ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠲᠤᠬᠠᠢ ᠮᠡᠳᠡᠯᠭᠡ ᠶᠢᠨ ᠠᠰᠠᠭᠤᠯᠲᠠ ᠬᠠᠷᠢᠭᠤᠯᠲᠠ
ᠨᠡᠶᠢᠲᠡᠯᠡᠭᠰᠡᠨ ᠴᠠᠭ᠄
2021/8/27
           ᠰᠢᠨ᠎ᠡ ᠲᠢᠲᠢᠮᠯᠢᠭ ᠸᠠᠺᠼᠢᠨ ᠤ ᠲᠠᠷᠢᠯᠭ᠎ᠠ ᠶᠢᠨ ᠬᠤᠭᠤᠴᠠᠭᠠᠨ ᠠᠴᠠ ᠬᠤᠴᠣᠷᠤᠭᠰᠠᠨ ᠢ ᠬᠡᠷᠬᠢᠨ ᠨᠥᠬᠦᠵᠦ ᠳᠠᠷᠢᠬᠤ ᠪᠣᠶ︖ ᠠᠳᠠᠯᠢ ᠪᠤᠰᠤ ᠸᠠᠺᠼᠢᠨ ᠢ ᠬᠠᠷᠢᠯᠴᠠᠨ ᠰᠣᠯᠢᠵᠤ ᠪᠣᠯᠤᠨ᠎ᠠ ᠦᠦ︖        ᠬᠠᠷᠢᠭᠤᠯᠲᠠ᠄ 2 ᠪᠤᠶᠤ 3 ᠤᠳᠠᠭ᠎ᠠ ᠶᠢᠨ ᠸᠠᠺᠼᠢᠨ ᠤ ᠲᠠᠷᠢᠯᠭ᠎ᠠ ᠶᠢ ᠵᠢᠷᠤᠮ ᠶᠣᠰᠣᠭᠠᠷ ᠬᠢᠵᠦ ᠳᠠᠭᠤᠰᠬᠠᠭᠰᠠᠨ ᠥᠬᠡᠶ ᠪᠠᠶᠢᠪᠠᠯ᠂ ᠡᠷᠲᠡᠬᠡᠨ ᠨᠥᠬᠦᠵᠦ ᠳᠠᠷᠢᠬᠤ ᠶᠢ ᠰᠠᠨᠠᠭᠤᠯᠤᠨ᠎ᠠ᠃ ᠦᠯᠦ ᠬᠠᠯᠳᠠᠪᠤᠷᠢᠯᠠᠬᠤ ᠴᠢᠳᠠᠮᠵᠢ ᠶᠢ ᠳᠠᠬᠢᠨ ᠰᠢᠨ᠎ᠡ ᠪᠠᠷ ᠡᠬᠢᠯᠡᠭᠦᠯᠬᠦ ᠴᠢᠬᠤᠯᠠ ᠦᠭᠡᠢ᠂ ᠵᠣᠬᠢᠬᠤ ᠤᠳᠠᠭ᠎ᠠ ᠶᠢᠨ ᠲᠠᠷᠢᠯᠭ᠎ᠠ ᠶᠢ ᠨᠥᠬᠦᠵᠦ ᠲᠠᠷᠢᠪᠠᠯ ᠪᠣᠯᠴᠢᠬᠠᠨ᠎ᠠ᠃ ᠣᠳᠣᠬᠢ ᠱᠠᠲᠤᠨ ᠳᠤ ᠠᠳᠠᠯᠢ ᠨᠢᠭᠡᠨ ᠸᠠᠺᠼᠢᠨ ᠢᠶᠠᠷ ᠲᠠᠷᠢᠯᠭ᠎ᠠ ᠬᠢᠬᠦ ᠶᠢ ᠰᠠᠨᠠᠭᠤᠯᠵᠤ ᠪᠠᠶᠢᠨ᠎ᠠ᠃ ᠬᠡᠷᠪᠡ ᠸᠠᠺᠼᠢᠨ ᠢ ᠦᠷᠭᠦᠯᠵᠢᠯᠡᠨ ᠬᠠᠩᠭᠠᠵᠤ ᠳᠡᠶᠢᠯᠬᠦ ᠥᠬᠡᠶ᠂ ᠲᠠᠷᠢᠯᠭ᠎ᠠ ᠬᠦᠯᠢᠶᠡᠭᠴᠢ ᠣᠨᠳᠣᠤ ᠭᠠᠵᠠᠷ ᠲᠤ ᠳᠠᠷᠢᠬᠤ ᠵᠡᠷᠭᠡ ᠣᠨᠴᠠᠭᠠᠶ ᠪᠠᠶᠢᠳᠠᠯ ᠳᠤ ᠲᠣᠬᠢᠶᠠᠯᠳᠤᠪᠠᠯ᠂ ᠠᠳᠠᠯᠢ ᠲᠥᠷᠥᠯ ᠤᠨ ᠪᠤᠰᠤᠳ ᠦᠢᠯᠡᠳᠪᠦᠷᠢ ᠤᠨ ᠠᠵᠤ ᠠᠬᠤᠶᠢᠯᠠᠯ ᠤᠨ ᠸᠠᠺᠼᠢᠨ ᠢᠶᠠᠷ ᠳᠠᠷᠢᠵᠤ ᠪᠣᠯᠤᠨ᠎ᠠ᠃        ᠸᠠᠺᠼᠢᠨ ᠤ ᠲᠠᠷᠢᠯᠭ᠎ᠠ ᠬᠢᠭᠰᠡᠨ ᠤ ᠳᠠᠷᠠᠭ᠎ᠠ ᠪᠠᠰᠠ ᠪᠥᠭᠡᠮ ᠬᠦᠴᠢᠯ ᠤᠨ ᠪᠠᠶᠢᠴᠠᠭᠠᠯᠲᠠ ᠬᠢᠬᠦ ᠴᠢᠬᠤᠯᠠᠲᠠᠶ ᠦᠦ︖        ᠬᠠᠷᠢᠭᠤᠯᠲᠠ᠄ ᠸᠠᠺᠼᠢᠨ ᠤ ᠲᠠᠷᠢᠯᠭ᠎ᠠ ᠨᠢ ᠬᠠᠯᠳᠠᠪᠤᠷᠢᠯᠠᠬᠤ ᠲᠦᠭᠰᠢᠭᠦᠷᠢ ᠶᠢ ᠵᠣᠬᠢᠬᠤ ᠬᠡᠮᠵᠢᠶ᠎ᠡ ᠪᠠᠷ ᠪᠠᠭᠠᠰᠬᠠᠵᠤ ᠪᠣᠯᠤᠨ᠎ᠠ᠂ ᠭᠡᠪᠡᠴᠦ ᠶᠠᠮᠠᠷᠪᠠ ᠸᠠᠺᠼᠢᠨ ᠤ ᠬᠠᠮᠠᠭᠠᠯᠠᠯᠲᠠ ᠶᠢᠨ ᠦᠷ᠎ᠡ ᠳ᠋ᠦᠩ ᠨᠢ ᠴᠥᠮ 100% ᠳᠤ ᠬᠦᠷᠴᠦ ᠳᠡᠶᠢᠯᠬᠦ ᠥᠬᠡᠶ᠂ ᠴᠢᠬᠤᠯᠠᠲᠠᠶ ᠦᠶ᠎ᠡ ᠳᠤ ᠮᠥᠨ ᠬᠦ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠪᠥᠭᠡᠮ ᠬᠦᠴᠢᠯ ᠤᠨ ᠪᠠᠶᠢᠴᠠᠭᠠᠯᠲᠠ ᠬᠢᠬᠦ ᠬᠡᠷᠡᠭᠲᠡᠶ᠃        ᠰᠢᠨ᠎ᠡ ᠲᠢᠲᠢᠮᠯᠢᠭ ᠸᠠᠺᠼᠢᠨ ᠤ ᠲᠠᠷᠢᠯᠭ᠎ᠠ ᠬᠢᠭᠰᠡᠨ ᠤ ᠳᠠᠷᠠᠭ᠎ᠠ᠂ ᠬᠢᠯᠢ ᠪᠠᠷ ᠣᠷᠣᠵᠤ ᠭᠠᠷᠬᠤ ᠶᠢᠨ ᠪᠠᠶᠢᠴᠠᠭᠠᠯᠲᠠ ᠳᠤ ᠴᠢᠰᠤᠨ ᠴᠠᠶᠢᠪᠠᠩ ᠤᠨ ᠡᠰᠡᠷᠭᠦᠴᠡᠭᠴᠢ ᠨᠢ ᠠᠷᠭ᠎ᠠ ᠴᠢᠨᠠᠷᠲᠠᠶ ᠪᠠᠶᠢᠪᠠᠯ ᠶᠠᠭᠠᠬᠢᠬᠤ ᠪᠣᠶ︖        ᠬᠠᠷᠢᠭᠤᠯᠲᠠ᠄ ᠬᠡᠷᠪᠡ ᠪᠠᠶᠢᠴᠠᠭᠠᠭᠳᠠᠭᠴᠢ ᠬᠤᠶᠠᠷ ᠭᠠᠷᠠᠭ ᠤᠨ ᠡᠮᠦᠨ᠎ᠡ ᠰᠢᠨ᠎ᠡ ᠲᠢᠲᠢᠮᠯᠢᠭ ᠸᠢᠷᠦ᠋ᠰ ᠤᠨ ᠸᠠᠺᠽᠢᠨ ᠲᠠᠷᠢᠭᠰᠠᠨ ᠪᠠᠶᠢᠪᠠᠯ᠂ ᠡᠰᠡᠷᠭᠦᠴᠡᠭᠴᠢ IgG ᠪᠠ IgM ᠠᠷᠭ᠎ᠠ ᠴᠢᠨᠠᠷ ᠢ ᠡᠭᠦᠰᠭᠡᠵᠦ ᠮᠡᠳᠡᠨ᠎ᠡ᠃ ᠬᠡᠷᠪᠡ ᠴᠢᠰᠤᠨ ᠴᠠᠶᠢᠪᠠᠩ ᠤᠨ ᠡᠰᠡᠷᠭᠦᠴᠡᠭᠴᠢ ᠶᠢᠨ ᠪᠠᠶᠢᠴᠠᠭᠠᠯᠲᠠ ᠶᠢᠨ ᠦᠷ᠎ᠡ ᠳ᠋ᠦᠩ ᠨᠢ ᠠᠷᠭ᠎ᠠ ᠴᠢᠨᠠᠷᠲᠠᠶ᠂ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠪᠠᠶᠢᠴᠠᠭᠠᠯᠲᠠ ᠵᠡᠷᠭᠡ ᠪᠤᠰᠤᠳ ᠪᠠᠶᠢᠴᠠᠭᠠᠯᠲᠠ ᠶᠢᠨ ᠦᠷ᠎ᠡ ᠳ᠋ᠦᠩ ᠨᠢ ᠪᠢᠯᠢᠭ ᠴᠢᠨᠠᠷᠲᠠᠶ ᠪᠠᠶᠢᠪᠠᠯ᠂ ᠰᠢᠨ᠎ᠡ ᠲᠢᠲᠢᠮᠯᠢᠭ ᠸᠠᠺᠼᠢᠨ ᠤ ᠲᠠᠷᠢᠯᠭ᠎ᠠ ᠶᠢᠨ ᠭᠡᠷᠡᠴᠢ ᠶᠢ ᠭᠠᠷᠭᠠᠨ ᠦᠵᠡᠭᠦᠯᠵᠦ᠂ ᠬᠤᠯᠪᠣᠭᠳᠠᠯ ᠪᠦᠬᠦᠢ ᠪᠠᠶᠢᠭᠤᠯᠤᠮᠵᠢ ᠶᠢᠨ ᠢᠯᠭᠠᠨ ᠮᠠᠭᠠᠳᠯᠠᠬᠤ ᠳᠤ ᠳᠦᠭᠦᠮ ᠪᠣᠯᠭᠠᠨ᠎ᠠ᠃    
 
ᠢᠷᠡᠯᠲᠡ᠄ ᠤᠯᠠᠭᠠᠨᠬᠠᠳᠠ ᠬᠤᠲᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号