ᠸᠠᠨ ᠴᠤᠤ ᠴᠢ ᠶᠤᠸᠠᠨ ᠪᠦᠦ ᠱᠠᠨ ᠲᠣᠭᠤᠷᠢᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2021/8/27
           ᠦᠵᠡᠯ ᠰᠠᠨᠠᠭ᠎ᠠ ᠪᠠᠨ ᠴᠢᠯᠦᠭᠡᠯᠡᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ        8 ᠰᠠᠷ᠎ᠠ ᠶᠢᠨ 24 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠨ ᠴᠤᠤ ᠴᠢ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠤᠨ ᠲᠠᠯ᠎ᠠ ᠪᠠᠷ ᠶᠤᠸᠠᠨ ᠪᠦᠦ ᠱᠠᠨ ᠲᠣᠭᠤᠷᠢᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠪᠠ᠃ ᠲᠡᠷᠡ᠂ ᠦᠵᠡᠯ ᠰᠠᠨᠠᠭᠠᠨ ᠤ ᠴᠢᠯᠥᠭᠡᠯᠡᠯᠲᠡ ᠪᠠᠷ ᠬᠥᠭᠵᠢᠯᠲᠡ ᠶᠢ ᠬᠦᠳᠦᠯᠦᠨ ᠳᠠᠭᠠᠭᠤᠯᠤᠨ ᠪᠦᠰᠡᠯᠡᠯᠲᠡ ᠶᠢ ᠰᠢᠪᠲᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠳᠠᠪᠠᠭᠤᠯᠢᠭ ᠢ ᠳᠠᠬᠢᠨ ᠱᠤᠭᠤᠵᠤ᠂ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃        ᠤᠯᠤᠰ ᠤᠨ ᠡᠨᠧᠷᠭᠢ ᠶᠢᠨ ᠪᠦᠯᠦᠭᠯᠡᠯ ᠤᠨ ᠫᠢᠩᠵᠤᠸᠠᠩ ᠤᠨ ᠨᠡᠭᠦᠷᠡᠰᠦᠨ ᠤ ᠦᠢᠯᠡᠰ ᠤᠨ ᠶᠤᠸᠠᠨ ᠪᠦᠦ ᠱᠠᠨ ᠨᠡᠭᠦᠷᠡᠰᠦᠨ ᠠᠭᠤᠷᠬᠠᠶ ᠳᠤ᠂ ᠥᠪᠦᠷ ᠮᠣᠩᠭᠤᠯ ᠤᠨ ᠵᠡᠭᠦᠨ ᠬᠡᠰᠡᠭ ᠤᠨ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠭᠠᠷᠠᠮ᠂ ᠤᠯᠠᠭᠠᠨᠬᠠᠳᠠ ᠬᠤᠲᠠ ᠶᠢᠨ ᠡᠬᠢ ᠪᠠᠶᠠᠯᠢᠭ ᠤᠨ ᠬᠡᠯᠪᠡᠷᠢ ᠶᠢᠨ ᠬᠤᠲᠠ ᠶᠢᠨ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠨᠡᠭᠡᠭᠡᠨ ᠬᠥᠭᠵᠢᠭᠦᠯᠬᠦ ᠲᠤᠷᠰᠢᠯᠲᠠ ᠶᠢᠨ ᠣᠷᠣᠨ ᠤ ᠶᠢᠥ ᠨᠢ ᠺᠧ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠢ ᠫᠢᠨ ᠠᠮᠢᠳᠤ ᠪᠣᠳᠠᠰ ᠤᠨ ᠬᠢᠵᠠᠭᠠᠷᠲᠤ ᠺᠣᠮᠫᠠᠨᠢ᠂ ᠳ᠋ᠠ ᠳ᠋ᠢ ᠶᠦᠨ ᠲᠢᠶᠠᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠺᠧ ᠸᠧᠶ ᠪᠥᠸᠧ ᠬᠢᠵᠠᠭᠠᠷᠲᠤ ᠺᠣᠮᠫᠠᠨᠢ᠂ ᠮᠤᠬᠤᠷ ᠭᠤᠣᠯ ᠪᠠᠯᠭᠠᠰᠤ ᠶᠢᠨ ᠭᠦᠩ ᠤᠨ ᠠᠶᠢᠯ ᠤᠨ ᠨᠡᠭᠦᠷᠡᠰᠦᠨ ᠠᠭᠤᠷᠬᠠᠢ ᠶᠢᠨ ᠬᠢᠵᠠᠭᠠᠷᠲᠤ ᠺᠣᠮᠫᠠᠨᠢ᠂ ᠫᠢᠩᠵᠤᠸᠠᠩ ᠪᠠᠯᠭᠠᠰᠤ ᠶᠢᠨ ᠥᠨᠳᠦᠷ ᠬᠤᠷᠳᠤᠴᠠᠲᠤ ᠲᠡᠮᠦᠷ ᠵᠠᠮ ᠤᠨ ᠦᠢᠯᠡᠳᠪᠦᠷᠢᠯᠡᠯ ᠪᠠ ᠬᠤᠳᠠ ᠶᠢᠨ ᠠᠭᠤᠰᠤᠯᠴᠠᠭᠰᠠᠨ ᠬᠡᠰᠡᠭ ᠲᠣᠭᠤᠷᠢᠭ᠂ ᠤᠯᠤᠰ ᠤᠨ ᠡᠨᠧᠷᠭᠢ ᠶᠢᠨ ᠪᠦᠯᠦᠭᠯᠡᠯ ᠤᠨ ᠫᠢᠩᠵᠤᠸᠠᠩ ᠤᠨ ᠨᠡᠭᠦᠷᠡᠰᠦᠨ ᠤ ᠦᠢᠯᠡᠰ ᠤᠨ ᠪᠠᠷᠠᠭᠤᠨ ᠵᠠᠳᠠᠭᠠᠢ ᠠᠭᠤᠷᠬᠠᠢ ᠶᠢᠨ ᠮᠠᠯᠲᠠᠯᠲᠠ ᠶᠢᠨ ᠬᠥᠨᠳᠡᠢ ᠶᠢᠨ ᠵᠠᠰᠠᠯᠲᠠ ᠶᠢᠨ ᠲᠣᠭᠤᠷᠢᠭ ᠲᠤ᠂ ᠸᠠᠨ ᠴᠤᠤ ᠴᠢ ᠬᠠᠮᠢᠶ᠎ᠠ ᠪᠦᠬᠦᠢ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠠᠵᠤ ᠠᠬᠤᠶᠢᠯᠠᠯ ᠤᠨ ᠡᠵᠡᠩᠨᠡᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠯᠲᠡ᠂ ᠠᠵᠤ ᠦᠢᠯᠡᠰ ᠤᠨ ᠬᠤᠯᠪᠣᠯᠳᠤᠯ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠠᠶᠤᠯᠭᠦᠢ ᠦᠢᠯᠡᠳᠪᠦᠷᠢᠯᠡᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠤᠷᠳᠤ ᠬᠤᠭᠤᠴᠠᠭᠠᠨ ᠤ ᠲᠤᠷᠰᠢ᠂ ᠶᠤᠸᠠᠨ ᠪᠦᠦ ᠱᠠᠨ ᠲᠣᠭᠤᠷᠢᠭ ᠡᠬᠢ ᠪᠠᠶᠠᠯᠢᠭ ᠤᠨ ᠳᠠᠪᠠᠭᠤᠯᠢᠭ᠂ ᠣᠷᠣᠨ ᠪᠠᠶᠢᠷᠢ ᠶᠢᠨ ᠳᠠᠪᠠᠭᠤᠯᠢᠭ ᠪᠣᠯᠤᠨ ᠠᠵᠤ ᠦᠢᠯᠡᠰ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠦᠬᠦ ᠬᠤᠳᠠ ᠶᠢᠨ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠨᠡᠶᠢᠲᠡᠯᠢᠭ ᠡᠬᠢ ᠪᠠᠶᠠᠯᠢᠭ ᠤᠨ ᠬᠡᠯᠪᠡᠷᠢ ᠶᠢᠨ ᠬᠤᠳᠠ ᠪᠣᠯᠤᠭᠰᠠᠨ ᠤ ᠬᠤᠪᠢ ᠳᠤ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ᠂ ᠶᠤᠸᠠᠨ ᠪᠦᠦ ᠱᠠᠨ ᠲᠣᠭᠤᠷᠢᠭ ᠬᠥᠳᠡᠯᠭᠡᠬᠦ ᠬᠦᠴᠦᠨ ᠢᠶᠠᠨ ᠢᠳᠡᠪᠬᠢᠲᠡᠢ ᠬᠤᠪᠢᠷᠠᠭᠤᠯᠵᠤ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠶᠢ ᠰᠦᠪᠡᠭᠴᠢᠯᠡᠵᠦ᠂ ᠢᠯᠡᠳᠲᠡ ᠦᠷ᠎ᠡ ᠪᠦᠲᠦᠮᠵᠢ ᠣᠯᠵᠠᠢ᠃ ᠰᠢᠨ᠎ᠡ ᠪᠠᠶᠢᠷᠢᠰᠢᠯ᠂ ᠰᠢᠨ᠎ᠡ ᠱᠠᠭᠠᠷᠳᠠᠯᠭ᠎ᠠ᠂ ᠰᠢᠨ᠎ᠡ ᠡᠭᠦᠷᠭᠡ ᠳᠤ ᠲᠤᠯᠭᠠᠷᠠᠭᠰᠠᠨ ᠦᠶ᠎ᠡ ᠳᠤ᠂ ᠶᠤᠸᠠᠨ ᠪᠦᠦ ᠱᠠᠨ ᠲᠣᠭᠤᠷᠢᠭ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠠᠴᠠ ᠴᠢᠭᠯᠡᠯ ᠢᠶᠠᠨ ᠡᠷᠢᠬᠦ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠲᠡᠭᠦᠯᠳᠡᠷ᠂ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠦᠢᠯᠡᠴᠢᠯᠡᠬᠦ ᠪᠠ ᠠᠭᠤᠰᠤᠯᠴᠠᠵᠤ᠂ ᠵᠣᠷᠢᠭᠲᠠᠢ ᠰᠡᠳᠬᠢᠵᠦ ᠵᠣᠷᠢᠭᠲᠠᠢ ᠬᠢᠵᠦ᠂ ᠪᠤᠳᠤᠵᠤ ᠴᠢᠳᠠᠵᠤ ᠬᠢᠵᠦ ᠴᠢᠳᠠᠬᠤ ᠶᠢ ᠪᠡᠶᠡᠯᠡᠭᠦᠯᠵᠦ᠂ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠰᠢᠨ᠎ᠡ ᠵᠠᠮ ᠢᠶᠠᠷ ᠰᠠᠶᠢᠲᠤᠷ ᠵᠠᠮᠨᠠᠬᠤ ᠬᠡᠷᠡᠭᠲᠡᠢ᠃ ᠪᠦᠲᠦᠴᠡ ᠶᠢ ᠲᠤᠬᠢᠷᠠᠭᠤᠯᠬᠤ᠂ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠬᠤ ᠶᠢ ᠪᠠᠷᠢᠮᠲᠠᠯᠠᠵᠤ᠂ ︽ᠨᠡᠭᠦᠷᠡᠰᠦ ᠪᠠᠷ ᠭᠤᠣᠯ ᠪᠣᠯᠭᠠᠭᠰᠠᠨ︾ ᠠᠵᠤ ᠦᠢᠯᠡᠰ ᠤᠨ ᠪᠦᠲᠦᠴᠡ ᠪᠣᠯᠤᠨ ᠡᠬᠢ ᠪᠠᠶᠠᠯᠢᠭ ᠤᠨ ᠠᠷᠭ᠎ᠠ ᠵᠠᠮ ᠳᠤ ᠲᠦᠰᠢᠭᠯᠡᠬᠦ ᠠᠴᠠ ᠠᠩᠭᠢᠵᠢᠷᠠᠵᠤ᠂ ᠨᠡᠭᠦᠷᠡᠰᠦᠨ ᠤ ᠠᠵᠤ ᠦᠢᠯᠡᠳᠪᠦᠷᠢ ᠶᠢᠨ ᠲᠡᠰ ᠳᠡᠪᠰᠢᠬᠦ ᠶᠢ ᠠᠬᠢᠭᠤᠯᠵᠤ᠂ ᠤᠳᠤ ᠶᠢᠨ ᠪᠠᠶᠢᠭ᠎ᠠ ᠠᠵᠤ ᠦᠢᠯᠡᠰ ᠤᠨ ᠰᠠᠭᠤᠷᠢᠨ ᠳᠡᠭᠡᠷ᠎ᠡ᠂ ᠨᠠᠷᠢᠯᠢᠭ ᠬᠢᠮᠢ ᠶᠢᠨ ᠠᠵᠤ ᠦᠢᠯᠡᠳᠪᠦᠷᠢ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡ᠂ ᠢᠳᠡᠭᠡᠨ ᠡᠳ᠋ᠰᠢᠭᠦᠯᠬᠦ᠂ ᠰᠣᠶᠣᠯ ᠵᠢᠭᠤᠯᠴᠢᠯᠠᠯ ᠵᠡᠷᠭᠡ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠨᠡᠩ ᠤᠯᠠᠨ ᠠᠵᠤ ᠠᠬᠤᠢ ᠶᠢᠨ ᠬᠥᠳᠡᠯᠭᠡᠭᠦᠷ ᠢ ᠡᠭᠦᠳᠴᠦ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠨᠡᠮᠡᠭᠳᠡᠭᠦᠯᠬᠦ ᠬᠡᠷᠡᠭᠲᠡᠢ᠃ ᠤᠨᠴᠠᠯᠢᠬᠳᠤ ᠳᠠᠪᠠᠭᠤᠯᠢᠭ ᠠᠵᠤ ᠦᠢᠯᠡᠰ ᠢ ᠴᠤᠭᠯᠠᠷᠠᠭᠤᠯᠤᠨ ᠡᠷᠴᠢᠮᠵᠢᠭᠦᠯᠬᠦ ᠬᠥᠭᠵᠢᠯᠲᠡ ᠶᠢ ᠪᠠᠷᠢᠮᠲᠠᠯᠠᠨ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠴᠢᠩᠭᠠᠳᠬᠠᠬᠤ ᠳᠤ ᠠᠩᠬᠠᠷᠤᠯ ᠢᠶᠠᠨ ᠲᠥᠪᠯᠡᠷᠡᠭᠦᠯᠦᠨ ᠠᠷᠠᠯᠵᠢᠶᠠᠴᠢᠨ ᠤᠷᠢᠵᠤ ᠪᠡᠯᠡ ᠲᠠᠲᠠᠬᠤ ᠶᠢ ᠴᠢᠩᠭᠠᠳᠬᠠᠵᠤ᠂ ᠬᠤᠯᠪᠣᠭᠳᠠᠬᠤ ᠠᠵᠤ ᠠᠬᠤᠶᠢᠯᠠᠯ ᠤᠨ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠶᠢ ᠠᠬᠢᠭᠤᠯᠤᠨ᠂ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢᠨ ᠲᠦᠪᠰᠢᠨ ᠢᠶᠠᠨ ᠳᠡᠭᠡᠭᠰᠢᠯᠡᠭᠦᠯᠦᠨ ᠂ ᠠᠵᠤ ᠦᠢᠯᠡᠰ ᠤᠨ ᠬᠡᠯᠬᠢᠶ᠎ᠡ ᠶᠢᠨ ᠤᠶᠠᠨ ᠬᠠᠳᠠᠨ ᠴᠢᠨᠠᠷ ᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠯᠲᠡ᠂ ᠴᠢᠳᠠᠪᠤᠷᠢᠲᠠᠨ ᠢ ᠬᠥᠮᠦᠵᠢᠭᠦᠯᠬᠦ ᠪᠠ ᠦᠷ᠎ᠡ ᠪᠦᠲᠦᠭᠡᠯ ᠢ ᠬᠤᠪᠢᠷᠠᠭᠤᠯᠬᠤ ᠶᠢ ᠨᠡᠩ ᠴᠢᠬᠤᠯᠠᠴᠢᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ ᠨᠡᠮᠡᠯᠲᠡ ᠦᠷᠳᠡᠭ ᠢᠶᠠᠷ ᠥᠨᠳᠥᠷ ᠦᠢᠯᠡᠳᠬᠦᠨ ᠢ ᠡᠭᠦᠳᠴᠦ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠠᠬᠢ ᠥᠷᠢᠰᠥᠯᠳᠦᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠶ᠃ ᠲᠡᠷᠢᠭᠦᠨ ᠤ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠪᠤᠢ ᠪᠣᠯᠭᠠᠬᠤ ᠶᠢ ᠪᠠᠷᠢᠮᠲᠠᠯᠠᠵᠤ᠂ ᠠᠵᠢᠯ ᠶᠠᠪᠤᠳᠠᠯ ᠡᠷᠬᠢᠯᠡᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠦᠢᠯᠡᠴᠢᠯᠡᠨ᠂ ᠠᠵᠤ ᠠᠬᠤᠶᠢᠯᠠᠯᠲᠠᠨ ᠢ ᠰᠠᠨᠠᠭ᠎ᠠ ᠠᠮᠤᠷ ᠠᠵᠢᠯᠯᠠᠭᠤᠯᠵᠤ ᠦᠢᠯᠡᠰ ᠪᠤᠰᠬᠠᠵᠦ᠂ ᠨᠡᠩ ᠶᠡᠭᠡ ᠦᠷ᠎ᠡ ᠠᠰᠢᠭ ᠡᠭᠦᠳᠦᠭᠦᠯᠬᠦ ᠬᠡᠷᠡᠭᠲᠡᠢ᠃ ᠠᠮᠢ ᠠᠬᠤᠶ ᠶᠢ ᠲᠡᠷᠢᠭᠦᠨ ᠳᠤ ᠪᠣᠳᠤᠯᠬᠢᠯᠠᠵᠤ᠂ ᠪᠣᠬᠢᠷᠲᠤᠯ ᠦᠭᠡᠢ ᠪᠠᠷ ᠬᠥᠭᠵᠢᠭᠦᠯᠬᠦ ᠶᠢ ᠪᠠᠷᠢᠮᠲᠠᠯᠠᠵᠤ᠂ ᠡᠨᠧᠷᠭᠢ ᠶᠢᠨ ᠬᠤᠷᠤᠭᠳᠠᠯ ᠤᠨ ︽ᠬᠤᠣᠰ ᠡᠵᠡᠮᠳᠡᠯ︾ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢ ᠱᠠᠭᠠᠷᠳᠠᠨ ᠦᠢᠯᠡᠳᠪᠦᠷᠢᠯᠡᠯ ᠤᠨ ᠤᠷᠠᠯᠠᠯ ᠢ ᠨᠢ ᠰᠠᠶᠢᠵᠢᠷᠠᠭᠤᠯᠵᠤ᠂ ᠡᠨᠧᠷᠭᠢ ᠠᠷᠪᠢᠯᠠᠬᠤ ᠳᠠᠯᠳᠠ ᠬᠦᠴᠦᠨ ᠢ ᠨᠢ ᠠᠭᠤᠳᠠᠯᠵᠤ᠂ ᠠᠮᠢ ᠠᠬᠤᠶ ᠣᠷᠴᠢᠨ ᠲᠣᠭᠤᠷᠢᠨ ᠢ ᠰᠡᠷᠭᠦᠭᠡᠵᠦ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠭᠦᠯᠬᠦ ᠬᠡᠷᠡᠭᠲᠡᠶ᠃ ᠠᠶᠤᠯᠭᠦᠢ ᠬᠥᠭᠵᠢᠯᠲᠡ ᠶᠢ ᠪᠠᠷᠢᠮᠲᠠᠯᠠᠵᠤ᠂ ᠠᠮᠤᠷ ᠲᠦᠪᠰᠢᠨ ᠤ ᠳᠤᠲᠠᠭᠳᠠᠯ ᠢ ᠪᠦᠬᠦ ᠲᠠᠯ᠎ᠠ ᠪᠠᠷ ᠪᠠᠶᠢᠴᠠᠭᠠᠵᠤ᠂ ᠵᠤᠷᠪᠤᠰ ᠳᠠᠷᠠᠭᠠᠯᠠᠨ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ᠂ ᠠᠷᠭ᠎ᠠ ᠬᠡᠮᠵᠢᠶ᠎ᠡ ᠶᠢ ᠪᠣᠳᠠᠲᠠᠢ ᠳᠤ ᠬᠡᠷᠡᠭᠵᠢᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠸᠠᠨ ᠴᠤᠤ ᠴᠢ ᠪᠠᠰᠠ ᠨᠥᠬᠦᠴᠡᠯ ᠲᠠᠢ᠂ ᠴᠢᠳᠠᠪᠤᠷᠢ ᠲᠠᠢ ᠠᠵᠤ ᠠᠬᠤᠶᠢᠯᠠᠯ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠨᠡᠶᠢᠭᠡᠮ ᠤᠨ ᠬᠠᠷᠢᠭᠤᠴᠠᠯᠭ᠎ᠠ ᠪᠠᠨ ᠨᠡᠩ ᠰᠠᠶᠢᠲᠤᠷ ᠭᠦᠢᠴᠡᠳᠬᠡᠵᠦ᠂ ᠣᠷᠣᠨ ᠨᠤᠲᠤᠭ ᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠬᠠᠭᠤᠴᠢᠨ ᠨᠡᠶᠢᠭᠡᠮ ᠲᠣᠭᠤᠷᠢᠭ ᠤᠨ ᠥᠭᠡᠷᠡᠴᠢᠯᠡᠯᠲᠡ ᠵᠡᠷᠭᠡ ᠠᠵᠢᠯ ᠳᠤ ᠢᠳᠡᠪᠬᠢᠲᠡᠢ ᠣᠷᠣᠯᠴᠠᠵᠤ᠂ ᠣᠷᠣᠨ ᠨᠤᠲᠤᠭ ᠪᠠ ᠠᠵᠤ ᠠᠬᠤᠶᠢᠯᠠᠯ ᠤᠨ ᠬᠠᠮᠵᠢᠯᠴᠠᠨ ᠬᠥᠭᠵᠢᠬᠦ᠂ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠪᠡ        ᠪᠠᠶᠢᠴᠠᠭᠠᠨ ᠰᠤᠳᠤᠯᠤᠯᠲᠠ ᠶᠢᠨ ᠳᠤᠮᠳᠠ᠂ ᠸᠠᠨ ᠴᠤᠤ ᠴᠢ ᠪᠠᠰᠠ ᠹᠧᠩ ᠱᠦᠢ ᠭᠸᠤ ᠪᠠᠯᠭᠠᠰᠤ ᠶᠢᠨ ᠯᠢᠩ ᠱᠠᠨ ᠶᠦᠨ ᠶᠡᠷᠦᠩᠬᠡᠶᠢᠯᠡᠭᠰᠡᠨ ᠦᠢᠯᠡᠳᠦᠯᠭᠡ ᠶᠢᠨ ᠬᠥᠮᠦᠵᠢᠯ ᠤᠨ ᠰᠠᠭᠤᠷᠢᠨ ᠭᠠᠵᠠᠷ᠂ ᠶᠤᠸᠠᠨ ᠪᠦᠦ ᠱᠠᠨ ᠪᠠᠯᠭᠠᠰᠤ ᠶᠢᠨ ᠮᠦ ᠳᠧᠦ ᠭᠸᠤ ᠲᠣᠰᠬᠤᠨ᠂ ᠰᠢᠶᠤᠤ ᠡᠦ ᠵᠢᠶᠠ ᠶᠢᠨ ᠬᠤᠩ ᠪᠢ ᠾᠧ ᠲᠠᠷᠢᠶᠠᠯᠠᠩ ᠤᠨ ᠰᠡᠯᠡᠭᠦᠴᠡᠯ ᠤᠨ ᠠᠵᠤ ᠦᠢᠯᠡᠰ ᠤᠨ ᠠᠭᠤᠰᠤᠯᠴᠠᠯ ᠤᠨ ᠬᠦᠷᠢᠶᠡᠯᠡᠩ᠂ ᠮᠤᠬᠤᠷ ᠭᠤᠣᠯ ᠪᠠᠯᠭᠠᠰᠤ ᠶᠢᠨ ᠲᠠᠯ᠎ᠠ ᠨᠤᠲᠤᠭ ᠤᠨ ᠬᠤᠢ ᠰᠢᠶᠠᠩ ᠢᠳᠡᠭᠡᠨ ᠤ ᠺᠣᠮᠫᠠᠨᠢ᠂ ᠫᠢᠩᠵᠤᠸᠠᠩ ᠪᠠᠯᠭᠠᠰᠤ ᠶᠢᠨ ᠶᠢᠨ ᠰᠢᠤ ᠱᠠᠨ ᠲᠠᠷᠢᠮᠠᠯ ᠤᠨ ᠬᠤᠷᠰᠢᠶ᠎ᠠ᠂ ᠡᠦ ᠵᠢᠶᠠ ᠪᠠᠯᠭᠠᠰᠤ ᠶᠢᠨ ᠣᠳᠣᠬᠢᠴᠢᠯᠠᠭᠰᠠᠨ ᠲᠥᠬᠦᠭᠡᠷᠦᠮᠵᠢ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠬᠦᠷᠴᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠥᠷᠨᠢᠭᠦᠯᠵᠦ ᠪᠠᠶᠢᠭ᠎ᠠ ᠪᠠᠶᠢᠳᠠᠯ ᠢ ᠣᠶᠢᠯᠠᠭᠠᠪᠠ᠃ ᠲᠡᠷᠡ᠂ ᠶᠤᠸᠠᠨ ᠪᠦᠦ ᠱᠠᠨ ᠲᠣᠭᠤᠷᠢᠭ ᠭᠠᠵᠠᠷ ᠣᠷᠣᠨ ᠤ ᠪᠣᠳᠠᠲᠤ ᠪᠠᠶᠢᠳᠠᠯ ᠠᠴᠠ ᠡᠭᠦᠰᠴᠦ᠂ ᠠᠵᠤ ᠦᠢᠯᠡᠰ ᠤᠨ ᠬᠥᠭᠵᠢᠯᠲᠡ ᠶᠢᠨ ᠭᠠᠷᠳᠠᠴᠠ ᠶᠢ ᠣᠨᠣᠪᠴᠢᠲᠠᠢ ᠣᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠡᠩ ᠰᠠᠶᠢᠲᠤᠷ ᠠᠬᠢᠭᠤᠯᠬᠤ ᠬᠡᠷᠡᠭᠲᠡᠢ᠃ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠠᠮᠢ ᠠᠬᠤᠶ ᠲᠠᠷᠢᠶᠠᠯᠠᠩ᠂ ᠲᠦᠬᠦᠭᠡᠷᠦᠮᠵᠢᠳᠤ ᠲᠠᠷᠢᠶᠠᠯᠠᠩ᠂ ᠤᠰᠤ ᠠᠷᠪᠢᠯᠠᠬᠤ ᠲᠠᠷᠢᠶᠠᠯᠠᠩ ᠳᠡᠭᠡᠷ᠎ᠡ ᠬᠦᠴᠦ ᠲᠠᠯᠪᠢᠵᠤ᠂ ᠲᠠᠷᠢᠮᠠᠯ ᠤᠨ ᠲᠦᠷᠦᠯ ᠵᠦᠢᠯ ᠤᠨ ᠰᠢᠯᠢᠳᠡᠭ ᠵᠦᠢᠯ ᠢ ᠰᠣᠩᠭᠤᠵᠤ᠂ ᠤᠨᠴᠠᠯᠢᠭᠳᠤ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠨᠠᠷᠢᠯᠢᠭ ᠭᠦᠨᠵᠡᠭᠡᠶ ᠪᠣᠯᠪᠠᠰᠤᠷᠠᠭᠤᠯᠬᠤ ᠶᠢ ᠬᠥᠭᠵᠢᠭᠦᠯᠵᠦ᠂ ᠡᠵᠡᠩᠨᠡᠨ ᠪᠣᠷᠣᠯᠠᠭᠤᠯᠵᠤ ᠳᠡᠯᠭᠡᠷᠡᠭᠦᠯᠬᠦ ᠶᠢ ᠴᠢᠩᠭᠠᠳᠬᠠᠨ᠂ ᠲᠠᠷᠢᠶᠠᠯᠠᠩ ᠤᠨ ᠦᠢᠯᠡᠳᠪᠦᠷᠢᠯᠡᠯ ᠤᠨ ᠦᠷ᠎ᠡ ᠪᠦᠲᠦᠮᠵᠢ ᠪᠠ ᠠᠵᠤ ᠠᠬᠤᠶ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ᠃ ᠣᠷᠣᠨ ᠪᠠᠶᠢᠷᠢ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠣᠶᠢᠷ᠎ᠠ ᠲᠡᠭᠦᠷᠭᠡ ᠶᠢᠨ ᠵᠢᠭᠤᠯᠴᠢᠯᠠᠯ ᠤᠨ ᠠᠵᠢᠯ ᠢ ᠭᠦᠢᠴᠡᠳ ᠬᠢᠵᠦ᠂ ᠰᠣᠳᠣᠨ ᠵᠢᠭᠤᠯᠴᠢᠯᠠᠯ ᠤᠨ ᠵᠠᠮ ᠱᠤᠭᠤᠮ ᠪᠠ ᠦᠵᠡᠮᠵᠢ ᠶᠢᠨ ᠣᠷᠣᠨ ᠢ ᠲᠥᠯᠥᠪᠵᠢᠭᠦᠯᠦᠨ ᠪᠥᠲᠥᠭᠡᠨ ᠪᠠᠶᠢᠭᠤᠯᠵᠤ᠂ ᠬᠠᠮᠢᠶ᠎ᠠ ᠪᠥᠬᠦᠶ ᠢᠵᠢ ᠪᠥᠷᠢᠳᠦᠭᠦᠯᠬᠦ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠬᠤᠲᠠ ᠲᠣᠭᠤᠷᠢᠭ ᠤᠨ ᠠᠷᠠᠳ ᠵᠢᠴᠢ ᠡᠷᠬᠢᠨ ᠲᠣᠭᠤᠷᠢᠨ ᠤ ᠵᠤᠭᠠᠴᠠᠭᠰᠠᠳ ᠤᠨ ᠵᠤᠭᠠᠴᠠᠨ ᠲᠣᠭᠤᠷᠢᠬᠤ ᠬᠡᠷᠡᠭᠯᠡᠭᠡ ᠶᠢ ᠲᠠᠲᠠᠬᠤ ᠬᠡᠷᠡᠭᠲᠡᠶ᠃ ᠢᠳᠡᠭᠡᠨ ᠤ ᠠᠮᠤᠷ ᠲᠦᠪᠰᠢᠨ ᠤ ᠠᠵᠢᠯ ᠢ ᠰᠠᠶᠢᠲᠤᠷ ᠠᠳᠬᠤᠨ᠂ ᠢᠳᠡᠭᠡᠨ ᠤ ᠦᠢᠯᠡᠳᠪᠦᠷᠢᠯᠡᠯ ᠤᠨ ᠡᠯ᠎ᠡ ᠵᠠᠩᠭᠢᠯᠠᠭ᠎ᠠ ᠶᠢᠨ ᠪᠣᠭᠤᠮᠲᠠ ᠶᠢ ᠴᠢᠩᠭ᠎ᠠ ᠠᠳᠬᠤᠵᠤ᠂ ᠮᠥᠷᠳᠡᠵᠦ ᠪᠣᠯᠬᠤ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠪᠣᠬᠢᠷᠲᠤᠯ ᠥᠬᠡᠶ᠂ ᠠᠮᠤᠷ ᠲᠦᠪᠰᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠠᠷᠠᠲᠤ ᠲᠡᠮᠳᠡᠭᠲᠦ ᠶᠢ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃        ᠡᠨᠡ ᠬᠤᠭᠤᠴᠠᠭᠠᠨ ᠳᠤ᠂ ᠸᠠᠨ ᠴᠤᠤ ᠴᠢ ᠶᠤᠸᠠᠨ ᠪᠦᠦ ᠱᠠᠨ ᠲᠣᠭᠤᠷᠢᠭ ᠤᠨ ᠬᠤᠳᠠ ᠶᠢᠨ ᠳᠦᠷᠰᠦ ᠪᠠᠶᠢᠳᠠᠯ᠂ ᠬᠦᠷᠢᠶᠡᠯᠡᠩ ᠲᠣᠭᠤᠷᠢᠭ ᠪᠣᠯᠤᠨ ᠠᠵᠤ ᠠᠬᠤᠶᠢᠯᠠᠯ ᠤᠨ ᠲᠥᠯᠥᠪᠵᠢᠭᠦᠯᠭᠡ ᠪᠣᠯᠤᠨ ᠬᠠᠮᠢᠶᠠᠷᠤᠯᠲᠠ ᠶᠢᠨ ᠲᠤᠬᠠᠢ ᠪᠠᠶᠢᠴᠠᠭᠠᠨ ᠰᠤᠳᠤᠯᠤᠯᠲᠠ ᠬᠢᠵᠦ᠂ ᠶᠤᠸᠠᠨ ᠪᠦᠦ ᠱᠠᠨ ᠲᠣᠭᠤᠷᠢᠭ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠠ ᠲᠣᠬᠢᠶᠠᠯ ᠢ ᠠᠮᠵᠢᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠪᠣᠳᠠᠲᠠᠢ ᠠᠴᠠ ᠡᠭᠦᠰᠴᠦ᠂ ᠪᠦᠳᠦᠬᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠤᠯᠠᠨ ᠲᠦᠮᠡᠨ ᠳᠤ ᠨᠡᠩ ᠭᠤᠶᠤ ᠰᠠᠶᠢᠬᠠᠨ ᠠᠮᠢᠳᠤᠷᠠᠯ ᠤᠨ ᠣᠷᠴᠢᠨ ᠲᠣᠭᠤᠷᠢᠨ ᠢ ᠡᠭᠦᠳᠦᠨ ᠥᠭᠴᠦ᠂ ᠶᠤᠸᠠᠨ ᠪᠦᠦ ᠱᠠᠨ ᠤ ᠰᠢᠨ᠎ᠡ ᠶᠢ ᠡᠭᠦᠳᠬᠦ ᠬᠥᠭᠵᠢᠯᠲᠡ ᠶᠢᠨ ᠴᠤᠭ ᠰᠦᠯᠳᠡ ᠶᠢ ᠳᠠᠰᠤᠷᠠᠯᠳᠠ ᠦᠬᠡᠢ ᠬᠥᠭᠵᠢᠭᠡᠬᠦ ᠬᠡᠷᠡᠭᠲᠡᠢ ᠭᠡᠵᠦ ᠱᠠᠭᠠᠷᠳᠠᠪᠠ᠃ ᠸᠠᠨ ᠴᠤᠤ ᠴᠢ ᠪᠠᠰᠠ ᠬᠢᠵᠢᠭ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ᠂ ᠸᠠᠺᠼᠢᠨ ᠤ ᠲᠠᠷᠢᠯᠭ᠎ᠠ ᠶᠢᠨ ᠠᠵᠢᠯ ᠢ ᠲᠦᠷᠭᠡᠳᠬᠡᠬᠦ ᠲᠤᠬᠠᠢ ᠪᠠᠶᠢᠴᠠᠭᠠᠯᠲᠠ ᠬᠢᠵᠦ ᠱᠠᠭᠠᠷᠳᠠᠨ ᠵᠢᠯᠣᠭᠤᠳᠪᠠ᠃        ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠰᠥᠩ ᠢᠦᠶ ᠵᠢᠶᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号