ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2021 ᠣᠨ ᠤ ᠠᠷᠪᠠᠨ ᠨᠢᠭᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠵᠦ ᠶᠡᠷᠦᠩᠬᠡᠢ ᠱᠦᠵᠢ ᠰᠢ ᠶᠢᠨ ᠫᠢᠩ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2021/8/25
           8 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2021 ᠣᠨ ᠤ ᠠᠷᠪᠠᠨ ᠨᠢᠭᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠠᠮᠲᠤ ᠶᠢᠨ ᠰᠤᠷᠤᠯᠴᠠᠯᠭ᠎ᠠ ᠶᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃        ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ ᠸᠠᠩ ᠯᠢ ᠰᠢᠶᠠ᠂ ᠯᠢ ᠰᠢᠤ ᠯᠢᠩ᠂ ᠯᠢᠨ ᠱᠤᠤ ᠴᠦᠨ᠂ ᠯᠢᠦ ᠴᠢ ᠹᠠᠨ᠂ ᠮᠧᠩ ᠹᠠᠨ ᠯᠢ᠂ ᠵᠠᠩ ᠱᠤᠤ ᠴᠦᠨ᠂ ᠳ᠋ᠤᠸᠠᠨ ᡁᠢ ᠴᠢᠶᠠᠩ᠂ ᠵᠧᠩ ᠬᠤᠩ ᠹᠠᠨ᠂ ᠳ᠋ᠢᠩ ᠰᠢᠤ ᠹᠧᠩ᠂ ᠮᠠ ᠴᠢᠩ ᠯᠸᠢ᠂ ᠨᠠᠰᠤᠨᠮᠦ᠋ᠡᠭᠭᠡ ᠤᠷᠢᠳ ᠬᠤᠵᠢᠳ ᠦᠭᠡ ᠬᠡᠯᠡᠵᠦ᠂ ᠪᠤᠰᠤᠳ ᠨᠥᠬᠦᠳ ᠪᠢᠴᠢᠭ ᠤᠨ ᠬᠡᠯᠪᠡᠷᠢ ᠪᠠᠷ ᠶᠠᠷᠢᠶ᠎ᠠ ᠲᠠᠯᠪᠢᠬᠤ ᠮᠠᠲ᠋ᠧᠷᠢᠶᠠᠯ ᠢᠶᠠᠨ ᠳᠡᠪᠰᠢᠭᠦᠯᠪᠡ᠃ ᠤᠯᠠᠨ ᠢᠶᠠᠷ ᠢᠶᠠᠨ ᠭᠤᠣᠯ ᠰᠡᠳᠦᠪ ᠤᠨ ᠲᠣᠭᠤᠷᠢᠨ ᠳᠤ ᠭᠦᠨᠵᠡᠭᠡᠢ ᠰᠣᠯᠢᠯᠴᠠᠵᠤ᠂ ᠦᠵᠡᠯ ᠰᠠᠨᠠᠭ᠎ᠠ ᠪᠠ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ ᠲᠤᠷᠰᠢᠯᠭ᠎ᠠ ᠰᠤᠷᠭᠠᠮᠵᠢ ᠪᠠᠨ ᠳ᠋ᠦᠩᠨᠡᠵᠦ᠂ ᠠᠰᠠᠭᠤᠳᠠᠯ ᠢ ᠪᠠᠶᠢᠴᠠᠭᠠᠨ ᠵᠠᠳᠠᠯᠵᠤ᠂ ᠠᠷᠭᠠᠴᠠᠭᠠᠬᠤ ᠪᠤᠳᠤᠯᠭ᠎ᠠ ᠰᠠᠨᠠᠭᠤᠯᠭ᠎ᠠ ᠳᠤᠷᠠᠳᠴᠤ᠂ ᠶᠡᠷᠦᠩᠬᠡᠢ ᠱᠦᠵᠢ ᠰᠢ ᠶᠢᠨ ᠫᠢᠩ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠤᠢᠢᠯᠠᠭᠠᠨ ᠡᠵᠡᠮᠰᠢᠬᠦ ᠪᠠᠨ ᠴᠢᠨᠠᠭᠰᠢᠳᠠ ᠭᠦᠨᠵᠡᠭᠡᠶᠢᠷᠡᠭᠦᠯᠪᠡ᠃        ᠱᠢ ᠲᠠᠢ ᠹᠧᠩ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠪᠣᠯ ᠲᠦᠢᠯ ᠤᠨ ᠴᠢᠬᠤᠯᠠ ᠨᠢᠬᠡ ᠵᠦᠢᠯ ᠤᠨ ᠠᠵᠢᠯ ᠮᠥᠨ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠪᠣᠯ ᠮᠠᠨ ᠤ ᠨᠠᠮ ᠤᠨ ᠨᠢᠭᠡᠨ ᠰᠢᠯᠢᠳᠡᠭ ᠤᠯᠠᠮᠵᠢᠯᠠᠯ ᠪᠠ ᠢᠯᠡᠷᠬᠡᠢ ᠤᠯᠤᠰ ᠲᠥᠷᠥ ᠶᠢᠨ ᠳᠠᠪᠠᠭᠤᠯᠢᠭ ᠮᠥᠨ᠃ ᠪᠢᠳᠡ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠬᠡᠬᠦ ᠴᠢᠳᠠᠪᠤᠷᠢ ᠪᠠᠨ ᠦᠨᠡᠨ ᠬᠦ ᠳᠡᠬᠡᠭᠰᠢᠯᠡᠬᠦᠯᠵᠥ᠂ ᠶᠡᠷᠦᠩᠬᠡᠢ ᠱᠦᠵᠢ ᠰᠢ ᠶᠢᠨ ᠫᠢᠩ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠴᠥᠬᠦᠷᠡᠰᠢ ᠦᠭᠡᠢ ᠰᠤᠷᠤᠯᠴᠠᠨ ᠲᠤᠭᠤᠰᠢᠯᠠᠭᠤᠯᠵᠥ᠂ ᠲᠡᠬᠦᠨ ᠳᠤ ᠲᠤᠭᠤᠰᠢᠯᠠᠭᠳᠠᠵᠤ ᠪᠠᠶᠢᠭ᠎ᠠ ᠮᠠᠷᠺᠰ ᠤᠨ ᠦᠵᠡᠯ ᠤᠨ ᠵᠣᠭᠰᠣᠯᠲᠠ ᠦᠵᠡᠯᠲᠡ ᠠᠷᠭ᠎ᠠ ᠶᠢ ᠴᠢᠷᠮᠠᠶᠢᠨ ᠡᠵᠡᠮᠰᠢᠵᠥ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠦᠢᠯ ᠤᠨ ᠴᠢᠬᠤᠯᠠ ᠴᠢᠨᠠᠷ᠂ ᠪᠠᠶᠢᠳᠠᠯ ᠤᠨ ᠪᠤᠳᠤᠯᠢᠶᠠᠨᠲᠤ ᠴᠢᠨᠠᠷ᠂ ᠡᠭᠦᠷᠭᠡ ᠶᠢᠨ ᠬᠠᠲᠠᠭᠤᠵᠢᠯᠲᠤ ᠴᠢᠨᠠᠷ ᠤᠨ ᠳᠤᠬᠠᠢ ᠲᠠᠨᠢᠯᠲᠠ ᠪᠠᠨ ᠳᠠᠰᠤᠷᠠᠯᠳᠠ ᠦᠬᠡᠢ ᠬᠦᠨᠵᠡᠬᠡᠶᠢᠷᠡᠬᠦᠯᠵᠥ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠪᠠᠶᠢᠳᠠᠯ ᠤᠨ ᠬᠤᠪᠢᠷᠠᠯᠲᠠ ᠶᠢ ᠣᠨᠣᠪᠴᠢᠲᠠᠶ ᠡᠵᠡᠮᠳᠡᠵᠥ᠂ ᠦᠵᠡᠯ ᠤᠬᠠᠮᠰᠠᠷ ᠤᠨ ᠬᠡᠯᠪᠡᠷᠢ ᠶᠢᠨ ᠲᠠᠯ᠎ᠠ ᠠᠴᠠ ᠠᠰᠠᠭᠤᠳᠠᠯ ᠢ ᠰᠤᠳᠤᠯᠬᠤ᠂ ᠲᠦᠭᠰᠢᠭᠦᠷᠢ ᠶᠢ ᠰᠤᠳᠤᠯᠤᠨ ᠮᠠᠭᠠᠳᠯᠠᠬᠤ ᠳᠠᠭᠠᠨ ᠴᠢᠳᠠᠮᠠᠭᠠᠢ ᠪᠠᠶᠢᠬᠤ ᠬᠡᠷᠡᠭᠳᠡᠢ᠂ ᠭᠦᠨ ᠭᠠᠩᠭ᠎ᠠ ᠶᠢᠨ ᠬᠦᠪᠡᠬᠡᠨ ᠳᠤ ᠪᠠᠶᠢᠬᠤ ᠮᠡᠲᠦ᠂ ᠨᠢᠮᠭᠡᠨ ᠮᠥᠰᠥᠨ ᠳᠡᠭᠡᠷ᠎ᠡ ᠶᠠᠪᠤᠵᠥ ᠪᠠᠶᠢᠬᠤ ᠰᠢᠬ ᠪᠤᠯᠭᠤᠮᠵᠢᠯᠠᠨ ᠬᠢᠴᠢᠶᠡᠬᠦ ᠪᠠ ᠤᠴᠢᠷ ᠶᠠᠪᠤᠳᠠᠯ ᠡᠬᠦᠰᠬᠦ ᠠᠴᠠ ᠡᠮᠤᠨ᠎ᠡ ᠤᠷᠢᠳᠴᠢᠯᠠᠨ ᠦᠷ᠎ᠡ ᠳ᠋ᠦᠩ ᠢ ᠮᠡᠳᠡᠬᠦ᠂ ᠡᠬᠦᠰᠬᠦ ᠠᠴᠠ ᠡᠮᠤᠨ᠎ᠡ ᠤᠷᠢᠳᠴᠢᠯᠠᠨ ᠰᠡᠷᠭᠡᠶᠢᠯᠡᠬᠦ ᠰᠡᠷᠬᠡᠭ ᠪᠠᠶᠢᠬᠤ ᠶᠢ ᠢᠮᠠᠬᠳᠠ ᠪᠠᠷᠢᠮᠳᠠᠯᠠᠵᠥ᠂ ᠤᠯᠤᠰ ᠲᠥᠷᠥ ᠶᠢᠨ ᠦᠨᠳᠦᠷᠴᠡ ᠠᠴᠠ᠂ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠠᠷ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠠᠶᠢᠲᠤᠷ ᠠᠳᠬᠤᠬᠤ ᠬᠡᠷᠡᠭᠲᠡᠶ ᠭᠡᠵᠥ ᠵᠢᠭᠠᠵᠥ ᠭᠠᠷᠭᠠᠪᠠ᠃        ᠱᠢ ᠲᠠᠢ ᠹᠧᠩ᠂ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠬᠠᠮᠠᠭᠠᠯᠠᠬᠤ ᠪᠠᠷ ᠭᠤᠤᠯᠳᠠᠯᠭ᠎ᠠ ᠪᠣᠯᠭᠠᠵᠤ᠂ ᠰᠢᠨ᠎ᠡ ᠪᠠᠶᠢᠳᠠᠯ ᠳᠤᠤᠷᠠᠬᠢ ᠦᠵᠡᠯ ᠤᠬᠠᠮᠰᠠᠷ ᠤᠨ ᠬᠡᠯᠪᠡᠷᠢ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠲᠡᠮᠡᠴᠡᠯ ᠤᠨ ᠰᠠᠨᠠᠭᠠᠴᠢᠯᠠᠭᠠᠲᠤ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠶ᠃ ᠭᠤᠣᠯ ᠦᠵᠡᠯ ᠤᠬᠠᠮᠰᠠᠷ ᠤᠨ ᠬᠡᠯᠪᠡᠷᠢ ᠶᠢᠨ ᠰᠦᠯᠵᠢᠶᠡᠨ ᠤ ᠦᠭᠡ ᠶᠠᠷᠢᠶ᠎ᠠ ᠶᠢ ᠬᠦᠳᠦᠯᠥᠨ ᠳᠠᠭᠠᠭᠤᠯᠬᠤ ᠬᠦᠴᠦᠨ ᠢ ᠬᠦᠴᠦᠯᠡᠨ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠶᠢ ᠱᠤᠭᠤᠬᠤ ᠶᠢ ᠪᠠᠷᠢᠮᠲᠠᠯᠠᠵᠤ᠂ ᠤᠨᠤᠯ ᠤᠨ ᠰᠦᠯᠵᠢᠶᠡᠨ ᠳᠡᠭᠡᠷᠡᠬᠢ ︽ᠬᠠᠩᠭᠠᠯᠭ᠎ᠠ ᠶᠢᠨ ᠬᠦᠴᠦᠨ︾ ᠪᠣᠯᠤᠨ ︽ᠲᠠᠶᠢᠯᠪᠤᠷᠢᠯᠠᠬᠤ ᠬᠦᠴᠦᠨ︾ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠡᠯ᠎ᠡ ᠲᠦᠷᠦᠯ ᠤᠨ ᠤᠬᠠᠭᠤᠯᠭ᠎ᠠ ᠶᠢᠨ ᠦᠨᠡᠨ ᠬᠦ ᠨᠥᠯᠥᠭᠡ ᠡᠬᠦᠰᠬᠡᠵᠤ᠂ ᠬᠦᠷᠢᠶᠡᠯᠡᠯ ᠢ ᠣᠯᠵᠤ᠂ ᠬᠠᠮᠲᠤ ᠶᠢᠨ ᠲᠤᠰᠬᠠᠯ ᠭᠠᠷᠭᠠᠬᠤ ᠶᠢ ᠪᠠᠲᠤᠯᠠᠵᠤ᠂ ᠮᠠᠷᠺᠰ ᠤᠨ ᠦᠵᠡᠯ ᠤᠨ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠵᠢᠯᠣᠭᠤᠳᠬᠤ ᠪᠠᠶᠢᠷᠢ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠬᠦ ᠬᠡᠷᠡᠭᠲᠡᠢ᠃ ᠭᠤᠣᠯ ᠵᠠᠭᠤᠴᠢᠯᠠᠭᠤᠷ ᠤᠨ ᠰᠦᠯᠵᠢᠶᠡᠨ ᠤ ᠶᠠᠷᠢᠶ᠎ᠠ ᠬᠡᠯᠡᠯᠴᠡᠭᠡ ᠶᠢ ᠬᠦᠳᠤᠯᠤᠨ ᠵᠢᠯᠤᠭᠤᠳᠬᠤ ᠬᠦᠴᠦᠨ ᠢ ᠬᠦᠴᠦᠯᠡᠨ ᠴᠢᠩᠭᠠᠳᠬᠠᠵᠤ᠂ ᠵᠥᠪ ᠤᠯᠤᠰ ᠲᠦᠷᠤ ᠶᠢᠨ ᠴᠢᠭᠯᠡᠯ᠂ ᠶᠠᠷᠢᠶ᠎ᠠ ᠬᠡᠯᠡᠯᠴᠡᠭᠡᠨ ᠤ ᠤᠳᠤᠷᠢᠳᠤᠮᠵᠢ᠂ ᠦᠷᠳᠡᠭ ᠤᠨ ᠬᠠᠨᠳᠤᠰᠢ ᠶᠢ ᠡᠷᠡᠰ ᠪᠠᠷᠢᠮᠲᠠᠯᠠᠵᠤ᠂ ᠳᠠᠮᠵᠢᠭᠤᠯᠭ᠎ᠠ ᠶᠢᠨ ᠠᠷᠭ᠎ᠠ ᠪᠠᠷᠢᠯ ᠪᠣᠯᠤᠨ ᠦᠭᠡ ᠬᠡᠯᠡᠬᠦ ᠬᠡᠯᠪᠡᠷᠢ ᠶᠢᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠰᠦᠯᠵᠢᠶᠡᠨ ᠤ ᠣᠷᠣᠨ ᠵᠠᠢ ᠳᠤ ᠢᠳᠡᠪᠬᠢᠲᠡᠢ ᠡᠷᠡᠭᠦᠯ ᠭᠤᠣᠯ ᠶᠠᠷᠢᠶ᠎ᠠ ᠬᠡᠯᠡᠯᠴᠡᠭᠡ ᠶᠢ ᠪᠦᠷᠢᠯᠳᠦᠭᠦᠯᠦᠨ ᠬᠥᠭᠵᠢᠭᠦᠯᠬᠦ ᠬᠡᠷᠡᠭᠲᠡᠢ᠃ ᠭᠤᠣᠯᠯᠠᠨ ᠬᠠᠮᠢᠶᠠᠷᠴᠤ ᠭᠤᠣᠯᠯᠠᠨ ᠡᠷᠬᠢᠯᠡᠬᠦ ᠪᠠ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠵᠠᠷᠴᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠦᠯᠵᠢᠶᠡᠨ ᠤ ᠵᠢᠭᠰᠠᠭᠠᠯ ᠤᠨ ᠭᠠᠵᠠᠷ ᠤᠨ ᠬᠠᠮᠢᠶᠠᠷᠤᠯᠲᠠ ᠶᠢᠨ ᠳᠤᠲᠠᠭᠤᠳᠠᠯ ᠢ ᠭᠤᠣᠯᠳᠠᠯᠭ᠎ᠠ ᠲᠠᠢ ᠨᠥᠬᠦᠪᠥᠷᠢᠯᠡᠵᠦ᠂ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠤ ︽ᠬᠠᠮᠠᠭᠠᠯᠠᠯᠲᠠ ᠶᠢᠨ ᠲᠣᠣᠷ︾ ᠢ ᠨᠢᠭᠲᠠ ᠪᠥᠭᠡᠳ ᠪᠠᠲᠤ ᠰᠦᠯᠵᠢᠵᠦ᠂ ︽ᠱᠠᠯᠢᠭ ᠵᠠᠪᠬᠠᠢ ᠵᠦᠢᠯ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠲᠡᠮᠡᠴᠡᠯ ᠢ ᠭᠦᠨᠵᠡᠭᠡᠢ ᠠᠬᠢᠭᠤᠯᠵᠤ᠂ ᠨᠡᠶᠢᠭᠡᠮ ᠤᠨ ᠰᠣᠶᠣᠯ ᠤᠨ ᠣᠷᠴᠢᠨ ᠲᠣᠭᠤᠷᠢᠨ ᠢ ᠦᠷᠭᠦᠯᠵᠢᠯᠡᠨ ᠴᠡᠪᠡᠷᠰᠢᠭᠦᠯᠬᠦ ᠬᠡᠷᠡᠭᠲᠡᠢ᠃ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠶᠤᠯ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠶᠢ ᠬᠦᠴᠦᠯᠡᠨ ᠴᠢᠩᠭᠠᠳᠬᠠᠵᠤ᠂ ᠺᠠᠳ᠋ᠷ ᠤᠨ ᠰᠦᠯᠵᠢᠶᠡᠨ ᠤ ᠠᠮᠤᠷ ᠲᠦᠪᠰᠢᠨ ᠤ ᠬᠥᠮᠦᠵᠢᠯ᠂ ᠪᠣᠯᠪᠠᠰᠤᠷᠠᠯ᠂ ᠰᠣᠷᠢᠯᠲᠠ ᠵᠡᠷᠭᠡ ᠠᠵᠢᠯ ᠤᠨ ᠰᠢᠰᠲ᠋ᠧᠮᠲᠦ ᠴᠢᠨᠠᠷ ᠢ ᠪᠠᠶᠢᠩᠭᠤ ᠠᠳᠬᠤᠵᠤ᠂ ᠡᠯ᠎ᠡ ᠱᠠᠲᠤᠨ ᠤ ᠤᠳᠤᠷᠢᠳᠬᠤ ᠺᠠᠳ᠋ᠷ ᠤᠨ ᠢᠳᠡᠪᠬᠢ ᠬᠦᠴᠦᠨ ᠢ ᠡᠵᠡᠮᠳᠡᠬᠦ ᠪᠣᠯ ᠶᠡᠷᠦᠩᠬᠡᠢ ᠱᠠᠭᠠᠷᠳᠠᠯᠭ᠎ᠠ᠂ ᠬᠠᠮᠢᠶᠠᠷᠴᠤ ᠳᠡᠶᠢᠯᠬᠦ ᠪᠣᠯ ᠬᠠᠲᠠᠭᠤ ᠶᠣᠰᠣ᠂ ᠰᠠᠶᠢᠲᠤᠷ ᠬᠡᠷᠡᠭᠯᠡᠬᠦ ᠪᠣᠯ ᠵᠢᠩᠬᠢᠨᠢ ᠴᠢᠳᠠᠪᠤᠷᠢ ᠪᠤᠯᠬᠤ ᠶᠢ ᠳᠣᠲᠣᠭᠠᠳᠤ ᠰᠠᠨᠠᠭᠠᠴᠢᠯᠠᠭᠠᠲᠤ ᠴᠢᠨᠠᠷ ᠪᠠ ᠶᠡᠷᠦᠩᠬᠡᠶᠢᠯᠡᠭᠰᠡᠨ ᠴᠢᠳᠠᠪᠤᠷᠢ ᠪᠣᠯᠭᠠᠨ ᠬᠤᠪᠢᠷᠠᠭᠤᠯᠬᠤ ᠶᠢ ᠬᠥᠮᠦᠵᠢᠭᠦᠯᠵᠦ ᠬᠦᠲᠦᠯᠦᠨ ᠵᠢᠯᠣᠭᠤᠳᠬᠤ ᠬᠡᠷᠡᠭᠲᠡᠢ ᠭᠡᠵᠦ ᠴᠢᠬᠤᠯᠠᠴᠢᠯᠠᠪᠠ᠃        ᠱᠢ ᠲᠠᠢ ᠹᠧᠩ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠲᠣᠭᠤᠷᠢᠨ ᠳᠤ᠂ ᠦᠨᠳᠦᠰᠦᠲᠡᠨ ᠤ ᠬᠦᠷᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠠᠨᠳᠤᠯᠭᠠᠳᠤ ᠴᠢᠨᠠᠷᠲᠠᠢ ᠪᠠᠷ ᠴᠢᠩᠭᠠᠳᠬᠠᠨ ᠰᠠᠶᠢᠵᠢᠷᠠᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠬᠦ ᠬᠡᠷᠡᠭᠲᠡᠢ᠃ ᠮᠠᠨ ᠤ ᠣᠷᠣᠨ ᠤ ᠦᠨᠳᠦᠰᠦᠲᠡᠨ ᠤ ᠠᠵᠢᠯ ᠤᠨ ᠵᠢᠯᠣᠭᠤᠳᠬᠤ ᠦᠵᠡᠯ ᠰᠠᠨᠠᠭᠠᠨ ᠤ ᠬᠡᠯᠪᠡᠷᠢᠯ ᠵᠥᠷᠢᠶ᠎ᠡ ᠶᠢ ᠡᠷᠡᠰ ᠲᠦᠢᠯᠪᠤᠷᠢᠲᠠᠶ ᠵᠠᠯᠠᠷᠠᠭᠤᠯᠵᠤ᠂ ᠲᠥᠪ ᠤᠨ ᠵᠣᠷᠢᠭ ᠰᠠᠨᠠᠭ᠎ᠠ ᠪᠠᠷ ᠪᠠᠷᠢᠮᠵᠢᠶᠠᠯᠠᠨ ᠬᠠᠷᠭᠤᠭᠤᠯᠵᠤ ᠲᠣᠪᠤᠶᠢᠮ᠎ᠠ ᠠᠰᠠᠭᠤᠳᠠᠯ ᠢ ᠪᠥᠬᠦ ᠲᠠᠯ᠎ᠠ ᠪᠠᠷ ᠭᠦᠨᠵᠡᠭᠡᠶ ᠴᠡᠭᠴᠡᠯᠡᠨ ᠰᠠᠶᠢᠵᠢᠷᠠᠭᠤᠯᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠲᠤᠬᠠᠶ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠤᠬᠠᠭᠤᠯᠤᠨ ᠲᠤᠭᠤᠰᠢᠯᠠᠭᠤᠯᠵᠤ᠂ ᠥᠷᠭᠡᠨ ᠣᠯᠠᠨ ᠺᠠᠳ᠋ᠷ ᠣᠯᠠᠨ ᠲᠦᠮᠡᠨ ᠤ ᠪᠤᠷᠤᠭᠤ ᠲᠠᠨᠢᠯᠲᠠ ᠪᠠᠨ ᠴᠢᠨᠠᠭᠰᠢᠳᠠ ᠵᠠᠯᠠᠷᠠᠭᠤᠯᠵᠤ᠂ ᠪᠠᠯᠠᠷᠬᠠᠶ ᠲᠠᠨᠢᠯᠲᠠ ᠪᠠᠨ ᠲᠤᠩᠭᠠᠵᠤ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠬᠦ ᠶᠢ ᠬᠥᠮᠦᠵᠢᠭᠦᠯᠦᠨ ᠵᠢᠯᠣᠭᠤᠳᠬᠤ ᠬᠡᠷᠡᠭᠲᠡᠶ᠃ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠤᠨ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠲᠤᠬᠠᠢ ᠤᠬᠠᠭᠤᠯᠤᠨ ᠲᠠᠶᠢᠯᠪᠤᠷᠢᠯᠠᠬᠤ ᠶᠢ ᠲᠤᠪᠤᠶᠢᠮ᠎ᠠ ᠰᠠᠶᠢᠲᠤᠷ ᠠᠳᠬᠤᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠪᠠᠷ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠶᠢ ᠪᠠᠷᠢᠮᠲᠠᠯᠠᠵᠤ ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠵᠢᠴᠢ ᠬᠤᠯᠪᠣᠭᠳᠠᠯ ᠪᠦᠬᠦᠢ ᠢᠵᠢ ᠪᠦᠷᠢᠳᠦᠬᠦᠯᠬᠦ ᠥᠭᠡᠷᠡᠴᠢᠯᠡᠯᠲᠡ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠶᠡᠭᠡ ᠪᠠᠷ ᠪᠤᠢ ᠪᠣᠯᠭᠠᠵᠤ᠂ ᠥᠪᠥᠷ ᠮᠣᠩᠭᠤᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ ᠳᠤᠮᠳᠠᠳᠤ ᠶᠢᠨ ᠦᠨᠳᠦᠰᠦᠲᠡᠨ ᠤ ᠤᠯᠠᠨ ᠡᠰᠢᠲᠦ ᠨᠢᠭᠡ ᠴᠤᠬᠴᠠᠵᠢᠬᠰᠡᠨ ᠪᠠᠶᠢᠷᠢᠰᠢᠯ ᠢ ᠲᠣᠳᠣᠷᠬᠠᠶᠢᠯᠠᠨ ᠲᠠᠶᠢᠯᠪᠤᠷᠢᠯᠠᠬᠤ ᠪᠠᠨ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠪᠣᠳᠠᠲᠠᠢ ᠨᠠᠷᠢᠯᠢᠭ ᠬᠢᠵᠦ᠂ ᠨᠠᠮ ᠤᠨ ᠪᠠᠶᠢᠭᠤᠯᠤᠯᠲᠠ ᠶᠢ ᠠᠳᠬᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠦᠨᠳᠦᠰᠦᠨ ᠱᠠᠲᠤᠨ ᠤ ᠵᠠᠰᠠᠯᠲᠠ ᠶᠢ ᠠᠬᠢᠭᠤᠯᠬᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠰᠡᠳᠬᠢᠮᠵᠢ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠪᠦᠬᠦ ᠨᠡᠶᠢᠭᠡᠮ ᠳᠤ ︽ᠳᠤᠮᠳᠠᠳᠤ ᠶᠢᠨ ᠦᠨᠳᠦᠰᠦᠲᠡᠨ ᠨᠢᠭᠡ ᠭᠡᠷ ᠪᠦᠯᠢ ᠮᠡᠳᠦ᠂ ᠨᠢᠭᠡ ᠰᠡᠳᠬᠢᠯ ᠢᠶᠠᠷ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ︾ ᠭᠤᠣᠯ ᠬᠦᠭ ᠠᠶᠠᠰ ᠢ ᠴᠢᠪᠬᠠᠳᠠᠬᠤ ᠬᠡᠷᠡᠭᠲᠡᠢ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠢᠳᠡᠪᠬᠢᠲᠡᠢ ᠪᠠᠷ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠡᠩᠨᠡᠭᠡᠨ ᠤ ᠪᠠᠶᠢᠭᠤᠯᠤᠯᠲᠠ ᠶᠢ ᠰᠠᠶᠢᠲᠤᠷ ᠠᠳᠬᠤᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠬᠦ ᠬᠡᠷᠡᠭᠲᠡᠢ ᠭᠡᠵᠦ ᠴᠢᠬᠤᠯᠠᠴᠢᠯᠠᠪᠠ᠃    
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号