ᠬᠤᠲᠠ ᠶᠢᠨ ᠵᠠᠰᠠᠭ ᠤᠨ ᠣᠷᠳᠣᠨ 2021 ᠣᠨ ᠤ ᠠᠷᠪᠠᠨ ᠬᠤᠶᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/8/27
           8 ᠰᠠᠷ᠎ᠠ ᠶᠢᠨ 26 ᠤ ᠡᠳᠦᠷ᠂ ᠬᠤᠳᠠ ᠶᠢᠨ ᠳᠠᠷᠤᠭ᠎ᠠ ᠸᠠᠩ ᠸᠠᠩ ᠱᠧᠩ 2021 ᠣᠨ ᠤ ᠠᠷᠪᠠᠨ ᠬᠤᠶᠠᠳᠤᠭᠠᠷ ᠤᠳᠠᠭ᠎ᠠ ᠶᠢᠨ ᠬᠤᠳᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠳᠡᠭᠡᠷ᠎ᠡ᠂ ᠪᠦᠬᠦ ᠤᠯᠤᠰ ᠤᠨ ᠪᠣᠯᠪᠠᠰᠤᠨ ᠬᠤᠳᠠ᠂ ᠬᠤᠳᠠ ᠶᠢᠨ ᠲᠤᠰ ᠱᠠᠲᠤᠨ ᠤ ᠮᠡᠳᠡᠭᠳᠡᠵᠦ ᠠᠮᠠᠯᠠᠭᠤᠯᠬᠤ ᠳᠦᠷᠢᠮ ᠢ ᠬᠡᠷᠡᠭᠵᠢᠭᠦᠯᠦᠭᠰᠡᠨ ᠭᠡᠷᠡᠴᠢᠯᠡᠬᠦ ᠵᠦᠢᠯᠡᠰ ᠤᠨ ᠭᠠᠷᠴᠠᠭ ᠤᠨ ᠨᠠᠷᠢᠨ ᠳᠠᠩᠰᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠪᠣᠯᠤᠨ ᠵᠢᠱᠢᠶ᠎ᠡ ᠦᠵᠡᠭᠦᠯᠬᠦ ᠰᠢᠶᠠᠨ ᠵᠡᠷᠭᠡ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠵᠤ᠂ ︽ᠤᠯᠠᠭᠠᠨᠬᠠᠳᠠ ᠬᠤᠲᠠ ᠶᠢᠨ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠬᠡᠮᠵᠢᠶ᠎ᠡ ᠶᠢᠨ ᠬᠤᠪᠢᠶᠠᠷᠢᠯᠠᠯᠲᠠ ᠶᠢᠨ ᠭᠦᠢᠴᠡᠳᠬᠡᠯ ᠲᠤᠭ᠎ᠠ︾᠂ ︽ᠲᠠᠷᠢᠶᠠᠯᠠᠩ ᠳᠤ ᠬᠡᠷᠡᠭᠯᠡᠬᠦ ᠤᠰᠤᠨ ᠤ ᠬᠤᠭᠤᠯᠠᠶ ᠶᠢᠨ ᠡᠵᠡᠮᠳᠡᠯ ᠤᠨ ᠬᠢᠨᠠᠨ ᠰᠢᠯᠭᠠᠬᠤ ᠲᠥᠰᠦᠯ︾ ᠪᠠ ︽ᠤᠯᠠᠭᠠᠨᠬᠠᠳᠠ ᠬᠤᠲᠠ ᠶᠢᠨ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠤᠰᠤᠨ ᠤ ᠬᠤᠷᠣᠭᠳᠠᠯ ᠤᠨ ᠬᠤᠤᠰ ᠡᠵᠡᠮᠳᠡᠯ ᠤᠨ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠬᠦ ᠶᠢᠨ ᠬᠠᠮᠲᠤ ᠵᠠᠷᠴᠢᠮ ᠳᠡᠭᠡᠷ᠎ᠡ ᠪᠠᠨ ᠪᠠᠲᠤᠯᠠᠵᠤ᠂ ︽ᠬᠤᠶᠠᠷ ᠢ ᠪᠠᠭᠠᠰᠬᠠᠬᠤ︾ ᠠᠵᠢᠯ ᠵᠢᠴᠢ ᠪᠠᠭᠰᠢ ᠶᠢᠨ ᠮᠣᠷᠠᠯ ᠰᠤᠷᠲᠠᠯ ᠤᠨ ᠪᠠᠶᠢᠭᠤᠯᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ᠂ ᠪᠥᠬᠦ ᠬᠤᠲᠠ ᠶᠢᠨ ᠨᠠᠮᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠳᠤ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠬᠡᠷᠡᠭᠵᠢᠭᠦᠯᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃        ᠬᠤᠷᠠᠯ ᠠᠴᠠ᠂ ᠪᠦᠬᠦ ᠤᠯᠤᠰ ᠤᠨ ᠪᠣᠯᠪᠠᠰᠤᠨ ᠬᠤᠳᠠ ᠪᠣᠯ ᠨᠢᠭᠡ ᠬᠤᠳᠠ ᠶᠢᠨ ᠬᠠᠮᠢᠶᠠᠷᠤᠯᠲᠠ ᠶᠢᠨ ᠴᠢᠳᠠᠪᠤᠷᠢ᠂ ᠶᠡᠷᠦᠩᠬᠡᠶᠢᠯᠡᠭᠰᠡᠨ ᠥᠷᠢᠰᠥᠯᠳᠦᠭᠡᠨ ᠤ ᠪᠣᠳᠠᠲᠤ ᠬᠦᠴᠦᠨ ᠪᠣᠯᠤᠨ ᠦᠷᠭᠦᠯᠵᠢᠯᠡᠬᠦ ᠬᠥᠭᠵᠢᠯᠲᠡ ᠶᠢᠨ ᠳᠠᠯᠳᠠ ᠬᠦᠴᠦᠨ ᠤ ᠶᠡᠷᠦᠩᠬᠡᠶᠢᠯᠡᠭᠰᠡᠨ ᠢᠯᠡᠷᠡᠯ ᠮᠥᠨ᠂ ᠨᠢᠭᠡ ᠬᠤᠳᠠ ᠶᠢᠨ ᠶᠡᠷᠦᠩᠬᠡᠶᠢᠯᠡᠭᠰᠡᠨ ᠬᠥᠭᠵᠢᠯᠲᠡ ᠶᠢᠨ ᠦᠷ᠎ᠡ ᠪᠦᠲᠦᠭᠡᠯ ᠢ ᠲᠤᠰᠬᠠᠬᠤ ᠬᠠᠮᠤᠭ ᠤᠨ ᠳᠡᠭᠡᠳᠦ ᠢᠷᠠᠭᠤ ᠠᠯᠳᠠᠷ ᠮᠥᠨ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ᠂ ᠬᠤᠳᠠ ᠶᠢᠨ ᠲᠡᠷᠢᠭᠦᠨ ᠤ ᠬᠡᠮᠵᠢᠶ᠎ᠡ ᠶᠢ ᠳᠡᠭᠡᠭᠰᠢᠯᠡᠭᠦᠯᠬᠦ᠂ ᠤᠯᠠᠭᠠᠨᠬᠠᠳᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠪᠦᠬᠦ ᠬᠤᠳᠠ ᠪᠠᠷ ᠢᠶᠠᠨ ︽ᠡᠭᠦᠳᠪᠡᠯ ᠵᠠᠪᠠᠯ ᠪᠦᠲᠦᠭᠡᠬᠦ︾ ᠢᠲᠡᠭᠡᠯ ᠵᠣᠷᠢᠭ ᠢᠶᠠᠨ ᠪᠠᠲᠤᠳᠬᠠᠵᠤ᠂ ᠡᠭᠦᠳᠦᠨ ᠪᠠᠶᠢᠭᠤᠯᠬᠤ ᠠᠵᠢᠯ ᠤᠨ ᠳᠤᠮᠳᠠ ᠢᠯᠡᠷᠡᠭᠦᠯᠦᠭᠰᠡᠨ ᠪᠠᠭᠤᠷᠠᠢ ᠭᠤᠭᠴᠤᠭ᠎ᠠ ᠪᠣᠯᠤᠨ ᠳᠤᠪᠤᠶᠢᠮ᠎ᠠ ᠠᠰᠠᠭᠤᠳᠠᠯ ᠳᠤ ᠴᠢᠭᠯᠡᠭᠦᠯᠦᠨ᠂ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠵᠤ᠂ ᠣᠨᠤᠴᠠᠲᠠᠢ ᠬᠦᠴᠦᠯᠡᠵᠦ᠂ ᠴᠢᠩᠭ᠎ᠠ ᠠᠳᠬᠤᠵᠤ᠂ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃        ᠬᠤᠷᠠᠯ ᠠᠴᠠ᠂ ᠭᠡᠷᠡᠴᠢᠯᠡᠬᠦ ᠵᠦᠢᠯᠡᠰ ᠢ ᠮᠡᠳᠡᠭᠳᠡᠵᠦ ᠠᠮᠠᠯᠠᠭᠤᠯᠬᠤ ᠲᠦᠷᠢᠮ ᠤᠨ ᠠᠵᠢᠯ ᠪᠣᠯ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠭᠤᠣᠯᠳᠠᠯᠭ᠎ᠠ ᠲᠠᠢ ᠡᠭᠦᠷᠭᠡ ᠶᠢᠨ ᠨᠢᠭᠡ ᠪᠣᠯᠤᠨ᠎ᠠ᠂ ᠪᠠᠰᠠ ︽ᠦᠨᠡᠮᠯᠡᠯ ᠢ ᠪᠠᠭᠠᠰᠬᠠᠵᠤ ᠠᠷᠠᠳ ᠲᠤ ᠲᠦᠭᠦᠮ ᠦᠵᠡᠭᠦᠯᠬᠦ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠬᠦ ᠪᠣᠳᠠᠲᠠᠢ ᠠᠷᠭ᠎ᠠ ᠬᠡᠮᠵᠢᠶ᠎ᠡ ᠪᠣᠯᠤᠨ᠎ᠠ᠂ ᠠᠵᠤ ᠠᠬᠤᠶᠢᠯᠠᠯ ᠪᠠ ᠤᠯᠠᠨ ᠲᠦᠮᠡᠨ ᠤ ᠠᠵᠢᠯ ᠶᠠᠪᠤᠳᠠᠯ ᠰᠢᠢᠳᠪᠦᠷᠢᠯᠡᠬᠦ ᠳᠤ ᠲᠦᠭᠦᠮ ᠦᠵᠡᠭᠦᠯᠬᠦ᠂ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠰᠠᠶᠢᠵᠢᠷᠠᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠠᠵᠤ ᠠᠬᠤᠶᠢᠯᠠᠯ ᠳᠤ ᠠᠰᠢᠭᠲᠠᠶ ᠠᠷᠠᠳ ᠲᠤ ᠲᠥᠬᠦᠮ ᠦᠵᠡᠭᠦᠯᠬᠦ ᠵᠠᠷᠴᠢᠮ ᠢ ᠪᠠᠷᠢᠮᠲᠠᠯᠠᠨ᠂ ᠬᠠᠷᠢᠭᠤᠴᠠᠯᠭ᠎ᠠ ᠶᠢ ᠱᠠᠲᠤ ᠳᠠᠷᠠᠭᠠᠯᠠᠨ ᠪᠣᠳᠠᠲᠠᠶᠢᠵᠢᠭᠤᠯᠵᠤ᠂ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠴᠦ᠂ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠩᠭᠠᠳᠬᠠᠨ᠂ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠭᠡᠷᠡᠴᠢᠯᠡᠬᠦ ᠵᠦᠢᠯᠡᠰ ᠢ ᠮᠡᠳᠡᠭᠳᠡᠵᠦ ᠠᠮᠠᠯᠠᠭᠤᠯᠬᠤ ᠲᠦᠷᠢᠮ ᠤᠨ ᠠᠵᠢᠯ ᠢ ᠯᠠᠪᠳᠠᠭᠤᠨ ᠪᠠᠲᠤᠲᠠᠶ ᠡᠮᠬᠢ ᠵᠢᠷᠤᠮ ᠲᠠᠢ ᠥᠷᠨᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃         ᠬᠤᠷᠠᠯ ᠠᠴᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠪᠣᠯᠤᠨ ᠵᠢᠱᠢᠶ᠎ᠡ ᠦᠵᠡᠭᠦᠯᠬᠦ ᠰᠢᠶᠠᠨ ᠢ ᠰᠠᠶᠢᠲᠤᠷ ᠰᠣᠩᠭᠤᠬᠤ ᠨᠢ ᠪᠦᠬᠦ ᠬᠤᠳᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠬᠠᠷᠠᠯᠲᠠ ᠡᠭᠦᠷᠭᠡ ᠪᠠᠨ ᠲᠣᠳᠤᠷᠬᠠᠶᠢᠯᠠᠨ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠨᠡᠩ ᠤᠯᠠᠨ ᠦᠨ᠎ᠡ ᠦᠷᠳᠡᠭ ᠲᠠᠢ ᠳᠡᠮᠵᠢᠯᠭᠡ ᠶᠢᠨ ᠲᠦᠷᠦ ᠶᠢᠨ ᠪᠤᠳᠤᠯᠭ᠎ᠠ ᠶᠢ ᠲᠣᠭᠲᠠᠭᠠᠨ ᠨᠡᠶᠢᠲᠡᠯᠡᠵᠦ᠂ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠪᠣᠯᠤᠨ ᠵᠢᠱᠢᠶ᠎ᠡ ᠦᠵᠡᠭᠦᠯᠬᠦ ᠰᠢᠶᠠᠨ ᠢ ᠳᠠᠷᠤᠢ ᠲᠦᠷᠭᠡᠨ ᠦᠯᠢᠭᠡᠷ ᠳᠠᠭᠤᠷᠢᠶᠠᠯ ᠢᠨᠵᠧᠨᠧᠷᠢᠩ ᠪᠣᠯᠭᠠᠨ ᠪᠠᠶᠢᠭᠤᠯᠵᠤ᠂ ᠪᠦᠬᠦ ᠬᠤᠳᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠲᠤᠯᠢ ᠪᠣᠯᠭᠠᠵᠤ ᠪᠣᠯᠬᠤ ᠨᠡᠶᠢᠲᠡᠯᠢᠭ ᠲᠤᠷᠰᠢᠯᠭ᠎ᠠ ᠶᠢ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃        ᠬᠤᠷᠠᠯ ᠠᠴᠠ᠂ ᠤᠰᠤᠨ ᠤ ᠠᠮᠤᠷ ᠲᠦᠪᠰᠢᠨ ᠢ ᠪᠠᠲᠤᠯᠠᠬᠤ ᠨᠢᠭᠡ ︽ᠭᠦᠢᠴᠡᠳᠬᠡᠯ ᠲᠤᠭ᠎ᠠ︾᠂ ᠬᠤᠶᠠᠷ ︽ᠲᠥᠰᠦᠯ︾ ᠢ ᠨᠡᠶᠢᠲᠡᠯᠡᠭᠰᠡᠨ ᠶᠠᠪᠤᠳᠠᠯ ᠪᠣᠯ ᠶᠡᠷᠦᠩᠬᠡᠶ ᠱᠦᠵᠢ ᠰᠢ ᠶᠢᠨ ᠫᠢᠩ ᠤᠨ ︽ᠤᠰᠤ ᠠᠷᠪᠢᠯᠠᠬᠤ ᠶᠢ ᠲᠡᠷᠢᠭᠦᠨ ᠳᠤ ᠪᠣᠳᠤᠯᠬᠢᠯᠠᠬᠤ᠂ ᠣᠷᠣᠨ ᠵᠠᠶ ᠶᠢ ᠲᠡᠩᠴᠡᠭᠦᠷᠢᠲᠡᠶ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠵᠠᠰᠠᠬᠤ ᠰᠡᠳᠬᠢᠴᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠤ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ᠂ ᠦᠷᠭᠦᠯᠵᠢᠯᠡᠨ ᠬᠥᠭᠵᠢᠬᠦ ᠶᠢ ᠠᠬᠢᠭᠤᠯᠬᠤ ᠪᠣᠳᠠᠲᠠᠶ ᠠᠷᠭ᠎ᠠ ᠬᠡᠮᠵᠢᠶ᠎ᠡ ᠮᠥᠨ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠲᠠᠢ ᠬᠠᠷᠭᠤᠭᠤᠯᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠨᠠᠷᠢᠯᠢᠬᠵᠢᠭᠤᠯᠤᠨ᠂ ᠪᠣᠳᠠᠲᠠᠶ ᠠᠷᠭ᠎ᠠ ᠬᠡᠮᠵᠢᠶ᠎ᠡ ᠪᠠᠨ ᠲᠣᠳᠣᠷᠬᠠᠶᠢᠯᠠᠵᠤ᠂ ᠬᠠᠤᠯᠢ ᠬᠡᠷᠡᠭᠵᠢᠭᠦᠯᠬᠦ ᠡᠷᠴᠢᠮ ᠢᠶᠠᠨ ᠨᠡᠮᠡᠭᠳᠡᠭᠦᠯᠦᠨ᠂ ᠤᠰᠤᠨ ᠤ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠤᠰᠤ ᠠᠷᠪᠢᠯᠠᠬᠤ ᠠᠵᠢᠯ ᠢ ᠪᠤᠳᠠᠲᠠᠢ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃        ᠬᠤᠷᠠᠯ ᠠᠴᠠ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠬᠤᠶᠠᠷ ᠢ ᠪᠠᠭᠠᠰᠬᠠᠬᠤ︾ ᠠᠵᠢᠯ ᠪᠣᠯ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠭᠰᠠᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠮᠥᠨ᠂ ᠤᠯᠤᠰ ᠠᠷᠠᠳ ᠤᠨ ᠰᠤᠷᠭᠠᠨ ᠬᠥᠮᠦᠵᠢᠯ ᠤᠨ ᠰᠢᠰᠲ᠋ᠧᠮ ᠢ ᠪᠠᠬᠢᠵᠢᠭᠦᠯᠬᠦ᠂ ᠰᠤᠷᠭᠠᠨ ᠬᠥᠮᠦᠵᠢᠯ ᠤᠨ ᠭᠤᠤᠯᠴᠢ ᠪᠠᠶᠢᠬᠤ ᠶᠢ ᠪᠠᠲᠤᠯᠠᠬᠤ ᠴᠢᠬᠤᠯᠠ ᠶᠡᠭᠡ ᠠᠷᠭ᠎ᠠ ᠬᠡᠮᠵᠢᠶ᠎ᠡ ᠮᠥᠨ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠷᠠᠳ ᠤᠨ ᠲᠥᠯᠥᠭᠡ ᠵᠢᠳᠬᠦᠬᠦ ᠬᠠᠶᠢᠷ᠎ᠠ ᠰᠡᠳᠬᠢᠯᠭᠡ ᠪᠠᠨ ᠵᠤᠵᠠᠭᠠᠳᠬᠠᠵᠤ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠰᠤᠷᠭᠠᠭᠤᠯᠢ ᠶᠢᠨ ᠰᠤᠷᠭᠠᠨ ᠬᠥᠮᠦᠵᠢᠯ ᠤᠨ ᠭᠤᠣᠯ ᠵᠢᠭᠰᠠᠭᠠᠯ ᠤᠨ ᠭᠠᠵᠠᠷ ᠢ ᠲᠠᠰᠤᠷᠠᠯᠲᠠ ᠦᠭᠡᠢ ᠪᠠᠬᠢᠵᠢᠭᠦᠯᠵᠦ᠂ ᠬᠠᠮᠲᠤᠪᠠᠷ ᠵᠠᠰᠠᠵᠤ ᠬᠠᠮᠲᠤᠪᠠᠷ ᠬᠠᠮᠢᠶᠠᠷᠬᠤ ᠠᠵᠢᠯ ᠢ ᠬᠦᠴᠦ ᠪᠠᠨ ᠬᠠᠮᠲᠤᠳᠬᠠᠨ ᠰᠠᠶᠢᠲᠤᠷ ᠬᠢᠵᠦ᠂ ︽ᠬᠤᠶᠠᠷ ᠢ ᠪᠠᠭᠠᠰᠬᠠᠬᠤ︾ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠡᠷᠡᠰ ᠭᠤᠶᠢᠪᠢᠰᠢ ᠦᠭᠡᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃        ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠦᠨᠳᠦᠰᠦᠲᠡᠨ ᠤ ᠠᠵᠢᠯ ᠢ ᠬᠦᠴᠦᠯᠡᠨ ᠴᠢᠩᠭᠠᠳᠬᠠᠨ ᠰᠠᠶᠢᠵᠢᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠰᠤᠷᠭᠠᠨ ᠬᠥᠮᠦᠵᠢᠯ ᠵᠢᠭᠠᠨ ᠰᠤᠷᠭᠠᠯᠲᠠ ᠳᠤ ᠨᠡᠩ ᠰᠠᠶᠢᠲᠤᠷ ᠠᠭᠤᠰᠬᠠᠨ ᠣᠷᠣᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠶᠡᠭᠡ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠳᠡᠯᠭᠡᠷᠡᠭᠦᠯᠦᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠥᠷᠭᠡᠨ ᠢᠶᠠᠷ ᠥᠷᠨᠢᠭᠦᠯᠵᠦ᠂ ︽ᠭᠤᠷᠪᠠᠨ ᠰᠠᠯᠵᠤ ᠳᠡᠶᠢᠯᠬᠦ ᠦᠭᠡᠢ︾᠂ ︽ᠲᠠᠪᠤᠨ ᠬᠠᠮᠲᠤ ᠶᠢᠨ ᠮᠡᠳᠡᠷᠡᠮᠵᠢ︾ ᠶᠢ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠮᠲᠤ ᠶᠢᠨ ᠦᠢᠯᠡ ᠠᠵᠢᠯᠯᠠᠭᠠᠨ ᠤ ᠪᠠᠷᠢᠮᠵᠢᠶ᠎ᠠ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃        ᠬᠤᠲᠠ ᠶᠢᠨ ᠤᠳᠤᠷᠢᠳᠤᠯᠭ᠎ᠠ ᠱᠧᠩ ᠰᠢᠶᠣᠣ ᠶᠢᠥ᠂ ᠬᠤ᠋ ᠴᠢᠩ ᠹᠧᠩ᠂ ᠰᠦᠨ ᠬᠠᠶ ᠲᠤᠤ᠂ ᠭᠦᠸᠧ ᠰᠢ᠂ ᠶᠠᠩ ᠮᠥ᠂ ᠯᠢ ᠬᠤᠤ ᠨᠠᠨ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠸᠠᠩ ᠯᠢ ᠧᠨ ᠬᠤᠷᠠᠯ ᠳᠤ ᠣᠷᠤᠯᠴᠠᠪᠠ᠃    
 
ᠢᠷᠡᠯᠲᠡ᠄ ᠤᠯᠠᠭᠠᠨᠬᠠᠲᠠ ᠬᠤᠲᠠ ᠶᠢᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号