| | 8 ᠳ᠋ᠤᠭᠠᠷ ᠰᠠᠷ᠎ᠠ ᠶᠢᠨ 25 ᠤ ᠡᠳᠦᠷ᠂ ᠪᠤᠭᠤᠲᠤ ᠬᠤᠲᠠ 2021 ᠣᠨ ᠤ ᠨᠠᠮᠤᠷ ᠤᠨ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠭᠤᠤᠯᠳᠠᠯᠭ᠎ᠠ ᠲᠠᠢ ᠲᠥᠷᠥᠯ ᠵᠦᠢᠯ ᠢ ᠲᠥᠪᠯᠡᠷᠡᠭᠦᠯᠦᠨ ᠭᠡᠷ᠎ᠡ | ᠲᠣᠭᠲᠠᠬᠤ ᠶᠡᠭᠡ ᠬᠤᠷᠠᠯ ᠢ ᠡᠷᠭᠢᠯᠡᠵᠦ᠂ ᠨᠡᠶᠢᠲᠡ 45 ᠲᠥᠷᠥᠯ ᠵᠦᠢᠯ ᠳᠤ ᠭᠡᠷ᠎ᠡ ᠲᠣᠭᠲᠠᠵᠤ᠂ ᠨᠡᠶᠢᠲᠡ 1160 | ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ ᠣᠲᠣ ᠦᠶ᠎ᠡ ᠶᠢᠨ ᠡᠨᠧᠷᠭᠢ᠂ ᠪᠣᠬᠢᠷᠲᠤᠯ | ᠥᠬᠡᠶ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠢ ᠪᠣᠯᠪᠠᠰᠤᠷᠠᠭᠤᠯᠬᠤ᠂ ᠰᠢᠨ᠎ᠡ ᠮᠠᠲ᠋ᠧᠷᠢᠶᠠᠯ᠂ ᠠᠮᠢ | ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠲᠣᠭᠠᠴᠢᠯᠠᠭᠰᠠᠨ ᠠᠵᠤ ᠦᠢᠯᠡᠰ᠂ ᠲᠣᠨᠤᠭ ᠲᠥᠬᠦᠭᠡᠷᠦᠮᠵᠢ | ᠦᠢᠯᠡᠳᠬᠦ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ 14 ᠠᠵᠤ ᠦᠢᠯᠡᠰ ᠤᠨ | ᠬᠦᠷᠢᠶᠡᠨ ᠳᠤ ᠬᠤᠯᠪᠣᠭᠳᠠᠪᠠ᠃ | ᠲᠣᠰ ᠤᠳᠠᠭᠠᠨ ᠤ ᠶᠡᠭᠡ ᠬᠤᠷᠠᠯ ᠢ ᠡᠷᠭᠢᠯᠡᠭᠰᠡᠨ ᠨᠢ ᠪᠤᠭᠤᠲᠤ ᠬᠤᠲᠠ ᠶᠢᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠠᠵᠤ ᠠᠬᠤᠶ ᠦᠢᠯᠡᠳᠪᠦᠷᠢᠯᠡᠯ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠭᠰᠡᠨ | ᠴᠢᠬᠤᠯᠠ ᠠᠵᠢᠯᠯᠠᠭ᠎ᠠ ᠮᠥᠨ᠂ ᠬᠢᠵᠢᠭ ᠤᠨ ᠨᠥᠯᠥᠭᠡ ᠶᠢ ᠢᠯᠠᠨ ᠳᠠᠪᠠᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ | ᠭᠠᠳᠠᠨᠠᠬᠢ ᠶᠢ ᠵᠡᠷᠭᠡ ᠪᠠᠷ ᠶᠠᠪᠤᠭᠳᠠᠭᠤᠯᠵᠤ᠂ ᠪᠥᠬᠦ ᠬᠤᠲᠠ ᠶᠢᠨ ᠳᠡᠭᠡᠳᠦ ᠳᠣᠤᠷᠠᠳᠤ ᠱᠠᠲᠤᠨ ᠤ ᠬᠤᠳᠠᠯᠳᠤᠭᠠᠴᠢᠨ | ᠤᠷᠢᠵᠤ ᠪᠠᠯᠠ ᠣᠷᠣᠭᠤᠯᠬᠤ ᠪᠠ ᠴᠢᠬᠤᠯᠠ ᠶᠡᠭᠡ ᠲᠥᠷᠥᠯ ᠵᠦᠢᠯ ᠢ ᠪᠥᠲᠥᠭᠡᠨ ᠪᠠᠶᠢᠭᠤᠯᠬᠤ ᠡᠷᠡᠰ ᠵᠣᠷᠢᠭ ᠢ | ᠬᠠᠷᠠᠭᠤᠯᠵᠠᠶ᠃ ᠲᠣᠰ ᠤᠳᠠᠭᠠᠨ ᠤ ᠭᠡᠷ᠎ᠡ ᠲᠣᠭᠲᠠᠭᠰᠠᠨ ᠲᠥᠷᠥᠯ ᠵᠦᠢᠯ ᠨᠢ ᠭᠤᠤᠯᠳᠠᠭᠤ ᠪᠣᠬᠢᠷᠲᠤᠯ ᠥᠬᠡᠶ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠪᠠᠭ᠎ᠠ ᠭᠠᠳᠠᠭᠰᠢᠯᠠᠭᠤᠯᠬᠤ ᠬᠦᠷᠢᠶᠡᠨ ᠳᠤ ᠲᠥᠪᠯᠡᠷᠡᠵᠦ ᠪᠠᠶᠢᠨ᠎ᠠ᠃ | ᠳᠡᠯᠡᠬᠡᠢ ᠶᠢᠨ 500 ᠬᠦᠴᠦᠷᠬᠡᠭ ᠠᠵᠤ ᠠᠬᠤᠶᠢᠯᠠᠯ ᠠᠴᠠ 6᠂ ᠳᠤᠮᠳᠠᠳᠤ ᠤᠯᠤᠰ ᠤᠨ 500 ᠬᠦᠴᠦᠷᠬᠡᠭ ᠠᠵᠤ | ᠠᠬᠤᠶᠢᠯᠠᠯ ᠠᠴᠠ 4᠂ ᠳᠤᠮᠳᠠᠳᠤ ᠤᠯᠤᠰ ᠤᠨ ᠠᠷᠠᠳ ᠤᠨ ᠡᠵᠡᠩᠨᠡᠭᠰᠡᠨ 500 ᠬᠦᠴᠦᠷᠬᠡᠭ ᠠᠵᠤ | ᠠᠬᠤᠶᠢᠯᠠᠯ ᠠᠴᠠ 2 ᠠᠵᠤ ᠠᠬᠤᠶᠢᠯᠠᠯ ᠨᠢ ᠲᠤᠰ ᠤᠳᠠᠭᠠᠨ ᠤ ᠠᠵᠢᠯᠯᠠᠭ᠎ᠠ ᠳᠤ ᠬᠤᠯᠪᠣᠭᠳᠠᠵᠤ᠂ ᠣᠷᠣᠨ | ᠨᠤᠲᠤᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ | ᠪᠤᠭᠤᠲᠤ ᠬᠤᠳᠠ ᠶᠢᠨ ᠳᠡᠳ᠋ ᠳᠠᠷᠤᠭ᠎ᠠ ᠸᠠᠩ ᠰᠢᠤ ᠯᠢᠶᠠᠨ ᠤ ᠲᠠᠨᠢᠯᠴᠠᠭᠤᠯᠤᠭᠰᠠᠨ ᠢᠶᠠᠷ᠂ ᠡᠨᠡ ᠤᠳᠠᠭ᠎ᠠ | ᠵᠧᠵᠢᠶᠠᠩ ᠤᠨ ᠶᠦᠩ ᠡᡁᠧ ᠬᠥᠷᠥᠭᠡᠬᠦ ᠬᠤᠪᠢ ᠣᠷᠣᠭᠤᠯᠤᠭᠰᠠᠨ ᠺᠣᠮᠫᠠᠨᠢ 180 ᠳ᠋ᠦᠩᠰᠢᠭᠤᠷ ᠲᠥᠭᠦᠷᠢᠭ ᠤᠨ | ᠪᠡᠯᠡ ᠣᠷᠣᠭᠤᠯᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠮᠢᠩᠭᠠᠨ ᠳ᠋ᠦᠩᠰᠢᠭᠤᠷ ᠤᠨ ᠲᠡᠰ ᠤᠨ | ᠪᠦᠬᠦ ᠠᠵᠤ ᠦᠢᠯᠡᠰ ᠤᠨ ᠬᠡᠯᠬᠢᠶ᠎ᠡ ᠶᠢᠨ ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ | ᠰᠠᠭᠤᠷᠢᠨ ᠢ ᠪᠠᠶᠢᠭᠤᠯᠪᠠ᠂ ᠡᠨᠡ ᠪᠣᠯ ᠮᠠᠨ ᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠰᠠᠯᠬᠢᠨ ᠬᠦᠴᠦ | ᠪᠣᠯᠤᠨ ᠨᠡᠷᠡᠨ ᠤ ᠡᠨᠧᠷᠭᠢ ᠶᠢᠨ ᠪᠣᠬᠢᠷᠲᠤᠯ ᠦᠬᠡᠢ ᠡᠨᠧᠷᠭᠢ ᠪᠠᠷ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠦᠬᠡᠢ | ᠬᠦᠷᠢᠶᠡᠯᠡᠩ ᠲᠣᠭᠤᠷᠢᠭ ᠢ ᠪᠦᠳᠦᠬᠡᠨ ᠪᠠᠶᠢᠭᠤᠯᠤᠭᠰᠠᠨ ᠲᠤᠷᠰᠢᠯᠲᠠ ᠪᠣᠯᠤᠨ᠎ᠠ᠃ ᠠᠵᠤ ᠠᠬᠤᠶᠢᠯᠠᠯ ᠨᠢ ︽ | ᠪᠣᠬᠢᠷᠲᠤᠯ ᠦᠭᠡᠢ ᠴᠠᠬᠢᠯᠭᠠᠨ︾ ᠢᠶᠠᠷ ᠡᠬᠢ ᠪᠠᠶᠠᠯᠢᠭ ᠢ ᠤᠯᠠᠷᠢᠭᠤᠯᠤᠨ ᠠᠰᠢᠭᠯᠠᠵᠤ᠂ ᠢᠷᠡᠬᠦ ᠵᠢᠯ ᠠᠴᠠ ᠡᠬᠢᠯᠡᠨ | ᠴᠠᠬᠢᠯᠭᠠᠨ ᠬᠠᠩᠭᠠᠬᠤ ᠦᠨ᠎ᠡ ᠶᠢ 0.25 ᠲᠥᠭᠦᠷᠢᠭ ᠪᠣᠯᠭᠠᠵᠤ᠂ 6 ᠵᠢᠯ ᠳᠠᠷᠠᠭᠠᠯᠠᠨ ᠪᠠᠭᠤᠷᠠᠭᠤᠯᠤᠭᠰᠠᠨ ᠤ | ᠰᠡᠭᠦᠯᠡᠷ 0.20 ᠲᠥᠭᠦᠷᠢᠭ ᠲᠤ ᠬᠦᠷᠦᠭᠦᠯᠬᠦ ᠪᠣᠯᠤᠨ᠎ᠠ᠂ ᠡᠨᠡ ᠪᠣᠯ ᠨᠢᠭᠡᠨ ᠲᠡᠤᠬᠡᠲᠦ ᠴᠢᠨᠠᠷᠲᠠᠶ ᠰᠢᠪᠲᠤᠯᠤᠯᠲᠠ | ᠶᠤᠮ᠃ ᠡᠨᠡ ᠤᠳᠠᠭ᠎ᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠨᠢᠭᠡ ᠪᠦᠯᠦᠭ ᠵᠦᠢᠯᠡᠰ ᠲᠤ ᠭᠠᠷ ᠤᠨ ᠦᠰᠦᠭ | ᠵᠢᠷᠤᠭᠰᠠᠨ ᠨᠢ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠠᠰᠢᠭᠯᠠᠬᠤ ᠪᠠ ᠡᠨᠧᠷᠭᠢ ᠠᠷᠪᠢᠯᠠᠵᠤ ᠣᠷᠴᠢᠨ | ᠲᠣᠭᠤᠷᠢᠨ ᠢ ᠬᠠᠮᠠᠭᠠᠯᠠᠬᠤ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠬᠤ ᠪᠣᠯᠤᠨ᠎ᠠ᠃ ᠤᠰᠤᠲᠥ᠋ᠷᠥᠭᠴᠢ ᠶᠢ | ᠦᠢᠯᠡᠳᠦᠨ ᠬᠡᠷᠡᠭᠯᠡᠵᠦ ᠬᠠᠳᠠᠭᠠᠯᠠᠬᠤ ᠲᠠᠯ᠎ᠠ ᠪᠠᠷ᠂ ᠰᠠᠯᠬᠢᠨ ᠬᠦᠴᠦᠨ ᠤ ᠴᠠᠬᠢᠯᠭᠠᠨ ᠢᠶᠠᠷ ᠤᠰᠤᠲᠥ᠋ᠷᠥᠭᠴᠢ ᠶᠢ | ᠦᠢᠯᠡᠳᠬᠦ ᠠᠴᠠ ᠤᠰᠤᠲᠥ᠋ᠷᠥᠭᠴᠢ ᠶᠢ ᠵᠠᠮ ᠬᠠᠷᠢᠯᠴᠠᠭ᠎ᠠ ᠳᠤ ᠬᠡᠷᠡᠭᠯᠡᠬᠦ ᠬᠦᠷᠲᠡᠯ᠎ᠡ᠂ ᠤᠰᠤᠲᠥ᠋ᠷᠥᠭᠴᠢ ᠶᠢᠨ | ᠡᠨᠧᠷᠭᠢ ᠶᠢᠨ ᠳ᠋ᠢᠶᠠᠨ ᡂᠢ ᠶᠢ ᠪᠠᠭᠲᠠᠭᠠᠭᠰᠠᠨ ᠨᠢᠭᠡ ᠪᠦᠯᠦᠭ ᠲᠦᠷᠦᠯ ᠵᠦᠢᠯ ᠢ ᠣᠷᠣᠭᠤᠯᠵᠤ᠂ | ᠤᠰᠤᠲᠥ᠋ᠷᠥᠭᠴᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠳᠠᠶᠢᠴᠢᠯᠠᠬᠤ ᠪᠣᠯᠤᠨ᠎ᠠ᠃ | ᠡᠨᠡ ᠵᠢᠯ ᠠᠴᠠ ᠨᠠᠭᠠᠰᠢ᠂ ᠪᠤᠭᠤᠲᠤ ᠬᠤᠲᠠ ᠲᠡᠷᠢᠭᠦᠨ ᠤ ᠡᠵᠡᠩᠨᠡᠨ ᠬᠤᠳᠠᠯᠳᠤᠭᠠᠯᠠᠬᠤ ᠣᠷᠴᠢᠨ | ᠨᠥᠬᠦᠴᠡᠯ ᠢ ᠪᠥᠬᠦ ᠬᠦᠴᠦᠨ ᠢᠶᠠᠷ ᠪᠤᠢ ᠪᠣᠯᠭᠠᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠ ᠴᠢᠬᠤᠯᠠ | ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠪᠥᠬᠦ ᠬᠤᠲᠠ ᠶᠢᠨ ᠠᠵᠤ ᠠᠬᠤᠶ ᠶᠢ | ᠦᠷᠭᠦᠯᠵᠢᠯᠡᠨ ᠲᠣᠭᠲᠠᠭᠤᠨ ᠢᠶᠠᠷ ᠰᠡᠷᠭᠦᠭᠡᠭᠰᠡᠨ ᠠᠴᠠ ᠲᠣᠭᠲᠠᠭᠤᠨ ᠤ ᠳᠤᠮᠳᠠ ᠤᠷᠤᠭᠰᠢᠯᠠᠬᠤ᠂ ᠲᠣᠭᠲᠠᠭᠤᠨ ᠤ | ᠳᠤᠮᠳᠠ ᠰᠠᠶᠢᠵᠢᠷᠠᠬᠤ ᠰᠠᠶᠢᠨ ᠰᠠᠶᠢᠬᠠᠨ ᠪᠠᠶᠢᠳᠠᠯ ᠢᠯᠡᠷᠡᠵᠡᠶ᠃ ᠲᠦᠷᠦᠭᠦᠤ ᠬᠠᠭᠠᠰ ᠵᠢᠯ ᠳᠤ᠂ ᠪᠤᠭᠤᠲᠤ | ᠬᠤᠲᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ 1627 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 15.7% ᠪᠠᠷ ᠨᠡᠮᠡᠭᠳᠡᠪᠡ︔ 1 ᠠᠴᠠ 7 ᠳ᠋ᠤᠭᠠᠷ ᠰᠠᠷ᠎ᠠ ᠪᠣᠯᠲᠠᠯ᠎ᠠ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ | 16.6% ᠪᠠᠷ ᠨᠡᠮᠡᠭᠳᠡᠪᠡ︔ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 379.5 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 57.7% ᠪᠠᠷ ᠨᠡᠮᠡᠭᠳᠡᠪᠡ᠃ 3 ᠭᠦᠢᠴᠡᠳᠬᠡᠯ | ᠲᠤᠭ᠎ᠠ ᠶᠢᠨ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠤ ᠲᠡᠷᠢᠭᠦᠨ ᠳᠤ ᠣᠷᠣᠪᠠ᠃ | ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ ᠨᠡᠯᠢᠶᠡᠳ ᠰᠠᠶᠢᠨ ᠪᠠᠶᠢᠵᠤ᠂ ᠬᠥᠭᠵᠢᠯᠲᠡ ᠶᠢᠨ ᠶᠠᠰᠤ | ᠴᠢᠨᠠᠷ ᠪᠠ ᠦᠷ᠎ᠡ ᠠᠰᠢᠭ ᠢᠯᠡᠳᠲᠡ ᠳᠡᠭᠡᠭᠰᠢᠯᠡᠭᠰᠡᠨ ᠴᠦ ᠪᠤᠭᠤᠲᠤ ᠬᠤᠲᠠ ᠪᠠᠰᠠ ᠪᠣᠬᠢᠷᠲᠤᠯ ᠥᠬᠡᠶ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠪᠠᠭ᠎ᠠ ᠭᠠᠳᠠᠭᠰᠢᠯᠠᠭᠤᠯᠬᠤ ᠬᠥᠭᠵᠢᠯᠲᠡ ᠬᠢᠭᠡᠳ ᠠᠵᠤ ᠦᠢᠯᠡᠰ ᠤᠨ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠲᠣᠬᠢᠶᠠᠯ ᠪᠠ ᠥᠷᠢᠰᠥᠯᠳᠦᠭᠡᠨ ᠳᠤ ᠲᠤᠯᠭᠠᠷᠠᠵᠤ ᠪᠠᠶᠢᠨ᠎ᠠ᠃ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠣᠷᠭᠢᠯ ᠬᠡᠮᠵᠢᠭᠳᠡᠯ ᠳᠤ ᠬᠦᠷᠭᠡᠬᠦ ᠪᠠ ᠨᠡᠭᠦᠷᠡᠰᠦᠲᠥ᠋ᠷᠥᠭᠴᠢ ᠶᠢᠨ | ᠳᠠᠪᠬᠤᠷ ᠢᠰᠦᠯ ᠢ ᠰᠠᠭᠠᠷᠮᠠᠭᠵᠢᠭᠤᠯᠬᠤ ᠶᠢᠨ ᠣᠯᠳᠠᠰᠢ ᠦᠭᠡᠶ ᠲᠣᠬᠢᠶᠠᠯ ᠢ ᠪᠠᠲᠤ ᠡᠵᠡᠮᠳᠡᠬᠦ ᠶᠢᠨ ᠲᠤᠰᠠᠳᠠ᠂ | ᠪᠤᠭᠤᠲᠤ ᠬᠤᠳᠠ ᠶᠠᠭ ᠪᠣᠬᠢᠷᠲᠤᠯ ᠦᠭᠡᠢ ᠬᠦᠷᠢᠶᠡᠯᠡᠩ ᠲᠣᠭᠤᠷᠢᠭ᠂ ᠪᠣᠬᠢᠷᠲᠤᠯ ᠦᠭᠡᠢ ᠦᠢᠯᠡᠳᠪᠦᠷᠢ᠂ ᠪᠣᠬᠢᠷᠲᠤᠯ | ᠦᠭᠡᠢ ᠬᠤᠳᠠᠯᠳᠤᠭᠠᠨ ᠤ ᠲᠠᠯᠠᠪᠤᠷ᠂ ᠪᠣᠬᠢᠷᠲᠤᠯ ᠦᠭᠡᠢ ᠰᠤᠷᠭᠠᠭᠤᠯᠢ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ | ᠪᠠᠭ᠎ᠠ ᠭᠠᠳᠠᠭᠰᠢᠯᠠᠭᠤᠯᠬᠤ ᠪᠠᠶᠢᠭᠤᠯᠭ᠎ᠠ ᠵᠡᠷᠭᠡ ᠤᠯᠠᠨ ᠬᠦᠷᠢᠶᠡᠨ ᠤ ᠬᠡᠷᠡᠭᠯᠡᠭᠡᠨ ᠤ ᠦᠵᠡᠭᠳᠡᠯ ᠢ ᠬᠦᠴᠦᠯᠡᠨ | ᠪᠠᠶᠢᠭᠤᠯᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭᠠᠰᠬᠠᠬᠤ ᠦᠭᠡᠶᠢᠰᠬᠡᠬᠦ ᠰᠠᠯᠭᠠᠬᠤ ᠲᠠᠢ | ᠬᠤᠯᠪᠣᠭᠳᠠᠭᠰᠠᠨ ᠪᠦᠬᠦ᠋ᠢᠯᠡ ᠰᠢᠨ᠎ᠡ ᠬᠡᠷᠡᠭ ᠪᠣᠳᠠᠰ ᠢ ᠢᠳᠡᠪᠬᠢᠲᠡᠢ ᠲᠤᠷᠰᠢᠵᠤ᠂ 2026 ᠣᠨ ᠳᠤ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠤᠷᠬᠢᠯ ᠬᠡᠮᠵᠢᠭᠳᠡᠯ ᠳᠤ ᠬᠦᠷᠭᠡᠬᠦ ᠶᠢ ᠬᠦᠴᠦᠯᠡᠨ ᠪᠡᠶᠡᠯᠡᠭᠦᠯᠵᠦ᠂ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠤᠷᠬᠢᠯ ᠬᠡᠮᠵᠢᠭᠳᠡᠯ ᠳᠤ ᠬᠦᠷᠭᠡᠬᠦ ᠨᠡᠭᠦᠷᠡᠰᠦᠲᠥ᠋ᠷᠥᠭᠴᠢ ᠶᠢᠨ ᠳᠠᠪᠬᠤᠷ | ᠢᠰᠦᠯ ᠢ ᠰᠠᠭᠠᠷᠮᠠᠭᠵᠢᠭᠤᠯᠬᠤ ᠬᠤᠰᠢᠭᠤᠴᠢ ᠬᠤᠳᠠ᠂ ᠵᠢᠱᠢᠶᠡᠴᠢ ᠬᠤᠳᠠ ᠪᠣᠯᠭᠠᠨ ᠪᠦᠳᠦᠬᠡᠨ ᠪᠠᠶᠢᠭᠤᠯᠬᠤ ᠪᠠᠷ | ᠴᠢᠷᠮᠠᠶᠢᠵᠤ ᠪᠠᠶᠢᠨ᠎ᠠ᠃ | ᠨᠢᠳᠤᠨᠤᠨ ᠠᠴᠠ ᠡᠬᠢᠯᠡᠨ᠂ ᠪᠤᠭᠤᠲᠤ ᠬᠤᠲᠠ ︽ᠪᠤᠭᠤᠲᠤ ᠬᠤᠲᠠ ᠶᠢᠨ ᠬᠤᠳᠠᠯᠳᠤᠭᠠᠴᠢᠨ ᠤᠷᠢᠵᠤ ᠪᠠᠯᠠ | ᠣᠷᠣᠭᠤᠯᠬᠤ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠵᠤ᠂ ᠪᠥᠬᠦ ᠬᠤᠲᠠ ᠶᠢᠨ ᠬᠤᠳᠠᠯᠳᠤᠭᠠᠴᠢᠨ ᠤᠷᠢᠵᠤ | ᠪᠠᠯᠠ ᠣᠷᠣᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠬᠤᠲᠠ ᠶᠢᠨ ᠤᠳᠤᠷᠢᠳᠤᠯᠭ᠎ᠠ ᠵᠢᠴᠢ | ᠡᠯ᠎ᠡ ᠬᠤᠰᠢᠭᠤ ᠰᠢᠶᠠᠨ ᠲᠣᠭᠤᠷᠢᠭ᠂ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠥᠪᠡᠷ ᠢᠶᠠᠨ ᠪᠦᠯᠬᠦᠮ | ᠳᠠᠭᠠᠭᠤᠯᠤᠨ᠂ ᠪᠥᠬᠦ ᠠᠵᠢᠯᠲᠠᠨ ᠣᠷᠣᠯᠴᠠᠵᠤ᠂ ᠪᠥᠬᠦ ᠬᠤᠲᠠ ᠪᠠᠷ ᠢᠶᠠᠨ ᠬᠤᠳᠠᠯᠳᠤᠭᠠᠴᠢᠨ ᠤᠷᠢᠬᠤ ᠶᠢ | ᠬᠠᠮᠲᠤ ᠪᠠᠷ ᠠᠳᠬᠤᠨ᠂ 20 ᠠᠵᠤ ᠦᠢᠯᠡᠰ ᠤᠨ ᠬᠡᠯᠬᠢᠶ᠎ᠡ ᠳᠤ ᠲᠦᠰᠢᠭᠯᠡᠨ 20 ᠠᠵᠢᠯᠯᠠᠬᠤ ᠳᠤᠭᠤᠶᠢᠯᠠᠩ | ᠬᠤᠪᠢᠶᠠᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠨᠥᠬᠦᠪᠦᠷᠢᠯᠡᠬᠦ ᠪᠠ ᠬᠡᠯᠬᠢᠶ᠎ᠡ ᠶᠢ | ᠴᠢᠩᠭᠠᠯᠠᠭᠰᠠᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯᠯᠠᠭ᠎ᠠ ᠶᠢ ᠥᠷᠨᠢᠭᠦᠯᠪᠡ᠃ | 2020 ᠣᠨ ᠳᠤ᠂ ᠪᠦᠬᠦ ᠬᠤᠳᠠ ᠶᠢᠨ ᠭᠠᠳᠠᠭᠰᠢ ᠭᠠᠷᠴᠤ ᠰᠢᠨᠵᠢᠯᠡᠨ ᠪᠠᠶᠢᠴᠠᠭᠠᠬᠤ ᠳᠤ ᠪᠠᠨ | ᠪᠤᠭᠤᠲᠤ ᠳᠤ ᠠᠭᠤᠯᠵᠠᠯᠲᠠ ᠬᠢᠭᠰᠡᠨ ᠠᠵᠤ ᠠᠬᠤᠶᠢᠯᠠᠯ 2000 ᠭᠠᠷᠤᠢ ᠪᠠᠶᠢᠵᠤ᠂ 340 ᠲᠦᠷᠦᠯ ᠵᠦᠢᠯ ᠳᠤ | ᠭᠠᠷ ᠤᠨ ᠦᠰᠦᠭ ᠵᠢᠷᠤᠵᠤ᠂ ᠬᠡᠯᠡᠯᠴᠡᠭᠡᠷ ᠬᠢᠵᠦ ᠶᠡᠷᠦᠩᠬᠡᠢ ᠪᠡᠯᠡ ᠣᠷᠣᠭᠤᠯᠤᠭᠰᠠᠨ ᠨᠢ 2672 ᠳ᠋ᠦᠩᠰᠢᠭᠤᠷ | ᠲᠥᠭᠦᠷᠢᠭ ᠲᠤ ᠬᠦᠷᠴᠡᠢ᠃ ᠢᠯᠠᠩᠭᠤᠶ᠎ᠠ 10 ᠳ᠋ᠤᠭᠠᠷ ᠰᠠᠷ᠎ᠠ ᠠᠴᠠ ᠨᠠᠭᠠᠰᠢ᠂ ᠪᠥᠬᠦ ᠬᠤᠲᠠ ᠳᠤ ᠰᠢᠨ᠎ᠡ | ᠡᠭᠡᠯᠵᠢ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠥᠷᠨᠢᠯᠲᠡ ᠭᠠᠷᠴᠤ᠂ ᠪᠥᠬᠦ ᠬᠤᠲᠠ ᠪᠠᠷ ᠢᠶᠠᠨ | ᠳᠤᠮᠳᠠᠴᠢ ᠪᠠᠷ ᠡᠳᠦᠷ ᠪᠦᠷᠢ 10 ᠰᠢᠬᠠᠮ ᠠᠵᠤ ᠠᠬᠤᠶᠢᠯᠠᠯ ᠲᠠᠢ ᠨᠢᠭᠤᠷᠳᠠᠨ ᠵᠣᠯᠭᠠᠵᠤ᠂ ᠡᠳᠦᠷ ᠪᠦᠷᠢ 2 | ᠲᠥᠷᠥᠯ ᠵᠦᠢᠯ ᠤᠨ ᠭᠡᠷ᠎ᠡ ᠲᠣᠭᠲᠠᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠤᠨ | ᠲᠤᠭ᠎ᠠ ᠬᠡᠮᠵᠢᠶ᠎ᠡ ᠢᠯᠡᠳᠲᠡ ᠨᠡᠮᠡᠭᠳᠡᠪᠡ᠃ | ᠡᠨᠡ ᠵᠢᠯ᠂ ᠪᠥᠬᠦ ᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠭᠡᠷ᠎ᠡ ᠲᠣᠭᠲᠠᠬᠤ | ᠲᠥᠷᠥᠯ ᠵᠦᠢᠯ ᠤᠨ ᠬᠠᠷᠠᠯᠲᠠ ᠨᠢ 1000 ᠠᠴᠠ ᠳᠡᠭᠡᠭᠰᠢ ᠪᠣᠯᠤᠨ᠎ᠠ᠃ 8 ᠳ᠋ᠤᠭᠠᠷ ᠰᠠᠷ᠎ᠠ ᠶᠢᠨ 13 ᠤ ᠡᠳᠦᠷ | ᠪᠣᠯᠲᠠᠯ᠎ᠠ᠂ ᠪᠥᠬᠦ ᠬᠤᠲᠠ ᠳᠤ ᠨᠡᠶᠢᠲᠡ 4027 ᠠᠵᠤ ᠠᠬᠤᠶᠢᠯᠠᠯ ᠲᠠᠢ ᠨᠢᠭᠤᠷᠳᠠᠨ ᠵᠣᠯᠭᠠᠵᠤ᠂ 523 ᠲᠥᠷᠥᠯ | ᠵᠦᠢᠯ ᠳᠤ ᠭᠡᠷ᠎ᠡ ᠲᠣᠭᠲᠠᠵᠤ᠂ ᠨᠡᠶᠢᠲᠡ 7789 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ | ᠲᠥᠯᠥᠪᠯᠡᠵᠦ᠂ 279 ᠲᠥᠷᠥᠯ ᠵᠦᠢᠯ ᠢ ᠨᠢᠭᠡᠨᠲᠡ ᠳᠠᠩᠰᠠᠯᠠᠭᠤᠯᠤᠨ ᠨᠠᠶᠢᠳᠠᠪᠤᠷᠢᠵᠢᠭᠤᠯᠵᠤ᠂ | ᠨᠠᠶᠢᠳᠠᠪᠤᠷᠢᠵᠢᠭᠤᠯᠤᠭᠰᠠᠨ ᠨᠣᠷᠮ᠎ᠠ ᠨᠢ 53% ᠳᠤ ᠬᠦᠷᠪᠡ᠃ |