ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠲᠤᠬᠠᠢ ᠮᠡᠳᠡᠯᠭᠡ ᠶᠢᠨ ᠠᠰᠠᠭᠤᠯᠲᠠ ᠬᠠᠷᠢᠭᠤᠯᠲᠠ
ᠨᠡᠶᠢᠲᠡᠯᠡᠭᠰᠡᠨ ᠴᠠᠭ᠄
2021/8/27
           ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠲᠠᠷᠢᠭᠰᠠᠨ ᠤ ᠳᠠᠷᠠᠭ᠎ᠠ ᠪᠠᠰᠠ ᠪᠥᠭᠡᠮ ᠬᠦᠴᠢᠯ ᠤᠨ ᠪᠠᠶᠢᠴᠠᠭᠠᠯᠲᠠ ᠬᠢᠬᠦ ᠴᠢᠬᠤᠯᠠ ᠲᠠᠢ ᠦᠦ︖ ᠲᠠᠷᠢᠯᠭ᠎ᠠ ᠶᠢᠨ ᠭᠡᠷᠡᠴᠢ ᠪᠠᠷ ᠪᠥᠭᠡᠮ ᠬᠦᠴᠢᠯ ᠤᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠣᠷᠣᠯᠠᠭᠤᠯᠵᠤ ᠪᠣᠯᠬᠤ ᠦᠦ︖        ᠬᠠᠷᠢᠭᠤᠯᠲᠠ᠄ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠳᠠᠷᠢᠭᠰᠠᠨ ᠤ ᠳᠠᠷᠠᠭ᠎ᠠ᠂ ᠳᠣᠤᠷᠠᠬᠢ ᠰᠢᠯᠲᠠᠭᠠᠨ ᠠᠴᠠ ᠪᠣᠯᠵᠣ᠂ ᠲᠦᠢᠯ ᠤᠨ ᠴᠥᠭᠡᠨ ᠲᠣᠭᠠᠨ ᠤ ᠲᠠᠷᠢᠯᠭ᠎ᠠ ᠬᠢᠭᠰᠡᠳ ᠤᠨ ᠬᠠᠮᠠᠭᠠᠯᠠᠯᠲᠠ ᠨᠢ ᠢᠯᠠᠭᠳᠠᠭᠰᠠᠨ ᠠᠴᠠ ᠪᠣᠯᠵᠣ ᠮᠥᠨ ᠬᠦ ᠪᠥᠭᠡᠮ ᠬᠦᠴᠢᠯ ᠤᠨ ᠪᠠᠶᠢᠴᠠᠭᠠᠯᠲᠠ ᠳᠤ ᠠᠷᠭ᠎ᠠ ᠴᠢᠨᠠᠷᠲᠠᠶ ᠪᠤᠶᠤ ᠡᠪᠡᠳᠴᠢᠯᠡᠳᠡᠭ᠄ 1. ᠸᠠᠺᠼᠢᠨ ᠤ ᠪᠥᠬᠦ ᠲᠠᠷᠢᠯᠭ᠎ᠠ ᠬᠢᠭᠰᠡᠨ ᠤ ᠳᠠᠷᠠᠭ᠎ᠠ᠂ ᠣᠨᠴᠠ ᠵᠠᠷᠢᠮ ᠤᠨ ᠦᠯᠦ ᠬᠠᠯᠳᠠᠪᠤᠷᠢᠯᠠᠬᠤ ᠴᠢᠳᠠᠮᠵᠢ ᠨᠢ ᠢᠯᠠᠭᠳᠠᠭᠰᠠᠨ ᠠᠴᠠ ᠪᠣᠯᠵᠣ ᠪᠦᠲᠦᠮᠵᠢᠲᠡᠶ ᠬᠠᠮᠠᠭᠠᠯᠠᠯᠲᠠ ᠣᠯᠤᠭᠰᠠᠨ ᠥᠬᠡᠶ᠂ ᠡᠨᠡ ᠪᠦᠯᠦᠭ ᠬᠥᠮᠦᠰ ᠰᠢᠨ᠎ᠡ ᠲᠢᠲᠢᠮᠯᠢᠭ ᠸᠢᠷᠦ᠋ᠰ ᠲᠠᠢ ᠣᠷᠴᠢᠨ ᠳᠤ ᠣᠷᠤᠰᠢᠭᠰᠠᠨ ᠤ ᠳᠠᠷᠠᠭ᠎ᠠ᠂ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠨ ᠠᠴᠠ ᠪᠣᠯᠵᠣ ᠪᠥᠭᠡᠮ ᠬᠦᠴᠢᠯ ᠤᠨ ᠠᠷᠭ᠎ᠠ ᠴᠢᠨᠠᠷ ᠶᠢ ᠪᠠᠶᠢᠴᠠᠭᠠᠨ ᠭᠠᠷᠭᠠᠬᠤ ᠪᠤᠶᠤ ᠡᠪᠡᠳᠴᠢᠯᠡᠵᠦ ᠮᠡᠳᠡᠨ᠎ᠡ᠃ 2. ᠸᠠᠺᠼᠢᠨ ᠤ ᠲᠠᠷᠢᠯᠭ᠎ᠠ ᠬᠢᠭᠰᠡᠨ ᠤ ᠳᠠᠷᠠᠭ᠎ᠠ ᠬᠡᠰᠡᠭ ᠬᠤᠭᠤᠴᠠᠭ᠎ᠠ ᠥᠩᠭᠡᠷᠡᠭᠰᠡᠨ ᠤ ᠳᠠᠷᠠᠭ᠎ᠠ ᠰᠠᠶ᠋ᠢ ᠬᠠᠮᠠᠭᠠᠯᠠᠯᠲᠠ ᠶᠢᠨ ᠦᠷ᠎ᠡ ᠳ᠋ᠦᠩ ᠭᠠᠷᠤᠨ᠎ᠠ᠃ ᠬᠡᠷᠪᠡ ᠡᠨᠡ ᠬᠤᠭᠤᠴᠠᠭᠠᠨ ᠳᠤ ᠰᠢᠨ᠎ᠡ ᠲᠢᠲᠢᠮᠯᠢᠭ ᠸᠢᠷᠦ᠋ᠰ ᠲᠤ ᠨᠡᠷᠪᠡᠭᠳᠡᠪᠡᠯ᠂ ᠪᠥᠭᠡᠮ ᠬᠦᠴᠢᠯ ᠤᠨ ᠠᠷᠭ᠎ᠠ ᠴᠢᠨᠠᠷ ᠶᠢ ᠪᠠᠶᠢᠴᠠᠭᠠᠨ ᠭᠠᠷᠭᠠᠬᠤ ᠪᠤᠶᠤ ᠡᠪᠡᠳᠴᠢᠯᠡᠵᠦ ᠮᠡᠳᠡᠨ᠎ᠡ᠃ 3. ᠡᠪᠡᠳᠴᠢᠨ ᠤ ᠨᠢᠭᠤᠭᠳᠠᠮᠠᠯ ᠬᠤᠭᠤᠴᠠᠭᠠᠨ ᠳᠤ ᠪᠠᠶᠢᠭ᠎ᠠ ᠡᠪᠡᠳᠴᠢᠲᠡᠨ ᠪᠤᠶᠤ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ ᠲᠤ ᠸᠠᠺᠼᠢᠨ ᠤ ᠲᠠᠷᠢᠯᠭ᠎ᠠ ᠬᠢᠭᠰᠡᠨ ᠴᠦ ᠨᠢᠭᠡᠨᠲᠡ ᠬᠠᠯᠳᠠᠪᠤᠷᠢᠯᠠᠭᠳᠠᠭᠰᠠᠨ ᠠᠴᠠ ᠪᠣᠯᠵᠤ ᠪᠥᠭᠡᠮ ᠬᠦᠴᠢᠯ ᠤᠨ ᠠᠷᠭ᠎ᠠ ᠴᠢᠨᠠᠷ ᠶᠢ ᠪᠠᠶᠢᠴᠠᠭᠠᠨ ᠭᠠᠷᠭᠠᠬᠤ ᠪᠤᠶᠤ ᠡᠪᠡᠳᠴᠢᠯᠡᠵᠦ ᠮᠡᠳᠡᠨ᠎ᠡ᠃
 
ᠢᠷᠡᠯᠲᠡ᠄ ᠤᠯᠠᠭᠠᠨᠬᠠᠲᠠ ᠬᠤᠲᠠ ᠶᠢᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号