66.3 ᠲᠦᠮᠡᠨ ᠲᠣᠨ︕ ᠮᠠᠨ ᠤ ᠣᠷᠣᠨ ᠤ ᠦᠬᠡᠷ ᠤᠨ ᠮᠢᠬᠠᠨ ᠤ ᠵᠢᠯ ᠤᠨ ᠭᠠᠷᠤᠯᠲᠠ ᠪᠥᠬᠦ ᠤᠯᠤᠰ ᠲᠤ ᠲᠡᠷᠢᠭᠦᠯᠡᠪᠡ
ᠨᠡᠶᠢᠲᠡᠯᠡᠭᠰᠡᠨ ᠴᠠᠭ᠄
2021/8/27
           8 ᠳ᠋ᠤᠭᠠᠷ ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠤ ᠦᠬᠡᠷ ᠤᠨ ᠮᠢᠬᠠᠨ ᠤ ᠵᠢᠯ ᠤᠨ ᠭᠠᠷᠤᠯᠲᠠ 66.3 ᠲᠦᠮᠡᠨ ᠲᠣᠨ ᠳᠤ ᠬᠦᠷᠴᠦ᠂ ᠱᠠᠨᠳᠦ᠋ᠩ ᠮᠤᠵᠢ ᠶᠢ ᠳᠠᠪᠠᠵᠤ ᠪᠥᠬᠦ ᠤᠯᠤᠰ ᠲᠤ ᠲᠡᠷᠢᠭᠦᠯᠡᠨ᠂ ᠪᠥᠬᠦ ᠤᠯᠤᠰ ᠤᠨ ᠦᠬᠡᠷ ᠤᠨ ᠮᠢᠬᠠᠨ ᠤ ᠭᠠᠷᠤᠯᠲᠠ ᠶᠢᠨ ᠠᠷᠪᠠᠨ ᠤ ᠨᠢᠭᠡ ᠶᠢ ᠡᠵᠡᠯᠡᠵᠦ᠂ ᠤᠯᠤᠰ ᠤᠨ ᠦᠬᠡᠷ ᠤᠨ ᠠᠰᠢᠭ ᠰᠢᠮ᠎ᠡ ᠶᠢᠨ ᠪᠦᠲᠦᠮᠵᠢᠲᠡᠶ ᠬᠠᠩᠭᠠᠯᠭ᠎ᠠ ᠶᠢ ᠪᠠᠲᠤᠯᠠᠬᠤ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃        ᠤᠢᠢᠷ᠎ᠠ ᠶᠢᠨ ᠵᠢᠯ ᠤᠨ ᠲᠤᠷᠰᠢ᠂ ᠮᠠᠨ ᠤ ᠣᠷᠣᠨ ᠡᠬᠢ ᠪᠠᠶᠠᠯᠢᠭ ᠤᠨ ᠳᠠᠪᠠᠭᠤᠯᠢᠭ ᠲᠤ ᠪᠠᠨ ᠰᠠᠭᠤᠷᠢᠯᠠᠵᠤ ᠂ ᠠᠯᠠᠰᠢᠨ ᠦᠬᠡᠷ ᠤᠨ ᠦᠢᠯᠡᠳᠪᠦᠷᠢᠯᠡᠯ ᠤᠨ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠦᠷᠭᠦᠯᠵᠢᠯᠡᠨ ᠬᠦᠴᠦᠯᠡᠪᠡ᠃ ᠮᠠᠯᠵᠢᠬᠤ ᠣᠷᠣᠨ ᠠᠴᠠ ᠲᠠᠯ᠎ᠠ ᠨᠤᠲᠤᠭ ᠤᠨ ᠮᠠᠯ ᠠᠵᠤ ᠠᠬᠤᠢ ᠶᠢᠨ ᠥᠪᠡᠷ ᠤᠨ ᠦᠷᠳᠡᠭ ᠨᠢ ᠳᠣᠣᠷ᠎ᠠ ᠳᠠᠪᠠᠭᠤᠯᠢᠭ ᠢᠶᠠᠨ ᠪᠠᠳᠠᠷᠠᠭᠤᠯᠵᠤ᠂ ᠦᠷᠡᠵᠢᠭᠦᠯᠦᠨ ᠪᠤᠶᠢᠵᠢᠭᠤᠯᠬᠤ ᠡᠷᠴᠢᠮ ᠢᠶᠠᠨ ᠴᠢᠩᠭᠠᠷᠠᠭᠤᠯᠦᠨ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ︔ ᠲᠠᠷᠢᠶᠠᠯᠠᠬᠤ ᠣᠷᠣᠨ ᠪᠠ ᠬᠠᠭᠠᠰ ᠲᠠᠷᠢᠶᠠᠯᠠᠬᠤ ᠬᠠᠭᠠᠰ ᠮᠠᠯᠵᠢᠬᠤ ᠣᠷᠣᠨ ᠠᠴᠠ ᠬᠥᠬᠡ ᠳᠠᠷᠤᠰᠢ ᠶᠢᠨ ᠡᠷᠳᠡᠨᠢ ᠰᠢᠰᠢ ᠪᠠ ᠡᠰᠢ ᠰᠦᠷᠡᠯ ᠤᠨ ᠳᠠᠪᠠᠭᠤᠯᠢᠭ ᠢᠶᠠᠨ ᠪᠠᠳᠠᠷᠠᠭᠤᠯᠵᠤ᠂ ᠪᠣᠷᠳᠣᠵᠤ ᠲᠠᠷᠭᠤᠯᠠᠭᠤᠯᠬᠤ᠂ ᠮᠠᠯ ᠰᠦᠷᠦᠭ ᠢᠶᠠᠨ ᠥᠷᠭᠡᠳᠬᠡᠨ ᠨᠡᠮᠡᠭᠳᠡᠭᠦᠯᠬᠦ ᠶᠢ ᠶᠡᠭᠡ ᠪᠠᠷ ᠠᠬᠢᠭᠤᠯᠪᠠ᠃ ︽ᠮᠠᠯ ᠠᠵᠤ ᠠᠬᠤᠶ ᠶᠢ ᠬᠦᠭᠵᠢᠭᠦᠯᠦᠨ ᠲᠠᠷᠢᠶᠠᠯᠠᠩ ᠢ ᠪᠤᠶᠢᠵᠢᠭᠤᠯᠬᠤ︾ ᠪᠠᠷ ᠭᠤᠤᠯ ᠬᠥᠭᠵᠢᠯᠲᠡ ᠶᠢᠨ ᠰᠡᠳᠬᠢᠮᠵᠢ ᠪᠠᠨ ᠪᠣᠯᠭᠠᠵᠤ᠂ ᠣᠨᠴᠠᠯᠢᠭ ᠢᠶᠠᠷ ᠢᠯᠡ ᠲᠣᠳᠣ᠂ ᠳᠠᠪᠠᠭᠤᠯᠢᠭ ᠢᠶᠠᠷ ᠲᠣᠪᠤᠶᠢᠮ᠎ᠠ ᠠᠯᠠᠰᠢᠨ ᠦᠬᠡᠷ ᠤᠨ ᠠᠵᠤ ᠦᠢᠯᠡᠰ ᠤᠨ ᠪᠦᠰᠡ ᠶᠢ ᠪᠣᠶ ᠪᠣᠯᠭᠠᠵᠤ᠂ ᠰᠠᠭᠤᠷᠢ ᠡᠬᠡ ᠮᠠᠯ᠂ ᠡᠷᠯᠢᠰᠡ ᠦᠬᠡᠷ᠂ ᠪᠣᠷᠳᠣᠵᠤ ᠲᠠᠷᠭᠤᠯᠠᠭᠤᠯᠬᠤ ᠦᠬᠡᠷ ᠤᠨ ᠦᠢᠯᠡᠳᠪᠦᠷᠢᠯᠡᠯ ᠤᠨ ᠪᠦᠷᠢᠨ ᠪᠦᠲᠦᠨ ᠲᠣᠭᠲᠠᠯᠴᠠᠭ᠎ᠠ ᠶᠢ ᠪᠠᠶᠢᠭᠤᠯᠵᠤ᠂ 10 ᠲᠦᠮᠡ ᠠᠴᠠ ᠳᠡᠭᠡᠭᠰᠢ ᠠᠯᠠᠰᠢᠨ ᠦᠬᠡᠷ ᠲᠡᠵᠢᠭᠡᠨ ᠦᠷᠡᠵᠢᠭᠦᠯᠬᠦ ᠲᠣᠮᠣ ᠰᠢᠶᠠᠨ 34 ᠪᠣᠯᠪᠠ᠃        ︽ᠠᠯᠠᠰᠢᠨ ᠦᠬᠡᠷ ᠤᠨ ᠥᠨᠳᠥᠷ ᠭᠠᠷᠤᠯᠲᠠ ᠶᠢ ᠡᠭᠦᠳᠦᠨ ᠪᠠᠶᠢᠭᠤᠯᠬᠤ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ᠮᠠᠨ ᠤ ᠣᠷᠣᠨ ᠪᠤᠬ᠎ᠠ ᠶᠢᠨ ᠥᠷᠲᠡᠭᠡ᠂ ᠭᠤᠤᠯ ᠡᠭᠦᠯᠳᠡᠷ ᠪᠤᠶᠢᠵᠢᠭᠤᠯᠬᠤ ᠲᠠᠯᠠᠪᠠᠶ ᠂ ᠬᠥᠮᠦᠨ ᠤ ᠬᠦᠴᠦ ᠪᠠᠷ ᠦᠷ᠎ᠡ ᠲᠣᠭᠲᠠᠭᠠᠬᠤ ᠥᠷᠲᠡᠭᠡ ᠪᠠᠷ ᠭᠤᠤᠯ ᠴᠣᠭᠴᠠ ᠪᠣᠯᠭᠠᠭᠰᠠᠨ ᠦᠷᠡᠵᠢᠭᠦᠯᠦᠨ ᠪᠤᠶᠢᠵᠢᠭᠤᠯᠬᠤ ᠲᠣᠭᠲᠠᠯᠴᠠᠭ᠎ᠠ ᠶᠢ ᠪᠠᠶᠢᠭᠤᠯᠪᠠ᠃ ᠵᠢᠯ ᠪᠦᠷᠢ ᠴᠢᠨᠠᠷ ᠰᠠᠶᠢᠲᠠᠶ ᠠᠯᠠᠰᠢᠨ ᠦᠬᠡᠷ ᠤᠨ ᠢᠴᠡᠭᠡᠯ ᠥᠷ᠎ᠡ ᠶᠢ 800 ᠲᠦᠮᠡ ᠠᠴᠠ ᠳᠡᠭᠡᠭᠰᠢ ᠦᠢᠯᠡᠳᠪᠦᠷᠢᠯᠡᠵᠦ᠂ ᠳᠠᠪᠠᠭᠤᠯᠢᠭ ᠭᠠᠷᠤᠯᠲᠠ ᠶᠢᠨ ᠣᠷᠣᠨ ᠤ ᠲᠡᠵᠢᠭᠡᠨ ᠦᠷᠡᠵᠢᠭᠦᠯᠬᠦ ᠡᠷᠦᠬᠡ ᠳᠤ ᠰᠠᠶᠢᠨ ᠡᠭᠦᠯᠳᠡᠷ ᠤᠨ ᠢᠴᠡᠭᠡᠯ ᠥᠷ᠎ᠡ ᠶᠢ ᠰᠦᠢᠳᠬᠡᠯ ᠬᠤᠷᠢᠶᠠᠬᠤ ᠥᠬᠡᠶ ᠪᠠᠷ ᠬᠡᠷᠡᠭᠯᠡᠭᠦᠯᠬᠦ ᠶᠢ ᠳᠡᠮᠵᠢᠵᠦ᠂ ᠬᠥᠯᠳᠡᠭᠡᠵᠦ ᠬᠡᠭᠡᠯᠲᠦᠭᠦᠯᠦᠨ ᠡᠭᠦᠯᠳᠡᠷ ᠰᠠᠶᠢᠵᠢᠷᠠᠭᠤᠯᠬᠤ ᠶᠢ ᠴᠢᠩᠭᠠᠳᠬᠠᠨ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠶᠢ ᠲᠤᠭ᠎ᠠ ᠬᠡᠮᠵᠢᠶ᠎ᠡ ᠶᠢᠨ ᠥᠷᠭᠡᠳᠬᠡᠯ ᠠᠴᠠ ᠶᠠᠰᠤ ᠴᠢᠨᠠᠷ ᠦᠷ᠎ᠡ ᠠᠰᠢᠭ ᠤᠨ ᠬᠡᠯᠪᠡᠷᠢ ᠲᠡᠶᠢᠰᠢ ᠬᠤᠪᠢᠷᠠᠭᠤᠯᠬᠤ ᠶᠢ ᠠᠬᠢᠭᠤᠯᠪᠠ᠃ ᠡᠭᠦᠨ ᠤ ᠬᠠᠮᠲᠤ᠂ ︽ᠳᠠᠷᠢᠵᠤ ᠲᠡᠵᠢᠭᠡᠬᠦ ᠶᠢ ᠤᠶᠠᠯᠳᠤᠭᠤᠯᠤᠨ ᠂ ᠲᠡᠵᠢᠭᠡᠬᠦ ᠶᠢᠨ ᠲᠥᠯᠥᠭᠡ ᠳᠠᠷᠢᠬᠤ︾ ᠮᠠᠯ ᠪᠡᠯᠴᠢᠭᠡᠷ ᠢ ᠨᠢᠭᠡ ᠴᠣᠭᠴᠠᠵᠢᠭᠤᠯᠤᠭᠰᠠᠨ ᠦᠢᠯᠡᠳᠪᠦᠷᠢᠯᠡᠯ ᠤᠨ ᠵᠠᠭᠪᠤᠷ ᠢ ᠪᠠᠷᠢᠮᠲᠠᠯᠠᠵᠤ᠂ ᠲᠠᠷᠢᠶᠠᠯᠠᠬᠤ ᠣᠷᠣᠨ ᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠣᠷᠣᠨ ᠪᠠ ᠲᠠᠷᠢᠶᠠᠯᠠᠩ ᠮᠠᠯ ᠠᠵᠤ ᠠᠬᠤᠶ ᠰᠣᠯᠪᠢᠴᠠᠭᠰᠠᠨ ᠪᠦᠰᠡ ᠶᠢᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠳᠠᠪᠠᠭᠤᠯᠢᠭ ᠣᠷᠣᠨ ᠳᠤ᠂ ᠬᠥᠬᠡ ᠳᠠᠷᠤᠰᠢ ᠶᠢᠨ ᠡᠷᠳᠡᠨᠢ ᠰᠢᠰᠢ ᠪᠠᠷ ᠭᠤᠤᠯ ᠪᠣᠯᠭᠠᠭᠰᠠᠨ᠂ ᠴᠠᠷᠭᠠᠰᠤ ᠵᠡᠷᠭᠡ ᠴᠢᠨᠠᠷ ᠰᠠᠶᠢᠲᠠᠶ ᠲᠡᠵᠢᠭᠡᠯ ᠡᠪᠡᠰᠦ ᠪᠠᠷ ᠬᠠᠪᠰᠤᠷᠤᠮᠵᠢ ᠪᠣᠯᠭᠠᠭᠰᠠᠨ ᠴᠢᠨᠠᠷ ᠰᠠᠶᠢᠲᠠᠶ ᠲᠡᠵᠢᠭᠡᠯ ᠡᠪᠡᠰᠦ ᠪᠣᠷᠳᠤᠭ᠎ᠠ ᠶᠢᠨ ᠲᠤᠰᠬᠠᠶᠢᠵᠢᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠢᠵᠢ ᠪᠥᠷᠢᠳᠦᠭᠦᠯᠦᠨ ᠪᠥᠲᠥᠭᠡᠨ ᠪᠠᠶᠢᠭᠤᠯᠪᠠ᠃ ᠠᠯᠠᠰᠢᠨ ᠦᠬᠡᠷ ᠤᠨ ᠦᠢᠯᠡᠳᠪᠦᠷᠢᠯᠡᠯ ᠢ ᠪᠠᠷᠢᠮᠵᠢᠶᠠᠵᠢᠭᠤᠯᠬᠤ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢᠨ ᠬᠥᠲᠥᠯᠦᠨ ᠳᠠᠭᠠᠭᠤᠯᠵᠤ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠂ ︽ᠺᠣᠮᠫᠠᠨᠢ + ᠮᠠᠯᠵᠢᠬᠤ ᠲᠠᠷᠢᠶᠠᠯᠠᠬᠤ ᠡᠷᠦᠬᠡ︾ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠠᠷᠢᠮᠵᠢᠶᠠᠵᠢᠭᠤᠯᠤᠭᠰᠠᠨ ᠵᠣᠬᠢᠬᠤ ᠬᠡᠪᠴᠢᠶ᠎ᠡ ᠪᠠᠷ ᠲᠡᠵᠢᠭᠡᠨ ᠦᠷᠡᠵᠢᠭᠦᠯᠬᠦ ᠶᠢ ᠳᠠᠶᠢᠴᠢᠯᠠᠵᠤ᠂ ᠡᠬᠡ ᠮᠠᠯ ᠤᠨ ᠦᠷᠡᠵᠢᠯ ᠤᠨ ᠨᠣᠷᠮ᠎ᠠ ᠪᠠ ᠪᠣᠷᠳᠣᠵᠤ ᠲᠠᠷᠭᠤᠯᠠᠭᠤᠯᠬᠤ ᠦᠬᠡᠷ ᠤᠨ ᠭᠠᠷᠤᠯᠲᠠ ᠶᠢᠨ ᠦᠷ᠎ᠡ ᠠᠰᠢᠭ ᠢ ᠪᠦᠲᠦᠮᠵᠢᠲᠡᠶ ᠳᠡᠭᠡᠭᠰᠢᠯᠡᠭᠦᠯᠪᠡ᠃ ᠠᠯᠢ ᠣᠯᠠᠨ ᠪᠦᠲᠦᠮᠵᠢᠲᠡᠶ ᠠᠷᠭ᠎ᠠ ᠬᠡᠮᠵᠢᠶ᠎ᠡ ᠨᠦᠭᠦᠳ ᠨᠢ ᠮᠠᠨ ᠤ ᠣᠷᠣᠨ ᠤ ᠠᠯᠠᠰᠢᠨ ᠦᠬᠡᠷ ᠤᠨ ᠲᠤᠭ᠎ᠠ ᠪᠠ ᠭᠠᠷᠤᠯᠲᠠ ᠶᠢᠨ ᠬᠡᠮᠵᠢᠶ᠎ᠡ ᠶᠢ ᠵᠡᠷᠭᠡ ᠪᠠᠷ ᠳᠡᠭᠡᠭᠰᠢᠯᠡᠭᠦᠯᠬᠦ ᠶᠢ ᠠᠬᠢᠭᠤᠯᠪᠠ᠃ ᠣᠳᠣᠬᠠᠨ ᠳᠤ᠂ ᠪᠥᠬᠦ ᠣᠷᠣᠨ ᠤ ᠠᠯᠠᠰᠢᠨ ᠦᠬᠡᠷ ᠤᠨ ᠲᠤᠭ᠎ᠠ 580.1 ᠲᠦᠮᠡ ᠳᠤ ᠬᠦᠷᠴᠡᠶ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号