ᠮᠠᠨ ᠤ ᠣᠷᠣᠨ ᠤ ︽ᠬᠠᠲᠤᠨ ᠭᠤᠤᠯ ᠢ ᠬᠠᠮᠠᠭᠠᠯᠠᠬᠤ 2021︾ ᠲᠤᠰᠬᠠᠶ ᠠᠵᠢᠯᠯᠠᠭ᠎ᠠ ᠨᠢ ᠣᠷᠴᠢᠨ ᠠᠬᠤᠶ ᠶᠢ ᠡᠪᠳᠡᠬᠦ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠪᠠᠶᠢᠨ᠎ᠠ
ᠨᠡᠶᠢᠲᠡᠯᠡᠭᠰᠡᠨ ᠴᠠᠭ᠄
2021/8/31
           8 ᠳ᠋ᠤᠭᠠᠷ ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠠᠴᠠ ᠣᠶᠢᠯᠠᠭᠠᠭᠰᠠᠨ ᠢᠶᠠᠷ᠂ 2021 ᠣᠨ ᠤ 8 ᠳ᠋ᠤᠭᠠᠷ ᠰᠠᠷ᠎ᠠ ᠠᠴᠠ ᠡᠬᠢᠯᠡᠨ᠂ ᠮᠠᠨ ᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠠᠲᠤᠨ ᠭᠤᠤᠯ ᠳᠠᠭᠠᠤ ᠶᠢᠨ ᠭᠠᠵᠠᠷ ᠣᠷᠣᠨ ᠳᠤ ᠨᠢᠭᠡ ᠵᠢᠯ ᠤᠨ ᠬᠤᠭᠤᠴᠠᠭ᠎ᠠ ᠲᠠᠢ ︽ᠬᠠᠲᠤᠨ ᠭᠤᠤᠯ ᠢ ᠬᠠᠮᠠᠭᠠᠯᠠᠬᠤ 2021︾ ᠲᠤᠰᠬᠠᠶ ᠴᠣᠬᠢᠯᠲᠠ ᠥᠭᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠷᠴᠢᠨ ᠠᠬᠤᠶ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢ ᠡᠪᠳᠡᠭᠰᠡᠨ᠂ ᠣᠷᠴᠢᠨ ᠠᠬᠤᠶ ᠶᠢ ᠪᠣᠬᠢᠷᠲᠤᠭᠤᠯᠤᠭᠰᠠᠨ᠂ ᠴᠢᠨᠠᠷ ᠰᠠᠶᠢᠲᠠᠶ ᠬᠥᠭᠵᠢᠯᠲᠡ ᠶᠢ ᠬᠤᠬᠢᠷᠠᠭᠤᠯᠤᠭᠰᠠᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ ᠪᠠᠶᠢᠨ᠎ᠠ᠃        ᠴᠣᠬᠢᠯᠲᠠ ᠥᠭᠬᠦ ᠲᠤᠰᠬᠠᠶ ᠠᠵᠢᠯᠯᠠᠭ᠎ᠠ ᠨᠢ ᠭᠤᠣᠯᠳᠠᠯᠭ᠎ᠠ ᠲᠠᠢ ᠪᠠᠶᠢᠭᠠᠯᠢ ᠶᠢᠨ ᠤᠢ ᠶᠢᠨ ᠬᠠᠮᠠᠭᠠᠯᠠᠯᠲᠠ ᠶᠢᠨ ᠣᠷᠣᠨ᠂ ᠭᠠᠵᠠᠷ ᠰᠢᠷᠣᠶ ᠶᠢᠨ ᠡᠯᠡᠰᠦᠵᠢᠭᠰᠡᠨ ᠣᠷᠣᠨ ᠵᠡᠷᠭᠡ ᠪᠠᠷ ᠭᠤᠣᠯᠳᠠᠯᠭ᠎ᠠ ᠪᠣᠯᠭᠠᠨ᠂ ᠬᠠᠲᠤᠨ ᠭᠤᠣᠯ ᠤᠨ ᠭᠤᠣᠯ ᠰᠠᠯᠪᠤᠷᠢ ᠤᠷᠤᠰᠬᠠᠯ ᠤᠨ ᠣᠷᠣᠨ ᠤ ᠬᠠᠤᠯᠢ ᠪᠤᠰᠤ ᠪᠠᠷ ᠴᠢᠯᠠᠭᠤ ᠮᠠᠯᠲᠠᠬᠤ᠂ ᠬᠠᠶᠢᠷ ᠮᠠᠯᠲᠠᠬᠤ᠂ ᠠᠭᠤᠷᠬᠠᠶ ᠮᠠᠯᠲᠠᠬᠤ ᠵᠢᠴᠢ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠬᠠᠯᠬᠠᠪᠴᠢ ᠶᠢ ᠪᠠᠬᠢᠵᠢᠭᠦᠯᠪᠡ᠃        ᠴᠣᠬᠢᠯᠲᠠ ᠥᠭᠬᠦ ᠲᠤᠰᠬᠠᠶ ᠠᠵᠢᠯᠯᠠᠭ᠎ᠠ ᠨᠢ ᠤᠰᠤᠨ ᠴᠣᠭᠴᠠ᠂ ᠬᠥᠷᠥᠰᠥ ᠰᠢᠷᠣᠶ ᠶᠢᠨ ᠣᠷᠴᠢᠨ ᠠᠬᠤᠶ ᠶᠢ ᠪᠣᠬᠢᠷᠲᠤᠭᠤᠯᠤᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠪᠠᠷ ᠭᠤᠣᠯᠳᠠᠯᠭ᠎ᠠ ᠪᠣᠯᠭᠠᠵᠤ᠂ ᠬᠠᠲᠤᠨ ᠭᠤᠣᠯ ᠤᠨ ᠭᠤᠣᠯ ᠰᠠᠯᠪᠤᠷᠢ ᠤᠷᠤᠰᠬᠠᠯ᠂ ᠤᠯᠠᠭᠠᠨᠰᠤᠬᠠᠢ ᠵᠡᠷᠭᠡ ᠭᠤᠣᠯᠳᠠᠯᠭ᠎ᠠ ᠲᠠᠢ ᠭᠠᠵᠠᠷ ᠲᠤ ᠬᠠᠶᠠᠭᠳᠠᠮᠠᠯ ᠤᠰᠤ ᠬᠠᠶᠠᠭᠳᠠᠮᠠᠯ ᠪᠣᠳᠠᠰ ᠢ ᠬᠠᠤᠯᠢ ᠪᠤᠰᠤ ᠪᠠᠷ ᠴᠢᠳᠬᠤᠬᠤ᠂ ᠭᠠᠳᠠᠭᠰᠢᠯᠠᠭᠤᠯᠬᠤ᠂ ᠠᠶᠤᠯᠲᠠᠶ ᠬᠠᠶᠠᠭᠳᠠᠮᠠᠯ ᠪᠣᠳᠠᠰ ᠵᠢᠴᠢ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠬᠠᠤᠯᠢ ᠪᠤᠰᠤ ᠪᠠᠷ ᠰᠢᠯᠵᠢᠭᠦᠯᠬᠦ᠂ ᠰᠢᠢᠳᠪᠦᠷᠢᠯᠡᠬᠦ ᠵᠡᠷᠭᠡ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃ ᠪᠣᠷᠣᠲᠣᠬᠤᠶ ᠶᠢᠨ ᠲᠠᠯ᠎ᠠ ᠭᠠᠵᠠᠷ ᠵᠡᠷᠭᠡ ᠬᠠᠲᠤᠨ ᠭᠤᠤᠯ ᠳᠠᠭᠠᠤ ᠶᠢᠨ ᠭᠤᠤᠯᠳᠠᠯᠭ᠎ᠠ ᠲᠠᠢ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠣᠷᠣᠨ ᠳᠤ ᠴᠢᠭᠯᠡᠭᠦᠯᠦᠨ᠂ ᠬᠠᠤᠯᠢ ᠪᠤᠰᠤ ᠪᠠᠷ ᠪᠣᠬᠢᠷᠲᠤᠯ ᠭᠠᠳᠠᠭᠰᠢᠯᠠᠭᠤᠯᠬᠤ ᠪᠠ ᠠᠶᠤᠯᠲᠠᠶ ᠬᠠᠶᠠᠭᠳᠠᠮᠠᠯ ᠪᠣᠳᠠᠰ ᠢ ᠬᠠᠤᠯᠢ ᠪᠤᠰᠤ ᠪᠠᠷ ᠰᠢᠢᠳᠪᠦᠷᠢᠯᠡᠬᠦ ᠵᠡᠷᠭᠡ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠠᠷᠢᠶᠠᠨ ᠭᠠᠵᠠᠷ ᠤᠨ ᠠᠮᠤᠷ ᠲᠦᠪᠰᠢᠨ ᠢ ᠪᠠᠲᠤᠯᠠᠨ᠂ ᠲᠠᠷᠢᠶᠠᠯᠠᠩ ᠤᠨ ᠣᠯᠠᠨ ᠡᠬᠢᠳᠤ ᠪᠣᠬᠢᠷᠲᠤᠯ ᠢ ᠪᠠᠭᠠᠰᠬᠠᠪᠠ᠃        ᠡᠭᠦᠨ ᠠᠴᠠ ᠭᠠᠳᠠᠨ᠎ᠠ᠂ ᠴᠣᠬᠢᠯᠲᠠ ᠥᠭᠬᠦ ᠲᠤᠰᠬᠠᠶ ᠠᠵᠢᠯᠯᠠᠭ᠎ᠠ ᠨᠢ ᠬᠠᠲᠤᠨ ᠭᠤᠤᠯ ᠤᠨ ᠰᠠᠪᠠ ᠭᠠᠵᠠᠷ ᠤᠨ ᠴᠢᠨᠠᠷ ᠰᠠᠶᠢᠲᠠᠶ ᠬᠥᠭᠵᠢᠯᠲᠡ ᠶᠢᠨ ᠲᠣᠭᠤᠷᠢᠨ ᠳᠤ᠂ ᠲᠠᠸᠠᠷ ᠤᠨ ᠲᠡᠮᠳᠡᠭ᠂ ᠲᠤᠰᠬᠠᠶ ᠠᠰᠢᠭ᠂ ᠬᠤᠳᠠᠯᠳᠤᠭᠠᠨ ᠤ ᠨᠢᠭᠤᠴᠠ ᠵᠡᠷᠭᠡ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠵᠢᠴᠢ ᠬᠤᠳᠠᠯ ᠬᠠᠭᠤᠷᠮᠠᠭ ᠲᠠᠸᠠᠷ ᠦᠢᠯᠡᠳᠴᠦ ᠪᠣᠷᠣᠯᠠᠭᠤᠯᠤᠭᠰᠠᠨ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠬᠠᠲᠤᠨ ᠭᠤᠤᠯ ᠳᠠᠭᠠᠤ ᠶᠢᠨ ᠭᠠᠵᠠᠷ ᠣᠷᠣᠨ ᠤ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠳᠤ ᠲᠥᠪ ᠭᠤᠤᠯᠴᠢ ᠰᠢᠳᠤᠷᠭᠤ ᠶᠣᠰᠣᠨ ᠤ ᠬᠠᠤᠯᠢ ᠪᠠᠷ ᠵᠠᠰᠠᠬᠤ ᠣᠷᠴᠢᠨ ᠨᠥᠬᠦᠴᠡᠯ ᠢ ᠪᠣᠶ ᠪᠣᠯᠭᠠᠵᠤ ᠥᠭᠭᠦᠭᠰᠡᠨ ᠪᠠᠶᠢᠨ᠎ᠠ᠃ ᠬᠠᠭᠤᠷᠮᠠᠭ ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠢ ᠦᠢᠯᠡᠳᠴᠦ ᠪᠣᠷᠣᠯᠠᠭᠤᠯᠬᠤ ᠵᠢᠴᠢ ᠦᠬᠦᠭᠰᠡᠨ ᠮᠠᠯ ᠵᠢᠭᠦᠷᠲᠡᠨ ᠤ ᠮᠢᠬ᠎ᠠ ᠶᠢ ᠬᠠᠤᠯᠢ ᠪᠤᠰᠤ ᠪᠠᠷ ᠨᠡᠮᠡᠬᠦ᠂ ᠦᠢᠯᠡᠳᠴᠦ ᠪᠣᠷᠣᠯᠠᠭᠤᠯᠬᠤ ᠵᠡᠷᠭᠡ ᠲᠤᠪᠤᠶᠢᠮ᠎ᠠ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠷᠠᠳ ᠤᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠠᠲᠤᠯᠠᠪᠠ᠃ ᠡᠭᠦᠨ ᠤ ᠬᠠᠮᠲᠤ᠂ ᠬᠠᠲᠤᠨ ᠭᠤᠣᠯ ᠤᠨ ᠰᠣᠶᠣᠯ ᠢ ᠬᠠᠮᠠᠭᠠᠯᠠᠬᠤ ᠪᠠᠷ ᠭᠠᠷᠳᠠᠴᠠ ᠪᠣᠯᠭᠠᠵᠤ᠂ ᠲᠡᠦᠬᠡ ᠶᠢᠨ ᠳᠤᠷᠠᠰᠬᠠᠯᠲᠤ ᠵᠦᠢᠯ ᠢ ᠬᠤᠯᠠᠭᠠᠶᠢᠯᠠᠨ ᠮᠠᠯᠲᠠᠬᠤ᠂ ᠬᠤᠯᠠᠭᠠᠶᠢᠯᠠᠬᠤ᠂ ᠬᠠᠤᠯᠢ ᠪᠤᠰᠤ ᠪᠠᠷ ᠠᠷᠠᠯᠵᠢᠶᠠᠯᠠᠬᠤ ᠵᠡᠷᠭᠡ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠪᠡ᠃        ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ︽ᠬᠠᠲᠤᠨ ᠭᠤᠤᠯ ᠢ ᠬᠠᠮᠠᠭᠠᠯᠠᠬᠤ ᠠᠵᠢᠯ ᠤᠨ ᠠᠯᠪᠠᠨ ᠬᠡᠷ︾ ᠨᠢᠭᠡᠨᠲᠡ 565 ᠬᠠᠮᠢᠶ᠎ᠠ ᠪᠥᠬᠦᠶ ᠰᠦᠪᠡᠭᠴᠢ ᠶᠢ ᠢᠯᠡᠷᠡᠭᠦᠯᠵᠦ᠂ ᠬᠤᠯᠪᠣᠭᠳᠠᠯ ᠪᠥᠬᠦᠶ ᠠᠶᠢᠮᠠᠭ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨᠠᠨ ᠪᠠᠶᠢᠴᠠᠭᠠᠬᠤ ᠠᠵᠢᠯ ᠢ ᠪᠠᠶᠢᠷᠢᠯᠠᠭᠤᠯᠬᠤ ᠪᠠᠷ ᠪᠣᠶ᠃ ᠡᠷᠡᠭᠦᠦ ᠶᠢᠨ ᠬᠡᠷᠡᠭ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠨ᠎ᠡ︔ ᠵᠠᠰᠠᠭ ᠵᠠᠬᠢᠷᠭᠠᠨ ᠤ ᠰᠢᠢᠳᠬᠡᠯ ᠥᠭᠬᠦ ᠴᠢᠬᠤᠯᠠ ᠲᠠᠢ ᠪᠣᠯ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠶ ᠳᠤ ᠨᠢ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠦᠨ᠂ ᠬᠢᠯᠢᠰᠳᠡᠭᠦᠯᠬᠦ ᠥᠭᠡᠢ ᠳᠤᠷ᠎ᠠ ᠪᠠᠷ ᠨᠢ ᠲᠠᠯᠪᠢᠬᠤ ᠥᠭᠡᠢ᠂ ᠣᠷᠬᠢᠭᠳᠠᠭᠤᠯᠬᠤ ᠥᠭᠡᠢ ᠪᠠᠶᠢᠬᠤ ᠶᠢ ᠦᠨᠡᠨ ᠬᠦ ᠪᠡᠶᠡᠯᠡᠭᠦᠯᠦᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号