2021 ᠣᠨ ᠤ ᠪᠥᠬᠦ ᠤᠯᠤᠰ ᠤᠨ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢᠨ ᠥᠪᠥᠷ ᠮᠣᠩᠭᠤᠯ ᠳᠠᠬᠢ ᠡᠬᠢᠯᠡᠯᠲᠡ ᠶᠢᠨ ᠶᠣᠰᠣᠯᠠᠯ ᠬᠥᠬᠡᠬᠤᠲᠠ ᠳᠤ ᠶᠠᠪᠤᠭᠳᠠᠪᠠ ᠵᠠᠩ ᠱᠤᠤ ᠴᠦᠨ ᠡᠬᠢᠯᠡᠯᠳᠡ ᠶᠢᠨ ᠶᠤᠰᠤᠯᠠᠯ ᠳᠤ ᠤᠷᠤᠯᠴᠠᠵᠠᠢ
ᠨᠡᠶᠢᠲᠡᠯᠡᠭᠰᠡᠨ ᠴᠠᠭ᠄
2021/8/24
           8 ᠰᠠᠷ᠎ᠠ ᠶᠢᠨ 23 ᠤ ᠡᠳᠦᠷ᠂ ᠪᠥᠬᠦ ᠤᠯᠤᠰ ᠤᠨ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢᠨ ᠥᠪᠥᠷ ᠮᠣᠩᠭᠤᠯ ᠳᠠᠬᠢ ᠡᠬᠢᠯᠡᠯᠲᠡ ᠶᠢᠨ ᠶᠣᠰᠣᠯᠠᠯ ᠬᠥᠬᠡᠬᠤᠲᠠ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠠᠵᠢᠯᠯᠠᠭ᠎ᠠ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠡᠢ᠃        ᠵᠠᠩ ᠱᠤᠤ ᠴᠦᠨ᠂ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠳᠦᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠨᠢ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠤᠨ ᠲᠤᠭᠤᠰᠢᠯᠠᠭᠤᠯᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠰᠠᠶᠢᠲᠤᠷ ᠵᠠᠮᠨᠠᠵᠤ᠂ ᠪᠦᠬᠦ ᠨᠡᠶᠢᠭᠡᠮ ᠳᠤ ᠪᠣᠬᠢᠷᠲᠤᠯ ᠦᠭᠡᠢ ᠬᠥᠭᠵᠢᠯᠲᠡ ᠶᠢᠨ ᠠᠷᠭ᠎ᠠ ᠬᠡᠯᠪᠡᠷᠢ ᠪᠤᠯᠤᠨ ᠠᠮᠢᠳᠤᠷᠠᠯ ᠤᠨ ᠠᠷᠭ᠎ᠠ ᠬᠡᠯᠪᠡᠷᠢ ᠶᠢᠨ ᠪᠦᠷᠢᠯᠳᠦᠬᠦ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠣᠶᠢᠷ᠎ᠠ ᠶᠢᠨ ᠵᠢᠯ ᠤᠳ ᠲᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠭᠤᠶᠢᠪᠢᠰᠢ ᠥᠬᠡᠶ ᠲᠤᠭᠤᠰᠢᠯᠠᠭᠤᠯᠵᠤ᠂ ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠠᠵᠤ ᠦᠶ᠋ᠯᠡᠰ ᠤᠨ ᠪᠦᠲᠦᠴᠡ᠂ ᠦᠶ᠋ᠯᠡᠳᠪᠦᠷᠢᠯᠡᠯ ᠤᠨ ᠠᠷᠭ᠎ᠠ ᠬᠡᠯᠪᠡᠷᠢ᠂ ᠠᠮᠢᠳᠤᠷᠠᠯ ᠤᠨ ᠠᠷᠭ᠎ᠠ ᠬᠡᠯᠪᠡᠷᠢ᠂ ᠣᠷᠣᠨ ᠵᠠᠶ ᠶᠢᠨ ᠪᠠᠶᠢᠷᠢᠰᠢᠯ ᠢ ᠱᠠᠯᠠᠪᠳᠠᠨ ᠪᠠᠶᠢᠭᠤᠯᠵᠤ᠂ ᠢᠳᠡᠪᠬᠢ ᠦᠷ᠎ᠡ ᠪᠦᠲᠦᠮᠵᠢ ᠤᠯᠪᠠ᠃ ᠨᠡᠶᠢᠭᠡᠮ ᠤᠨ ᠡᠯ᠎ᠡ ᠡᠲᠡᠭᠡᠳ ᠤᠨ ᠬᠢᠨ ᠪᠣᠬᠢᠷᠲᠤᠯ ᠥᠬᠡᠶ ᠡᠷᠬᠢᠯᠳᠡᠳᠤ ᠪᠠᠭ᠎ᠠ ᠨᠡᠭᠦᠷᠡᠰᠦᠲᠥ᠋ᠷᠥᠭᠴᠢᠳᠤ ᠬᠥᠭᠵᠢᠯᠲᠡ ᠶᠢ ᠨᠠᠩ ᠤᠬᠠᠮᠰᠠᠷ ᠠᠴᠠ ᠪᠠᠨ ᠠᠬᠢᠭᠤᠯᠵᠤ᠂ ᠡᠬᠢ ᠪᠠᠶᠠᠯᠢᠭ ᠢ ᠠᠷᠪᠢᠯᠠᠬᠤ᠂ ᠣᠷᠴᠢᠨ ᠲᠣᠭᠤᠷᠢᠨ ᠳᠤ ᠨᠥᠬᠦᠷᠰᠡᠭ ᠪᠠᠶᠢᠬᠤ ᠶᠢ ᠠᠮᠢᠳᠤᠷᠠᠯ ᠤᠨ ᠭᠤᠤᠯ ᠠᠷᠭ᠎ᠠ ᠬᠡᠯᠪᠡᠷᠢ ᠪᠠᠨ ᠪᠣᠯᠭᠠᠨ᠂ ᠪᠣᠳᠠᠲᠤ ᠠᠵᠢᠯᠯᠠᠭ᠎ᠠ ᠪᠠᠷ ᠢᠶᠠᠨ ᠡᠬᠡ ᠤᠯᠤᠰ ᠤᠨ ᠤᠮᠠᠷᠠᠲᠤ ᠶᠢᠨ ᠡᠨᠡ ᠬᠦ ᠦᠵᠡᠮᠵᠢ ᠶᠢᠨ ᠣᠷᠣᠨ ᠢᠶᠠᠨ ᠨᠠᠩ ᠦᠵᠡᠰᠬᠦᠯᠡᠩᠲᠦ ᠰᠠᠶᠢᠬᠠᠨ ᠪᠣᠯᠭᠠᠨ ᠪᠥᠲᠥᠭᠡᠨ ᠪᠠᠶᠢᠭᠤᠯᠵᠤ᠂ ᠪᠣᠬᠢᠷᠲᠤᠯ ᠥᠬᠡᠶ ᠬᠥᠭᠵᠢᠯᠲᠡ ᠶᠢ ᠦᠨᠡᠨ ᠬᠦ ᠥᠪᠥᠷ ᠮᠣᠩᠭᠤᠯ ᠤᠨ ᠦᠪᠡᠷᠮᠢᠴᠡ ᠲᠠᠪᠠᠭᠤᠯᠢᠭ ᠪᠠ ᠨᠡᠷ᠎ᠡ ᠶᠢᠨ ᠬᠠᠭᠤᠳᠠᠰᠤ ᠪᠣᠯᠭᠠᠬᠤ ᠬᠡᠷᠡᠭᠲᠡᠶ ᠬᠡᠵᠤ ᠵᠢᠭᠠᠵᠤ ᠭᠠᠷᠭᠠᠪᠠ᠃        ᠣᠶᠢᠯᠠᠭᠠᠭᠰᠠᠨ ᠢᠶᠠᠷ᠂ ᠲᠣᠰ ᠤᠳᠠᠭ᠎ᠠ ᠶᠢᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠨᠢ ︽ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠲᠤᠯ ᠥᠬᠡᠶ ᠬᠥᠭᠵᠢᠭᠦᠯᠬᠦ︾ ᠪᠠᠷ ᠭᠤᠤᠯ ᠰᠡᠳᠦᠪ ᠪᠣᠯᠭᠠᠵᠤ᠂ 8 ᠰᠠᠷ᠎ᠠ ᠶᠢᠨ 25 ᠤ ᠡᠳᠦᠷ ᠤᠨ ᠪᠥᠬᠦ ᠤᠯᠤᠰ ᠤᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠳᠦᠷ ᠲᠤ ᠪᠠᠰᠠ ︽ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ᠂ ᠪᠤᠬᠢᠷᠳᠦᠯ ᠦᠭᠡᠢ ᠢᠷᠡᠭᠡᠳᠦᠶ︾ ᠪᠠᠷ ᠭᠤᠤᠯ ᠰᠡᠳᠦᠪ ᠪᠤᠯᠭᠠᠨ ᠲᠥᠪᠯᠡᠷᠡᠭᠦᠯᠦᠭᠰᠡᠨ ᠤᠬᠠᠭᠤᠯᠭ᠎ᠠ ᠪᠠ ᠳᠡᠯᠭᠡᠨ ᠦᠵᠡᠭᠦᠯᠭᠡ ᠶᠢ ᠡᠷᠬᠢᠯᠡᠨ ᠶᠠᠪᠤᠭᠳᠠᠭᠤᠯᠤᠨ᠎ᠠ᠃ ᠡᠨᠡ ᠬᠦ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠠᠴᠠ ᠪᠠᠶᠠᠯᠢᠭ ᠠᠭᠤᠯᠭ᠎ᠠ ᠲᠠᠢ᠂ ᠣᠯᠠᠨ ᠶᠠᠩᠵᠤ ᠶᠢᠨ ᠬᠡᠯᠪᠡᠷᠢ ᠪᠦᠬᠦᠢ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠶᠢ ᠪᠠᠭᠠᠰᠬᠠᠬᠤ ︽ᠡᠭᠦᠯᠡᠨ︾ ᠳᠡᠭᠡᠷᠡᠬᠢ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠶᠢ ᠪᠠᠭᠠᠰᠬᠠᠬᠤ ᠰᠠᠶᠢᠨ ᠰᠠᠶᠢᠬᠠᠨ ᠣᠷᠴᠢᠨ ᠠᠬᠤᠶ ᠶᠢ ᠤᠯᠠᠮ ᠨᠢᠭᠡ ᠠᠯᠬᠤᠮ ᠪᠣᠶ ᠪᠣᠯᠭᠠᠬᠤ ᠪᠣᠯᠤᠨ᠎ᠠ᠃        ᠪᠥᠬᠦ ᠣᠷᠣᠨ ᠤ 12 ᠠᠶᠢᠮᠠᠭ ᠬᠤᠲᠠ ᠶᠢᠨ ᠬᠢᠨ ᠸᠢᠳᠢᠣ᠋ ᠶᠢᠨ ᠬᠡᠯᠪᠡᠷᠢ ᠪᠠᠷ ᠠᠵᠢᠯᠯᠠᠭ᠎ᠠ ᠳᠤ ᠣᠷᠣᠯᠴᠠᠪᠠ
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号