ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠬᠤᠷᠠᠯ ᠳᠡᠭᠡᠷᠡᠬᠢ ᠳᠡᠭᠡᠷ᠎ᠠ ᠬᠠᠭᠠᠰ ᠵᠢᠯ ᠤᠨ ᠠᠵᠤ ᠠᠬᠤᠢ ᠶᠢᠨ ᠪᠠᠶᠢᠳᠠᠯ ᠪᠣᠯᠤᠨ ᠲᠤᠤᠷ᠎ᠠ ᠬᠠᠭᠠᠰ ᠵᠢᠯ ᠤᠨ ᠠᠵᠤ ᠠᠬᠤᠢ ᠶᠢᠨ ᠠᠵᠢᠯ ᠤᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠵᠠᠢ ᠱᠢ ᠲᠠᠢ ᠹᠧᠩ ᠬᠤᠷᠠᠯ ᠢ ᠡᠷᠬᠢᠯᠡᠵᠡᠢ
ᠨᠡᠶᠢᠲᠡᠯᠡᠭᠰᠡᠨ ᠴᠠᠭ᠄
2021/8/23
           8 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠬᠤᠷᠠᠯ ᠳᠡᠭᠡᠷᠡᠬᠢ ᠳᠡᠬᠡᠷ᠎ᠡ ᠬᠠᠭᠠᠰ ᠵᠢᠯ ᠤᠨ ᠠᠵᠤ ᠠᠬᠤᠢ ᠶᠢᠨ ᠪᠠᠶᠢᠳᠠᠯ ᠪᠣᠯᠤᠨ ᠳᠣᠣᠷ᠎ᠠ ᠬᠠᠭᠠᠰ ᠵᠢᠯ ᠤᠨ ᠠᠵᠤ ᠠᠬᠤᠢ ᠶᠢᠨ ᠠᠵᠢᠯ ᠤᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠥ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ ᠬᠤᠷᠠᠯᠳᠤᠭᠤᠯᠤᠭᠰᠠᠨ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠥ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠢ ᠡᠷᠬᠢᠯᠡᠵᠡᠢ᠃        ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠪᠢᠳᠡᠨ ᠤ ᠣᠳᠣᠬᠠᠨ ᠤ ᠠᠵᠤ ᠠᠬᠤᠢ ᠶᠢᠨ ᠪᠠᠶᠢᠳᠠᠯ ᠢ ᠣᠨᠣᠪᠴᠢᠲᠠᠢ ᠡᠵᠡᠮᠳᠡᠵᠦ᠂ ᠳᠣᠣᠷ᠎ᠠ ᠬᠠᠭᠠᠰ ᠵᠢᠯ ᠤᠨ ᠠᠵᠤ ᠠᠬᠤᠢ ᠶᠢᠨ ᠠᠵᠢᠯ ᠢ ᠴᠢᠨᠠᠭᠰᠢᠳᠠ ᠰᠠᠶᠢᠲᠤᠷ ᠬᠢᠬᠦ ᠳᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠬᠠᠩᠭᠠᠪᠠ᠂ ᠪᠢᠳᠡ ᠭᠦᠨᠵᠡᠭᠡᠢ ᠰᠤᠷᠤᠯᠴᠠᠨ ᠦᠢᠯᠠᠭᠠᠵᠥ᠂ ᠣᠨᠣᠪᠴᠢᠲᠠᠢ ᠤᠢᠢᠯᠠᠭᠠᠨ ᠡᠵᠡᠮᠰᠢᠵᠦ᠂ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠮᠠᠭᠠᠳᠯᠠᠯᠲᠠ ᠪᠣᠯᠤᠨ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠦᠨᠡᠨ ᠬᠦ ᠨᠢᠭᠡᠳᠬᠡᠬᠦ ᠬᠡᠷᠡᠭᠲᠡᠢ᠃ ᠤᠷᠳᠤ ᠬᠤᠭᠤᠴᠠᠭᠠᠨ ᠤ ᠶᠡᠭᠡ ᠬᠠᠨᠳᠤᠰᠢ ᠠᠴᠠ ᠣᠳᠣᠬᠠᠨ ᠤ ᠪᠠᠶᠢᠳᠠᠯ ᠢ ᠲᠠᠨᠢᠬᠤ ᠶᠢ ᠪᠠᠷᠢᠮᠲᠠᠯᠠᠵᠤ᠂ ᠬᠥᠭᠵᠢᠯᠲᠡ ᠶᠢᠨ ᠣᠷᠴᠢᠨ ᠤ ᠰᠢᠨ᠎ᠡ ᠬᠤᠪᠢᠷᠠᠯᠲᠠ ᠰᠢᠨ᠎ᠡ ᠥᠷᠢᠰᠥᠯᠳᠦᠭᠡᠨ ᠢ ᠣᠨᠣᠪᠴᠢᠲᠠᠢ ᠡᠵᠡᠮᠳᠡᠨ ᠰᠠᠨᠠᠭᠠᠴᠢᠯᠠᠭ᠎ᠠ ᠠᠴᠠ ᠪᠠᠨ ᠠᠷᠭᠠᠴᠠᠭᠠᠵᠤ᠂ ᠭᠦᠢᠴᠡᠳ ᠪᠡᠯᠡᠳᠬᠡᠯ ᠬᠢᠵᠦ᠂ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠬᠠᠮᠤᠭ ᠤᠨ ᠰᠠᠶᠢᠨ ᠦᠷ᠎ᠡ ᠳ᠋ᠦᠩ ᠢ ᠲᠠᠮᠡᠴᠡᠨ ᠤᠯᠵᠤ᠂ ᠪᠦᠬᠦ ᠵᠢᠯ ᠤᠨ ᠭᠤᠣᠯ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠵᠥ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠬᠦᠯᠭᠡ ᠶᠢᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠬᠦ ᠬᠡᠷᠡᠭᠲᠡᠢ᠃ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠴᠢᠨᠠᠷ ᠰᠠᠶᠢᠲᠠᠶ ᠬᠥᠭᠵᠢᠯᠲᠡ ᠶᠢᠨ ᠴᠢᠭᠯᠡᠯ ᠢ ᠭᠤᠶᠢᠪᠢᠰᠢ ᠥᠬᠡᠶ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠶ ᠪᠥᠬᠦ ᠲᠠᠯ᠎ᠠ ᠪᠠᠷ ᠲᠤᠭᠤᠰᠢᠯᠠᠭᠤᠯᠵᠤ᠂ ᠨᠠᠩ ᠬᠠᠨᠳᠤᠯᠭᠠᠳᠤ ᠴᠢᠨᠠᠷᠲᠠᠶ ᠪᠠᠷ ᠪᠦᠲᠦᠴᠡ ᠶᠢᠨ ᠲᠣᠬᠢᠷᠠᠭᠤᠯᠤᠯᠲᠠ ᠶᠢ ᠴᠢᠩᠭᠠᠳᠬᠠᠵᠤ᠂ ᠪᠦᠲᠦᠴᠡ ᠶᠢᠨ ᠴᠢᠨᠠᠷᠲᠠᠶ ᠠᠰᠠᠭᠤᠳᠠᠯ ᠢ ᠰᠢᠢᠳᠪᠦᠷᠢᠯᠡᠵᠦ᠂ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠪᠦᠲᠦᠮᠵᠢᠲᠡᠶ ᠰᠠᠶᠢᠲᠤᠷ ᠬᠢᠵᠦ᠂ ᠠᠵᠤ ᠠᠬᠤᠶ ᠶᠢᠨ ᠰᠡᠷᠭᠦᠯᠲᠡ ᠶᠢᠨ ᠶᠠᠪᠤᠴᠠ ᠳᠠᠭᠠᠨ ᠨᠠᠩ ᠥᠨᠳᠥᠷ ᠲᠦᠪᠰᠢᠨ ᠪᠦᠬᠦᠢ ᠲᠡᠩᠴᠡᠭᠦᠷᠢᠲᠡᠶ ᠪᠣᠯᠬᠤ ᠶᠢ ᠠᠬᠢᠭᠤᠯᠬᠤ ᠬᠡᠷᠡᠭᠲᠡᠶ ᠭᠡᠵᠥ ᠵᠢᠭᠠᠵᠥ ᠭᠠᠷᠭᠠᠪᠠ᠃        ᠬᠤᠷᠠᠯ ᠠᠴᠠ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠠᠵᠤ ᠠᠬᠤᠢ ᠶᠢᠨ ᠬᠠᠨᠳᠤᠰᠢ ᠶᠢ ᠨᠢᠭᠲᠠ ᠮᠥᠷᠳᠡᠵᠦ᠂ ᠬᠦᠴᠢᠷᠳᠡᠯᠲᠡᠢ ᠠᠵᠢᠯ ᠲᠦᠷᠦᠯ ᠪᠣᠯᠤᠨ ᠳᠤᠮᠳᠠ ᠪᠠᠭ᠎ᠠ ᠵᠢᠵᠢᠭ ᠠᠵᠤ ᠠᠬᠤᠶᠢᠯᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠷᠦ ᠶᠢᠨ ᠪᠤᠳᠤᠯᠭ᠎ᠠ ᠶᠢᠨ ᠳᠡᠮᠵᠢᠯᠭᠡ ᠪᠣᠯᠤᠨ ᠪᠡᠯᠡ ᠮᠥᠩᠭᠦᠨ ᠤ ᠳᠡᠮᠵᠢᠯᠭᠡ ᠶᠢ ᠴᠢᠩᠭᠠᠳᠬᠠᠵᠤ᠂ ᠲᠦᠷᠦ ᠶᠢᠨ ᠪᠤᠳᠤᠯᠭ᠎ᠠ ᠶᠢᠨ ᠪᠦᠳᠦᠴᠡ ᠶᠢ ᠰᠢᠯᠢᠳᠡᠭᠵᠢᠭᠦᠯᠵᠦ᠂ ᠦᠨᠳᠦᠰᠦ ᠰᠠᠭᠤᠷᠢ ᠶᠢ ᠪᠠᠬᠢᠵᠢᠭᠦᠯᠵᠦ᠂ ᠵᠢᠱᠢᠯᠲᠡ ᠶᠢ ᠲᠣᠭᠲᠠᠪᠤᠷᠢᠵᠢᠭᠤᠯᠵᠤ᠂ ᠠᠵᠤ ᠠᠬᠤᠢ ᠶᠢᠨ ᠡᠷᠬᠢᠯᠳᠡ ᠶᠢᠨ ᠵᠣᠬᠢᠰᠲᠠᠢ ᠬᠡᠪᠴᠢᠶᠡᠨ ᠳᠤ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠲᠥᠪ ᠤᠨ ᠵᠣᠷᠢᠭ ᠰᠠᠨᠠᠭ᠎ᠠ ᠶᠢ ᠦᠨᠳᠦᠰᠦᠯᠡᠨ ᠦᠶᠡᠯᠡᠯ ᠠᠯᠤᠰᠯᠠᠨ ᠲᠣᠬᠢᠷᠠᠭᠤᠯᠬᠤ ᠠᠵᠢᠯ ᠢ ᠬᠠᠨᠳᠤᠯᠭᠠᠳᠤ ᠴᠢᠨᠠᠷᠲᠠᠶ ᠪᠠᠷ ᠰᠠᠶᠢᠲᠤᠷ ᠬᠢᠵᠦ᠂ ᠡᠨᠡ ᠵᠢᠯ ᠪᠠ ᠢᠷᠡᠬᠦ ᠵᠢᠯ ᠤᠨ ᠲᠥᠷᠥ ᠶᠢᠨ ᠪᠣᠳᠣᠯᠭ᠎ᠠ ᠶᠢᠨ ᠵᠣᠯᠭᠠᠯᠴᠠᠭ᠎ᠠ ᠶᠢ ᠨᠢᠭᠡᠳᠦᠯᠲᠡᠶ ᠲᠥᠯᠥᠪᠵᠢᠬᠦᠯᠤᠨ ᠰᠠᠶᠢᠲᠤᠷ ᠬᠢᠵᠦ᠂ ᠠᠵᠤ ᠠᠬᠤᠶ ᠶᠢᠨ ᠡᠷᠬᠢᠯᠳᠡ ᠶᠢᠨ ᠶᠡᠭᠡ ᠪᠠᠷ ᠳᠡᠭᠡᠭᠰᠢᠯᠡᠵᠦ ᠪᠠᠭᠤᠷᠠᠬᠤ ᠶᠢ ᠰᠡᠷᠭᠡᠶᠢᠯᠡᠬᠦ ᠬᠡᠷᠡᠭᠲᠡᠶ᠃ ᠭᠤᠤᠯᠳᠠᠯᠭ᠎ᠠ ᠶᠢ ᠳᠣᠪᠤᠶᠢᠯᠭᠠᠨ᠂ ᠳᠣᠲᠣᠭᠠᠳᠤ ᠬᠡᠷᠡᠭᠴᠡᠭᠡ ᠶᠢᠨ ᠨᠡᠮᠡᠭᠳᠡᠯ ᠤᠨ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠡᠷᠡᠭᠯᠡᠭᠡ ᠶᠢᠨ ᠰᠠᠶᠢᠨ ᠰᠠᠶᠢᠬᠠᠨ ᠬᠠᠨᠳᠤᠰᠢ ᠶᠢ ᠦᠷᠭᠦᠯᠵᠢᠯᠡᠨ ᠪᠠᠬᠢᠵᠢᠭᠦᠯᠵᠦ᠂ ᠭᠤᠤᠯᠳᠠᠯᠭ᠎ᠠ ᠲᠠᠢ ᠬᠦᠷᠢᠶ᠎ᠠ ᠴᠠᠷᠠᠭᠠᠨ ᠤ ᠲᠣᠭᠤᠷᠢᠨ ᠳᠤ ᠪᠦᠲᠦᠮᠵᠢᠲᠡᠶ ᠪᠠᠯᠠ ᠣᠷᠣᠭᠤᠯᠤᠯᠲᠠ ᠶᠢ ᠢᠳᠡᠪᠬᠢᠲᠡᠶ ᠥᠷᠭᠡᠳᠬᠡᠨ᠂ ᠡᠯ᠎ᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠡᠷᠴᠢᠮᠲᠡᠶ ᠠᠬᠢᠭᠤᠯᠵᠤ᠂ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠪᠠ ᠲᠤᠨᠤᠭ ᠲᠥᠬᠦᠭᠡᠷᠦᠮᠵᠢ ᠶᠢᠨ ᠰᠢᠨᠡᠴᠢᠯᠡᠯᠲᠡ ᠶᠢ ᠬᠡᠷᠡᠭᠵᠢᠭᠦᠯᠬᠦ ᠶᠢ ᠳᠡᠮᠵᠢᠬᠦ ᠬᠡᠷᠡᠭᠲᠡᠶ᠃ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠴᠢᠩᠭᠠᠳᠬᠠᠵᠤ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠮᠡᠷᠭᠡᠵᠢᠯ ᠤᠨ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠢ ᠤᠨᠳᠤᠤᠰᠢᠭᠤᠯᠬᠤ ᠶᠢ ᠢᠳᠡᠪᠬᠢᠲᠡᠶ ᠥᠷᠨᠢᠭᠦᠯᠵᠦ᠂ ᠬᠡᠯᠬᠢᠶ᠎ᠡ ᠶᠢ ᠨᠥᠬᠦᠪᠥᠷᠢᠯᠡᠨ ᠬᠡᠯᠬᠢᠶ᠎ᠡ ᠶᠢ ᠴᠢᠩᠭᠠᠳᠬᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠢ ᠤᠨᠢᠨ ᠲᠡᠭᠡᠷ᠎ᠡ ᠨᠢ ᠬᠠᠪᠰᠤᠷᠤᠨ ᠲᠡᠳᠬᠦᠬᠦ ᠶᠢ ᠦᠨᠡᠨ ᠬᠦ ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ ᠶᠢᠨ ᠤᠶᠠᠨ ᠴᠢᠨᠠᠷ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠶ᠃ ᠨᠡᠭᠦᠷᠡᠰᠦᠲᠥ᠋ᠷᠥᠭᠴᠢ ᠭᠠᠳᠠᠬᠰᠢᠯᠠᠭᠤᠯᠬᠤ ᠤᠷᠬᠢᠯ ᠬᠡᠮᠵᠢᠭᠳᠡᠯ ᠳᠤ ᠬᠦᠷᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠡᠮᠬᠢ ᠵᠢᠷᠤᠮ ᠲᠠᠢ ᠰᠠᠶᠢᠲᠤᠷ ᠬᠢᠵᠦ᠂ ᠡᠨᠧᠷᠭᠢ ᠶᠢᠨ ᠪᠦᠲᠦᠴᠡ ᠶᠢᠨ ᠲᠤᠬᠢᠷᠠᠭᠤᠯᠤᠯᠳᠠ ᠶᠢ ᠲᠦᠷᠭᠡᠳᠬᠡᠨ ᠠᠬᠢᠭᠤᠯᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠲᠦᠷᠭᠡᠨ ᠬᠥᠭᠵᠢᠯᠲᠡ ᠶᠢ ᠬᠦᠴᠦᠯᠡᠨ ᠠᠬᠢᠭᠤᠯᠵᠤ᠂ ︽ᠬᠤᠶᠠᠷ ᠥᠨᠳᠥᠷ︾ ᠢ ᠨᠡᠮᠡᠭᠳᠡᠬᠦᠯᠬᠦ ᠲᠦᠷᠦᠯ ᠵᠦᠢᠯ ᠢ ᠴᠢᠩᠭ᠎ᠠ ᠬᠢᠵᠠᠭᠠᠷᠯᠠᠵᠤ᠂ ᠨᠡᠭᠦᠷᠡᠰᠦ ᠪᠣᠯᠤᠨ ᠴᠠᠬᠢᠯᠭᠠᠨ ᠬᠦᠴᠦᠨ ᠢ ᠠᠮᠤᠷ ᠲᠦᠪᠰᠢᠨ ᠢᠶᠠᠷ ᠬᠠᠩᠭᠠᠨ ᠪᠠᠲᠤᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠨᠧᠷᠭᠢ ᠶᠢ ᠠᠷᠪᠢᠯᠠᠬᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠴᠢᠩᠭᠠᠳᠬᠠᠵᠤ᠂ ᠡᠨᠧᠷᠭᠢ ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠰᠠᠭᠤᠷᠢ ᠴᠢᠨᠠᠷᠲᠠᠢ᠂ ᠲᠦᠭᠡᠮᠡᠯ ᠬᠦᠷᠳᠡᠬᠡᠮᠵᠢᠳᠤ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠪᠠᠶᠢᠭᠤᠯᠤᠯᠲᠠ ᠶᠢ ᠭᠤᠣᠯᠳᠠᠯᠭ᠎ᠠ ᠲᠠᠢ ᠴᠢᠩᠭᠠᠳᠬᠠᠵᠤ᠂ ᠠᠷᠠᠳ ᠤᠨ ᠦᠨᠳᠦᠰᠦᠨ ᠠᠮᠢᠳᠤᠷᠠᠯ ᠤᠨ ᠲᠠᠸᠠᠷ ᠤᠨ ᠬᠠᠩᠭᠠᠯᠭ᠎ᠠ ᠶᠢ ᠪᠠᠲᠤᠯᠠᠬᠤ᠂ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠠᠯᠲᠠ ᠶᠢᠨ ᠴᠢᠨᠠᠷᠲᠠᠢ ᠥᠷᠢ ᠥᠭᠴᠡᠭᠡᠨ ᠤ ᠠᠶᠤᠯ ᠲᠦᠭᠰᠢᠭᠦᠷᠢ ᠶᠢ ᠡᠮᠬᠢ ᠵᠢᠷᠤᠮ ᠲᠠᠢ ᠠᠷᠢᠯᠭᠠᠵᠤ᠂ ᠮᠥᠩᠭᠦᠨ ᠭᠦᠢᠯᠭᠡᠭᠡᠨ ᠤ ᠢᠯᠵᠠᠷᠠᠯ ᠢ ᠵᠠᠯᠬᠠᠭᠠᠨ ᠰᠢᠢᠳᠬᠡᠬᠦ ᠪᠠ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠨᠢᠭᠡ ᠴᠤᠭᠴᠠᠵᠢᠭᠤᠯᠤᠨ ᠠᠬᠢᠭᠤᠯᠵᠤ᠂ ᠭᠡᠷ ᠭᠠᠵᠠᠷ ᠤᠨ ᠬᠦᠷᠦᠩᠭᠡ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠦᠷᠭᠦᠯᠵᠢᠯᠡᠨ ᠵᠢᠷᠤᠮᠵᠢᠭᠤᠯᠵᠤ᠂ ᠠᠶᠤᠯᠭᠦᠢ ᠦᠢᠯᠡᠳᠪᠦᠷᠢᠯᠡᠯ ᠪᠣᠯᠤᠨ ᠤᠯᠠᠨ ᠨᠡᠶᠢᠲᠡ ᠶᠢᠨ ᠠᠮᠤᠷ ᠲᠦᠪᠰᠢᠨ ᠤ ᠡᠨᠡ ᠬᠦ ᠬᠦᠪᠴᠢ ᠶᠢ ᠴᠠᠭ ᠢᠮᠠᠭᠲᠠ ᠴᠢᠩᠭᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠢᠮᠠᠭᠲᠠ ᠬᠢᠨᠠᠭᠤᠷ ᠪᠣᠯᠭᠤᠮᠵᠢᠲᠠᠢ ᠰᠠᠶᠢᠲᠤᠷ ᠠᠳᠬᠤᠬᠤ ᠬᠡᠷᠡᠭᠲᠡᠢ ᠭᠡᠵᠤ ᠴᠢᠬᠤᠯᠠᠴᠢᠯᠠᠪᠠ᠃        ᠬᠤᠷᠠᠯ ᠠᠴᠠ᠂ ᠡᠯ᠎ᠡ ᠱᠠᠲᠤᠨ ᠤ ᠨᠠᠮ ᠤᠨ ᠬᠤᠷᠢᠶ᠎ᠠ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠵᠣᠬᠢᠶᠠᠨ ᠪᠠᠶᠢᠭᠤᠯᠤᠯᠲᠠ ᠶᠢᠨ ᠱᠤᠭᠤᠮ ᠢᠶᠠᠷ ᠤᠯᠤᠰ ᠲᠥᠷᠥ ᠶᠢᠨ ᠱᠤᠭᠤᠮ ᠳᠤ ᠦᠢᠯᠡᠴᠢᠯᠡᠵᠦ ᠪᠠᠲᠤᠯᠠᠬᠤ ᠳᠡᠭᠡᠳᠦ ᠬᠡᠮᠵᠢᠶᠡᠨ ᠤ ᠤᠬᠠᠮᠰᠠᠷ ᠢᠶᠠᠨ ᠴᠢᠩᠭᠠᠳᠬᠠᠵᠤ᠂ ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠳᠠᠬᠢ ᠤᠳᠤᠷᠢᠳᠤᠯᠭ᠎ᠠ ᠶᠢ ᠪᠥᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠨᠠᠮ ᠤᠨ ᠪᠠᠶᠢᠭᠤᠯᠤᠯᠲᠠ ᠶᠢ ᠴᠢᠨᠠᠭᠰᠢᠳᠠ ᠴᠢᠩᠭᠠᠳᠬᠠᠨ ᠰᠠᠶᠢᠵᠢᠷᠠᠭᠤᠯᠵᠤ᠂ ᠥᠪᠥᠷ ᠮᠣᠩᠭᠤᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠶ᠃ ᠦᠵᠡᠯ ᠰᠠᠨᠠᠭ᠎ᠠ ᠪᠠᠷ ᠬᠥᠲᠥᠯᠥᠨ ᠳᠠᠭᠠᠭᠤᠯᠬᠤ ᠪᠠ ᠭᠤᠤᠯ ᠰᠡᠳᠦᠪᠲᠦ ᠪᠣᠯᠪᠠᠰᠤᠷᠠᠯ ᠢ ᠬᠦᠴᠦᠯᠡᠨ ᠰᠠᠶᠢᠲᠤᠷ ᠠᠳᠬᠤᠵᠤ᠂ ᠰᠢᠶᠠᠨ ᠰᠢᠶᠠᠩ ᠤᠨ ᠤᠳᠤᠷᠢᠳᠬᠤ ᠪᠠᠭ ᠪᠣᠯᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠬᠦᠴᠦᠯᠡᠨ ᠰᠠᠶᠢᠲᠤᠷ ᠠᠳᠬᠤᠵᠤ᠂ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠮᠵᠢ ᠪᠣᠯᠤᠨ ᠵᠣᠬᠢᠶᠠᠨ ᠪᠠᠶᠢᠭᠤᠯᠬᠤ ᠬᠦᠴᠦᠨ ᠢ ᠳᠡᠭᠡᠭᠰᠢᠯᠡᠭᠦᠯᠬᠦ ᠶᠢ ᠬᠦᠴᠦᠯᠡᠨ ᠰᠠᠶᠢᠲᠤᠷ ᠠᠳᠬᠤᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠤ ᠲᠤᠯᠭᠠᠭᠤᠷᠢᠯᠠᠯ ᠢ ᠬᠦᠴᠦᠯᠡᠨ ᠰᠠᠶᠢᠲᠤᠷ ᠠᠳᠬᠤᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠢ ᠬᠦᠴᠦᠯᠡᠨ ᠰᠠᠶᠢᠲᠤᠷ ᠠᠳᠬᠤᠵᠤ᠂ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠲᠠᠰᠤᠷᠠᠯᠲᠠ ᠥᠬᠡᠶ ᠴᠢᠩᠭᠠᠳᠬᠠᠵᠤ᠂ ᠵᠣᠬᠢᠶᠠᠨ ᠪᠠᠶᠢᠭᠤᠯᠵᠤ ᠬᠥᠭᠵᠢᠭᠦᠯᠦᠨ ᠮᠠᠨᠳᠤᠭᠤᠯᠬᠤ ᠪᠠᠷ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ᠂ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠂ ᠰᠣᠶᠣᠯ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠶ ᠶᠢ ᠬᠥᠭᠵᠢᠭᠦᠯᠦᠨ ᠮᠠᠨᠳᠤᠭᠤᠯᠬᠤ ᠶᠢ ᠦᠨᠡᠨ ᠬᠦ ᠳᠠᠶᠢᠴᠢᠯᠠᠬᠤ ᠬᠡᠷᠡᠭᠲᠡᠶ᠃ ᠨᠠᠮ ᠤᠨ ᠪᠠᠶᠢᠭᠤᠯᠤᠯᠲᠠ ᠶᠢ ᠠᠳᠬᠤᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠠᠬᠢᠭᠤᠯᠤᠬᠰᠠᠨ ᠲᠤᠷᠰᠢᠯᠭ᠎ᠠ ᠶᠢ ᠰᠠᠶᠢᠳᠤᠷ ᠳ᠋ᠦᠩᠨᠡᠵᠤ ᠰᠠᠶᠢᠲᠤᠷ ᠬᠡᠷᠡᠭᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠵᠤ᠂ ᠠᠵᠢᠯ ᠢ ᠠᠬᠢᠭᠤᠯᠬᠤ᠂ ᠱᠠᠯᠠᠪᠳᠠᠭᠤᠯᠤᠨ ᠪᠠᠶᠢᠴᠠᠭᠠᠵᠤ ᠰᠢᠯᠭᠠᠨ ᠦᠨᠡᠯᠡᠬᠦ᠂ ᠦᠷ᠎ᠡ ᠪᠦᠲᠦᠮᠵᠢ ᠶᠢ ᠮᠥᠷᠳᠡᠨ ᠪᠠᠶᠢᠴᠠᠭᠠᠬᠤ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠲᠠᠪᠤᠨ ᠱᠠᠲᠤᠨ ᠤ ᠱᠦᠵᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠳᠬᠤᠬᠤ ᠶᠢ ᠬᠦᠴᠦᠲᠡᠶ ᠠᠬᠢᠭᠤᠯᠵᠤ᠂ ᠢᠯᠠᠩᠭᠤᠶ᠎ᠠ ᠬᠤᠰᠢᠭᠤ ᠰᠢᠶᠠᠨ ᠤ ᠨᠠᠮ ᠤᠨ ᠬᠤᠷᠢᠶᠠᠨ ᠤ ᠱᠦᠵᠢ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ ᠬᠦᠴᠦᠷᠬᠡᠭᠵᠢᠭᠦᠯᠵᠦ᠂ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠦᠨ᠂ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ ᠪᠠᠭ ᠢᠯᠠᠩᠭᠤᠶ᠎ᠠ ᠳᠠᠭᠠᠭᠤᠯᠤᠭᠴᠢ ᠶᠢᠨ ᠡᠩᠨᠡᠭᠡ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠦᠨᠳᠦᠰᠦᠨ ᠱᠠᠲᠤᠨ ᠤ ᠺᠠᠳ᠋ᠷ ᠢ ᠦᠨᠡᠨ ᠰᠡᠳᠬᠢᠯ ᠠᠴᠠ ᠪᠠᠨ ᠬᠠᠯᠠᠮᠵᠢᠯᠠᠨ ᠬᠠᠶᠢᠷᠠᠯᠠᠵᠤ᠂ ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠤᠨ ᠦᠨᠳᠦᠰᠦ ᠭᠦᠨ ᠰᠠᠭᠤᠷᠢ ᠪᠠᠲᠤ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠬᠥᠳᠡᠭᠡ ᠲᠣᠰᠬᠤᠨ ᠤ ᠬᠥᠭᠵᠢᠯᠲᠡ ᠶᠢᠨ ᠵᠢᠮ᠎ᠡ ᠶᠣᠰᠣ ᠶᠢ ᠵᠢᠷᠤᠮᠯᠠᠵᠤ᠂ ᠮᠠᠯᠴᠢᠨ ᠲᠠᠷᠢᠶᠠᠴᠢᠨ ᠤ ᠬᠦᠰᠡᠯ ᠰᠠᠨᠠᠭ᠎ᠠ ᠶᠢ ᠬᠦᠨᠳᠦᠳᠬᠡᠵᠦ᠂ ᠠᠯᠢᠪᠠ ᠪᠦᠬᠦᠨ ᠳᠤ ᠪᠣᠳᠠᠲᠠᠢ ᠠᠴᠠ ᠡᠭᠦᠰᠬᠦ ᠶᠢ ᠪᠠᠷᠢᠮᠲᠠᠯᠠᠵᠤ᠂ ᠡᠯ᠎ᠡ ᠵᠦᠢᠯ ᠤᠨ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠠᠰᠠᠭᠤᠳᠠᠯ ᠢ ᠡᠷᠡᠰ ᠵᠠᠯᠠᠷᠠᠭᠤᠯᠤᠨ ᠵᠠᠰᠠᠵᠤ᠂ ᠪᠤᠰᠢᠭᠤ ᠰᠢᠭᠤᠷᠬᠠᠢ ᠰᠤᠷᠲᠠᠯ ᠪᠤᠯᠤᠨ ᠴᠥᠬᠦᠷᠡᠰᠢ ᠦᠭᠡᠢ ᠴᠢᠷᠮᠠᠶᠢᠬᠤ ᠡᠷᠴᠢ ᠵᠣᠷᠢᠭ ᠢ ᠦᠨᠡᠨ ᠬᠦ ᠤᠶᠠᠯᠳᠤᠭᠤᠯᠵᠤ᠂ ᠠᠯᠬᠤᠮ ᠠᠯᠬᠤᠮ ᠢᠶᠠᠷ ᠮᠠᠨ ᠤ ᠣᠷᠣᠨ ᠤ ᠮᠠᠯ ᠠᠵᠤ ᠠᠬᠤᠢ ᠲᠠᠷᠢᠶᠠᠯᠠᠩ ᠢ ᠬᠦᠴᠦᠷᠬᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠢ ᠦᠵᠡᠰᠬᠦᠯᠡᠩᠲᠦ ᠰᠠᠶᠢᠬᠠᠨ ᠪᠣᠯᠭᠠᠵᠤ᠂ ᠮᠠᠯᠴᠢᠨ ᠲᠠᠷᠢᠶᠠᠴᠢᠨ ᠢ ᠪᠠᠶᠠᠵᠢᠭᠤᠯᠬᠤ ᠬᠡᠷᠡᠭᠲᠡᠢ ᠬᠡᠵᠤ ᠴᠢᠬᠤᠯᠠᠴᠢᠯᠠᠵᠠᠢ᠃        ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号