ᠾᠧᠩ ᠰᠢᠶᠤᠤ ᠹᠠᠨ ᠲᠤᠮᠤ ᠳ᠋ᠠᠶᠢᠲ᠋ᠠ ᠶᠢᠨ ᠡᠬᠢ ᠪᠠᠶᠠᠯᠢᠭ ᠢ ᠬᠤᠯᠪᠤᠯᠳᠤᠭᠤᠯᠤᠨ ᠨᠡᠪᠲᠡᠷᠡᠭᠦᠯᠬᠦ ᠠᠵᠢᠯ ᠢ ᠪᠠᠶᠢᠴᠠᠭᠠᠨ ᠰᠤᠳᠤᠯᠬᠤ ᠳᠤ ᠪᠠᠨ ᠳ᠋ᠠᠶᠢᠲ᠋ᠠ ᠶᠢᠨ ᠡᠬᠢ ᠪᠠᠶᠠᠯᠢᠭ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠩ ᠥᠨᠳᠥᠷ ᠲᠦᠪᠰᠢᠨ ᠪᠥᠬᠦᠶ ᠠᠮᠤᠭᠤᠯᠠᠩᠲᠤ ᠥᠪᠥᠷ ᠮᠣᠩᠭᠤᠯ ᠢ ᠪᠥᠲᠥᠭᠡᠨ ᠪᠠᠶᠢᠭᠤᠯᠬᠤ ᠳᠤ ᠴᠢᠩᠭ᠎ᠠ ᠬᠦᠴᠦᠨ ᠪᠦᠬᠦᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ
ᠨᠡᠶᠢᠲᠡᠯᠡᠭᠰᠡᠨ ᠴᠠᠭ᠄
2021/8/26
           8 ᠳ᠋ᠤᠭᠠᠷ ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠾᠧᠩ ᠰᠢᠶᠤᠤ ᠹᠠᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ᠂ ᠡᠮᠴᠢᠯᠡᠭᠡ ᠶᠢᠨ ᠳᠠᠭᠠᠳᠬᠠᠯ ᠤᠨ ᠮᠡᠳᠡᠭᠡ ᠵᠠᠩᠭᠢ ᠶᠢᠨ ᠲᠠᠪᠴᠠᠩ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠪᠠ ᠰᠤᠷᠭᠠᠨ ᠬᠥᠮᠦᠵᠢᠯ ᠤᠨ ᠲᠢᠩᠭᠢᠮ ᠳᠤ ᠬᠦᠷᠴᠦ᠂ ︽ᠨᠢᠭᠡ ᠰᠦᠯᠵᠢᠶ᠎ᠡ ᠪᠠᠷ ᠨᠡᠶᠢᠳᠡᠮ ᠳᠤ ᠨᠢ ᠭᠦᠢᠴᠡᠳᠬᠡᠬᠦ︾᠂ ᠲᠠᠪᠴᠠᠩ ᠤᠨ ᠪᠦᠲᠦᠭᠡᠨ ᠪᠠᠶᠢᠭᠤᠯᠤᠯᠲᠠ᠂ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠠᠵᠢᠯᠯᠠᠭᠠᠨ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠪᠠᠷ ᠪᠠᠶᠢᠭᠤᠯᠵᠤ ᠬᠠᠮᠲᠤ ᠪᠠᠷ ᠬᠦᠷᠲᠡᠵᠦ ᠬᠠᠮᠲᠤ ᠪᠠᠷ ᠬᠡᠷᠡᠭᠯᠡᠬᠦ ᠵᠡᠷᠭᠡ ᠪᠠᠶᠢᠳᠠᠯ ᠢ ᠪᠠᠶᠢᠴᠠᠭᠠᠨ ᠰᠤᠳᠤᠯᠵᠤ ᠣᠶᠢᠯᠠᠭᠠᠨ᠂ ᠰᠠᠭᠤᠳᠠᠯ ᠤᠨ ᠬᠤᠷᠠᠯ ᠬᠤᠷᠠᠯᠳᠤᠭᠤᠯᠤᠭᠰᠠᠨ ᠤ ᠬᠠᠮᠲᠤ ᠲᠤᠬᠠᠶ ᠶᠢᠨ ᠲᠠᠯᠠᠪᠤᠷ ᠲᠤ ᠠᠯᠪᠠᠯᠠᠵᠤ᠂ ᠤᠯᠠᠨ ᠲᠠᠢ ᠬᠠᠮᠲᠤ ᠪᠠᠷ ᠳ᠋ᠠᠶᠢᠲ᠋ᠠ ᠶᠢᠨ ᠬᠤᠯᠪᠤᠯᠳᠤᠭᠤᠯᠤᠨ ᠨᠡᠪᠲᠡᠷᠡᠭᠦᠯᠬᠦ ᠶᠢ ᠠᠬᠢᠭᠤᠯᠬᠤ᠂ ᠰᠦᠯᠵᠢᠶᠡᠨ ᠳᠡᠭᠡᠷ᠎ᠡ ᠭᠦᠢᠴᠡᠳᠬᠡᠬᠦ ᠠᠯᠠᠭᠠᠨ ᠳᠡᠭᠡᠷ᠎ᠡ ᠭᠦᠢᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠠᠷᠠᠳ ᠲᠦᠮᠡᠨ ᠳᠤ ᠦᠢᠯᠡᠴᠢᠯᠡᠬᠦ ᠬᠢᠷᠢ ᠲᠦᠪᠰᠢᠨ ᠢ ᠳᠡᠭᠡᠭᠰᠢᠯᠡᠭᠦᠯᠬᠦ ᠠᠷᠭ᠎ᠠ ᠬᠡᠮᠵᠢᠶ᠎ᠡ ᠶᠢ ᠤᠬᠠᠭᠠᠯᠠᠨ ᠲᠦᠯᠦᠪᠯᠡᠪᠡ᠃        ᠡᡁᠧᠩ ᠰᠢᠶᠤᠤ ᠹᠠᠨ ᠴᠢᠬᠤᠯᠠᠴᠢᠯᠠᠭᠰᠠᠨ ᠨᠢ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠰᠢᠯᠢᠳᠡᠭᠵᠢᠭᠦᠯᠬᠦ ᠪᠣᠯ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠳᠣᠲᠣᠭᠠᠳᠤ ᠶᠢ ᠬᠠᠮᠠᠭᠠᠯᠠᠬᠤ ᠲᠣᠮᠣ ᠳ᠋ᠠᠶᠢᠲ᠋ᠠ ᠶᠢᠨ ᠬᠡᠮᠵᠢᠶ᠎ᠡ ᠨᠢ ᠶᠡᠭᠡ᠂ ᠬᠡᠪᠴᠢᠶ᠎ᠡ ᠨᠢ ᠥᠷᠭᠡᠨ᠂ ᠬᠡᠷᠡᠭᠴᠡᠭᠡ ᠱᠠᠭᠠᠷᠳᠠᠯᠭ᠎ᠠ ᠨᠢ ᠣᠯᠠᠨ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠳᠤ ᠴᠢᠩᠭ᠎ᠠ ᠬᠦᠴᠦᠨ ᠪᠦᠬᠦᠢ ᠰᠠᠭᠤᠷᠢ ᠳ᠋ᠠᠶᠢᠲ᠋ᠠ ᠶᠢᠨ ᠲᠤᠯᠭᠠᠭᠤᠷᠢᠯᠠᠯ ᠬᠠᠩᠭᠠᠵᠤ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠳ᠋ᠠᠶᠢᠲ᠋ᠠ ᠶᠢᠨ ᠵᠠᠯᠭᠠᠰᠤ ᠶᠢ ᠵᠢᠷᠤᠮᠵᠢᠭᠤᠯᠬᠤ᠂ ᠳ᠋ᠠᠶᠢᠲ᠋ᠠ ᠶᠢᠨ ᠬᠤᠯᠪᠤᠯᠳᠤᠭᠤᠯᠤᠨ ᠨᠡᠪᠲᠡᠷᠡᠭᠦᠯᠬᠦ ᠶᠢ ᠠᠬᠢᠭᠤᠯᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠬᠡᠷᠡᠭᠯᠡᠵᠦ ᠬᠠᠮᠲᠤ ᠪᠠᠷ ᠬᠦᠷᠲᠡᠬᠦ ᠵᠡᠷᠭᠡ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠲᠣᠮᠣ ᠳ᠋ᠠᠶᠢᠲ᠋ᠠ ᠶᠢᠨ ᠲᠥᠪ ᠲᠠᠢ ᠪᠥᠬᠦ ᠬᠦᠴᠦᠨ ᠢᠶᠠᠷ ᠢᠶᠠᠨ ᠬᠠᠮᠵᠢᠯᠴᠠᠨ ᠠᠵᠢᠯ ᠢᠶᠠᠨ ᠥᠷᠨᠢᠭᠦᠯᠵᠦ᠂ ᠬᠠᠷᠢᠯᠴᠠᠨ ᠳᠡᠮᠵᠢᠵᠦ ᠬᠠᠷᠢᠯᠴᠠᠨ ᠠᠰᠢᠭ ᠬᠦᠷᠲᠡᠨ ᠬᠠᠷᠢᠯᠴᠠᠨ ᠬᠡᠷᠡᠭᠯᠡᠵᠦ᠂ ᠳ᠋ᠠᠶᠢᠲ᠋ᠠ ᠶᠢᠨ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠨ᠎ᠡ ᠪᠠᠶᠢᠷᠢᠰᠢᠯ ᠢ ᠪᠠᠶᠢᠭᠤᠯᠬᠤ᠂ ᠬᠤᠲᠠ ᠶᠢᠨ ᠬᠡᠪᠴᠢᠶᠡᠨ ᠤ ᠵᠠᠰᠠᠯᠲᠠ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠶᠢ ᠳᠡᠭᠡᠭᠰᠢᠯᠡᠭᠦᠯᠬᠦ᠂ ᠨᠠᠩ ᠥᠨᠳᠥᠷ ᠬᠢᠷᠢ ᠲᠦᠪᠰᠢᠨ ᠪᠥᠬᠦᠶ ᠠᠮᠤᠭᠤᠯᠠᠩᠲᠤ ᠥᠪᠥᠷ ᠮᠣᠩᠭᠤᠯ ᠢ ᠪᠥᠲᠥᠭᠡᠨ ᠪᠠᠶᠢᠭᠤᠯᠬᠤ ᠳᠤ ᠰᠢᠯᠢᠳᠡᠭ ᠰᠠᠶᠢᠨ ᠲᠣᠮᠣ ᠳ᠋ᠠᠶᠢᠲ᠋ᠠ ᠶᠢᠨ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号