬᠦᠴᠢᠷᠳᠡᠯ ᠤᠳ ᠢ ᠰᠢᠢᠳᠪᠦᠷᠢᠯᠡᠵᠦ᠂ ᠠᠵᠢᠯᠳᠠᠨ ᠠᠵᠢᠯᠴᠢᠳ ᠤᠨ ᠠᠵᠤ ᠠᠬᠤᠢ ᠶᠢᠨ ᠳᠠᠷᠤᠭᠠᠰᠤ ᠶᠢ ᠬᠥᠩᠭᠡᠷᠡᠭᠦᠯᠬᠦ᠂ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠨᠢ ᠨᠡᠮᠡᠭᠳᠡᠭᠦᠯᠬᠦ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠠᠬᠢᠭᠤᠯᠬᠤ ᠵᠣᠷᠢᠯᠭ᠎ᠠ ᠳᠤ ᠬᠦᠷᠦᠭᠰᠡᠨ ᠪᠠᠶᠢᠨ᠎ᠠ᠃    
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号