ᠥᠪᠥᠷ ᠮᠣᠩᠭᠤᠯ ᠤᠨ 8.6 ᠲᠦᠮᠡ ᠭᠠᠷᠤᠶ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠠᠵᠢᠯ ᠣᠯᠣᠭᠰᠠᠨ ᠪᠤᠶᠤ ᠠᠵᠢᠯ ᠤᠯᠬᠤ ᠬᠠᠨᠳᠤᠰᠢ ᠪᠠᠨ ᠨᠠᠶᠢᠳᠠᠪᠤᠷᠢᠵᠢᠭᠤᠯᠵᠠᠶ
ᠨᠡᠶᠢᠲᠡᠯᠡᠭᠰᠡᠨ ᠴᠠᠭ᠄
2021/8/24
           ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ 7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ ᠣᠷᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ 86810 ᠬᠥᠮᠦᠨ ᠠᠵᠢᠯ ᠣᠯᠣᠭᠰᠠᠨ ᠪᠤᠶᠤ ᠠᠵᠢᠯ ᠣᠯᠬᠤ ᠬᠠᠨᠳᠤᠰᠢ ᠪᠠᠨ ᠨᠠᠶᠢᠳᠠᠪᠤᠷᠢᠵᠢᠭᠤᠯᠵᠤ᠂ ᠣᠨ ᠤ ᠲᠥᠯᠥᠪᠯᠡᠭᠡ ᠶᠢᠨ ᠢᠶᠠᠨ 66.78% ᠶᠢ ᠪᠡᠶᠡᠯᠡᠭᠦᠯᠵᠡᠶ᠃        ᠥᠪᠥᠷ ᠮᠣᠩᠭᠤᠯ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠯᠲᠠ ᠶᠢ ᠠᠬᠢᠭᠤᠯᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ︽2021 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠲᠦᠷᠦ ᠶᠢᠨ ᠪᠤᠳᠤᠯᠭ᠎ᠠ ᠶᠢᠨ ᠲᠤᠯᠭᠠᠭᠤᠷᠢᠯᠠᠯ ᠢ ᠴᠢᠩᠭᠠᠳᠬᠠᠬᠤ᠂ ᠠᠵᠢᠯ ᠣᠯᠬᠤ ᠵᠠᠮ ᠢ ᠥᠷᠭᠡᠳᠬᠡᠬᠦ ᠂ ᠠᠳᠠᠯ ᠦᠢᠯᠡᠰ ᠴᠣᠭᠴᠠᠯᠠᠬᠤ ᠶᠢ ᠬᠥᠲᠥᠯᠥᠨ ᠳᠠᠭᠠᠭᠤᠯᠬᠤ ᠶᠢ ᠭᠦᠨᠵᠡᠭᠡᠶᠢᠷᠡᠭᠦᠯᠬᠦ᠂ ᠡᠯᠰᠡᠯᠲᠡ ᠶᠢᠨ ᠦᠢᠯᠡᠴᠢᠯᠡᠭᠡ ᠶᠢ ᠪᠦᠷᠢᠨᠰᠢᠬᠦᠯᠬᠦ᠂ ᠠᠵᠢᠯ ᠣᠯᠭᠤᠯᠲᠠ ᠶᠢᠨ ᠳᠠᠳᠤᠯᠭ᠎ᠠ ᠶᠢ ᠠᠬᠢᠭᠤᠯᠬᠤ᠂ ᠦᠨᠡᠨ ᠨᠡᠷ᠎ᠡ ᠪᠠᠷ ᠦᠢᠯᠡᠴᠢᠯᠡᠬᠦ ᠶᠢ ᠰᠠᠶᠢᠲᠤᠷ ᠬᠢᠬᠦ᠂ ᠭᠤᠣᠯᠳᠠᠯᠭ᠎ᠠ ᠲᠠᠢ ᠡᠲᠡᠭᠡᠳ ᠢ ᠬᠠᠪᠰᠤᠷᠤᠨ ᠲᠡᠳᠬᠦᠬᠦ᠂ ᠠᠵᠢᠯ ᠣᠯᠭᠤᠯᠲᠠ ᠶᠢᠨ ᠡᠷᠬᠡ ᠠᠰᠢᠭ ᠢ ᠬᠠᠮᠠᠭᠠᠯᠠᠬᠤ ︽1+7︾ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠤᠯᠠᠨ ᠠᠷᠭ᠎ᠠ ᠪᠠᠷ ᠠᠬᠢᠭᠤᠯᠪᠠ᠃ ᠲᠦᠷᠦ ᠶᠢᠨ ᠪᠤᠳᠤᠯᠭ᠎ᠠ ᠶᠢᠨ ᠴᠢᠨᠠᠷᠲᠠᠶ ᠪᠠᠷ ᠠᠵᠢᠯ ᠣᠯᠭᠤᠯᠲᠠ ᠶᠢ ᠨᠢᠭᠡᠳᠦᠯᠲᠡᠶ ᠲᠥᠯᠥᠪᠯᠡᠬᠦ ᠪᠠ ᠵᠠᠬ᠎ᠠ ᠳᠡᠯᠭᠡᠭᠦᠷ ᠢᠶᠠᠷ ᠠᠵᠢᠯ ᠣᠯᠭᠤᠯᠲᠠ ᠶᠢ ᠠᠬᠢᠭᠤᠯᠬᠤ ᠲᠥᠯᠥᠪᠯᠡᠭᠡ ᠶᠢ ᠬᠡᠷᠡᠭᠵᠢᠭᠦᠯᠵᠦ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠯᠰᠡᠯᠲᠡ ᠶᠢᠨ ᠬᠡᠪᠴᠢᠶ᠎ᠡ ᠶᠢ ᠥᠷᠭᠡᠳᠬᠡᠵᠦ᠂ ᠠᠰᠫᠢᠷᠠᠨᠲ ᠰᠢᠯᠭᠠᠭᠤᠯᠵᠤ ᠰᠤᠷᠭᠠᠭᠤᠯᠢ ᠳᠡᠪᠰᠢᠬᠦ᠂ ᠴᠡᠷᠢᠭ ᠤᠨ ᠠᠯᠪᠠ ᠬᠠᠭᠠᠬᠤ ᠬᠠᠷᠢᠴᠠᠯ ᠢ ᠳᠡᠭᠡᠭᠰᠢᠯᠡᠭᠦᠯᠪᠡ᠃ ᠡᠭᠦᠨ ᠤ ᠬᠠᠮᠲᠤ᠂ ᠠᠵᠢᠯ ᠣᠯᠭᠤᠯᠲᠠ ᠶᠢᠨ ᠰᠢᠨ᠎ᠡ ᠬᠡᠯᠪᠡᠷᠢ ᠪᠠᠶᠢᠳᠠᠯ ᠪᠠ ᠠᠷᠭ᠎ᠠ ᠵᠠᠮ ᠢ ᠥᠷᠭᠡᠳᠬᠡᠵᠦ᠂ ᠡᠳᠦᠷ ᠤᠨ ᠬᠦᠴᠦᠨ ᠤ ᠵᠠᠬ᠎ᠠ ᠳᠡᠯᠭᠡᠭᠦᠷ᠂ ᠲᠠᠪᠴᠠᠩ ᠢᠶᠠᠷ ᠠᠵᠢᠯ ᠣᠯᠭᠤᠬᠤ ᠶᠢ ᠲᠡᠳᠬᠦᠨ ᠳᠡᠮᠵᠢᠵᠦ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠮᠢᠳᠤᠯᠢᠭ ᠢᠶᠠᠷ ᠠᠵᠢᠯ ᠣᠯᠬᠤ ᠶᠢ ᠲᠡᠳᠬᠦᠪᠡ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠶᠡᠭᠡ ᠳᠤᠮᠳᠠ ᠬᠤᠲᠠ ᠬᠠᠮᠲᠤᠷᠠᠨ ᠡᠯᠰᠡᠬᠦ᠂ ᠰᠦᠯᠵᠢᠶ᠎ᠡ ᠪᠠᠷ ᠲᠤᠰᠬᠠᠶᠢᠯᠠᠨ ᠡᠯᠰᠡᠬᠦ ᠠᠵᠢᠯᠯᠠᠭ᠎ᠠ ᠵᠡᠷᠭᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠦᠯᠵᠢᠶᠡᠨ ᠳᠡᠭᠡᠷᠡᠬᠢ ᠰᠦᠯᠵᠢᠶᠡᠨ ᠭᠠᠳᠠᠨᠠᠬᠢ ᠪᠠ ᠠᠶᠢᠮᠠᠭ ᠬᠤᠲᠠ ᠲᠠᠢ ᠬᠤᠯᠪᠣᠭᠠᠯᠠᠨ ᠬᠥᠳᠡᠯᠦᠯᠴᠡᠬᠦ ᠠᠷᠭ᠎ᠠ ᠪᠠᠷ ᠪᠥᠬᠦ ᠲᠠᠯ᠎ᠠ ᠶᠢᠨ ᠠᠵᠢᠯ ᠣᠯᠭᠤᠯᠲᠠ ᠶᠢᠨ ᠬᠠᠩᠭᠠᠯᠭ᠎ᠠ ᠬᠡᠷᠡᠭᠴᠡᠭᠡ ᠶᠢᠨ ᠦᠢᠯᠡᠴᠢᠯᠡᠭᠡ ᠬᠠᠩᠭᠠᠪᠠ᠃ ᠠᠳᠠᠯ ᠦᠢᠯᠡᠰ ᠴᠣᠭᠴᠠᠯᠠᠬᠤ ᠰᠠᠨᠠᠭ᠎ᠠ ᠲᠠᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠴᠢᠭᠯᠡᠭᠦᠯᠬᠦ ᠴᠢᠨᠠᠷᠲᠠᠶ ᠠᠳᠠᠯ ᠦᠢᠯᠡᠰ ᠴᠣᠭᠴᠠᠯᠠᠬᠤ ᠪᠣᠯᠪᠠᠰᠤᠷᠠᠯ ᠢ ᠥᠷᠨᠢᠭᠦᠯᠵᠦ᠂ ᠠᠳᠠᠯ ᠦᠢᠯᠡᠰ ᠴᠣᠭᠴᠠᠯᠠᠬᠤ ᠭᠠᠵᠠᠷ ᠲᠠᠯᠠᠪᠤᠷ ᠤᠨ ᠳᠡᠮᠵᠢᠯᠭᠡ᠂ ᠭᠠᠶᠢᠯᠢ ᠰᠦᠢᠳᠬᠡᠯ ᠢ ᠬᠠᠰᠤᠵᠤ ᠭᠡᠯᠳᠦᠷᠢᠭᠦᠯᠬᠦ᠂ ᠠᠳᠠᠯ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠣᠯᠭᠤᠬᠤ ᠵᠡᠷᠭᠡ ᠲᠡᠳᠬᠦᠬᠦ ᠲᠥᠷᠥ ᠶᠢᠨ ᠪᠣᠳᠣᠯᠭ᠎ᠠ ᠶᠢ ᠬᠦᠷᠲᠡᠭᠡᠵᠡᠢ᠃ ᠡᠭᠦᠨ ᠤ ᠬᠠᠮᠲᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠰᠤᠷᠭᠠᠭᠤᠯᠢ ᠠᠴᠠ ᠪᠠᠨ ᠰᠠᠯᠤᠭᠰᠠᠨ ᠤ ᠳᠠᠷᠠᠭᠠᠬᠢ ᠦᠢᠯᠡᠴᠢᠯᠡᠭᠡᠨ ᠤ ᠵᠣᠯᠭᠠᠯᠲᠠ ᠶᠢ ᠰᠠᠶᠢᠲᠤᠷ ᠬᠢᠵᠦ᠂ ᠬᠠᠨᠳᠤᠯᠭᠠᠲᠤ ᠴᠢᠨᠠᠷᠲᠠᠶ ᠪᠠᠷ ᠠᠵᠢᠯ ᠣᠯᠭᠤᠯᠲᠠ ᠶᠢ ᠮᠥᠷᠳᠡᠬᠦ ᠦᠢᠯᠡᠴᠢᠯᠡᠭᠡ ᠪᠠ ᠬᠠᠪᠰᠤᠷᠤᠨ ᠲᠡᠳᠬᠦᠬᠦ ᠠᠵᠢᠯ ᠢ ᠥᠷᠨᠢᠭᠦᠯᠪᠡ᠃        7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠳᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠵᠢᠯᠲᠠᠨ ᠡᠯᠰᠡᠬᠦ ᠴᠤᠭᠯᠠᠭᠠᠨ ᠢ 146 ᠤᠳᠠᠭ᠎ᠠ ᠡᠷᠬᠢᠯᠡᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ 3.1 ᠲᠦᠮᠡᠨ ᠬᠥᠮᠦᠨ ᠠᠵᠢᠯ ᠣᠯᠭᠤᠬᠤ ᠰᠠᠨᠠᠮᠵᠢ ᠪᠠᠨ ᠲᠣᠭᠲᠠᠭᠠᠪᠠ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ 12440 ᠬᠥᠮᠦᠨ ᠠᠳᠠᠯ ᠦᠢᠯᠡᠰ ᠴᠣᠭᠴᠠᠯᠠᠬᠤ ᠪᠣᠯᠪᠠᠰᠤᠷᠠᠯ ᠳᠤ ᠣᠷᠣᠯᠴᠠᠵᠤ᠂ 8425 ᠲᠦᠮᠡᠨ ᠲᠥᠭᠦᠷᠢᠭ ᠤᠨ ᠠᠳᠠᠯ ᠦᠢᠯᠡᠰ ᠴᠣᠭᠴᠠᠯᠠᠬᠤ ᠵᠢᠭᠡᠯᠡᠯᠭᠡ ᠲᠠᠯᠪᠢᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号