ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠢ ᠡᠷᠬᠢᠯᠡᠨ ᠬᠤᠷᠠᠯᠳᠤᠭᠤᠯᠵᠤ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/8/31
       8 ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠣᠷᠣᠯᠠᠭᠴᠢ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2021 ᠣᠨ ᠤ ᠲᠠᠪᠤᠳᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃        ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠨᠠᠮ ᠤᠨ ᠦᠨᠳᠦᠰᠦᠲᠡᠨ ᠤ ᠠᠵᠢᠯ ᠤᠨ ᠵᠠᠭᠤᠨ ᠵᠢᠯ ᠤᠨ ᠲᠡᠦᠬᠡᠨ ᠶᠠᠪᠤᠴᠠ ᠪᠣᠯᠤᠨ ᠠᠭᠤᠤ ᠶᠡᠭᠡ ᠠᠮᠵᠢᠯᠲᠠ ᠪᠦᠲᠦᠮᠵᠢ ᠶᠢ ᠪᠥᠬᠦ ᠲᠠᠯ᠎ᠠ ᠪᠠᠷ ᠡᠷᠭᠢᠴᠡᠭᠦᠯᠵᠦ᠂ ᠨᠠᠮ ᠤᠨ ᠦᠨᠳᠦᠰᠦᠲᠡᠨ ᠤ ᠠᠵᠢᠯ ᠤᠨ ᠡᠷᠬᠢᠮ ᠨᠠᠨᠳᠢᠨ ᠲᠤᠷᠰᠢᠯᠭ᠎ᠠ ᠶᠢ ᠳ᠋ᠦᠩᠨᠡᠵᠦ᠂ ᠣᠳᠣᠬᠠᠨ ᠤ ᠦᠨᠳᠦᠰᠦᠲᠡᠨ ᠤ ᠠᠵᠢᠯ ᠤᠨ ᠪᠠᠶᠢᠳᠠᠯ ᠢ ᠭᠦᠨᠵᠡᠭᠡᠶ ᠵᠠᠳᠠᠯᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠴᠢᠬᠤᠯᠠ ᠦᠵᠡᠯ ᠰᠠᠨᠠᠭ᠎ᠠ ᠶᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ ᠤᠷᠤᠭᠰᠢᠯᠠᠬᠤ ᠴᠢᠭᠯᠡᠯ ᠢ ᠲᠣᠳᠣᠷᠬᠠᠶ ᠵᠢᠭᠠᠵᠤ ᠥᠭᠴᠡᠶ᠃ ᠪᠦᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠬᠢᠨ ︽ᠲᠦᠷᠪᠡᠨ ᠤᠬᠠᠮᠰᠠᠷ︾ ᠢᠶᠠᠨ ᠪᠠᠲᠤ ᠪᠤᠢ ᠪᠣᠯᠭᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠤᠬᠠᠮᠰᠠᠷ ᠠᠴᠠ ᠪᠠᠨ ᠨᠢᠭᠡᠳᠬᠡᠵᠤ᠂ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠦᠯᠢᠬᠡᠷ ᠳᠠᠭᠤᠷᠢᠶᠠᠯ ᠤᠨ ᠦᠢᠯᠡᠳᠦᠯ ᠢᠶᠠᠨ ᠪᠠᠳᠠᠷᠠᠭᠤᠯᠵᠤ᠂ ᠲᠦᠷᠦᠭᠦᠯᠡᠨ ᠰᠤᠷᠤᠯᠴᠠᠵᠤ᠂ ᠲᠦᠷᠦᠭᠦᠯᠡᠨ ᠲᠠᠶᠢᠯᠪᠦᠷᠢᠯᠠᠵᠤ᠂ ᠲᠦᠷᠦᠭᠦᠯᠡᠨ ᠬᠢᠵᠤ᠂ ᠪᠦᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠠᠵᠢᠯ ᠢ ᠡᠷᠡᠰ ᠰᠠᠶᠢᠲᠤᠷ ᠠᠳᠬᠤᠬᠤ ᠶᠢ ᠠᠬᠢᠭᠤᠯᠬᠤ ᠭᠡᠷᠡᠭᠳᠠᠢ ᠬᠡᠵᠤ ᠵᠢᠭᠠᠵᠤ ᠭᠠᠷᠭᠠᠪᠠ᠃        ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠨᠢ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠶᠠᠮᠠᠷ ᠲᠤᠭ ᠢ ᠮᠠᠨᠳᠤᠭᠤᠯᠬᠤ᠂ ᠶᠠᠮᠠᠷ ᠵᠠᠮ ᠢᠶᠠᠷ ᠵᠠᠮᠨᠠᠬᠤ ᠵᠡᠷᠭᠡ ᠦᠨᠳᠦᠰᠦᠨ ᠠᠰᠠᠭᠤᠳᠠᠯ ᠳᠤ ᠰᠢᠨᠵᠢᠯᠡᠬᠦ ᠤᠬᠠᠭᠠᠨᠴᠢ ᠬᠠᠷᠢᠭᠤᠯᠲᠠ ᠥᠭᠴᠦ᠂ ᠨᠠᠮ ᠤᠨ ᠦᠨᠳᠦᠰᠦᠲᠡᠨ ᠤ ᠠᠵᠢᠯ ᠤᠨ ᠤᠨᠤᠯ ᠪᠣᠯᠤᠨ ᠦᠢᠯᠡᠳᠦᠯᠭᠡ ᠶᠢᠨ ᠤᠶᠤᠨ ᠤᠬᠠᠭᠠᠨ ᠤ ᠤᠬᠢ ᠲᠠᠯᠠᠰᠲᠤ ᠪᠠᠶᠢᠵᠤ᠂ ᠮᠠᠷᠺᠰ ᠤᠨ ᠦᠵᠡᠯ ᠤᠨ ᠦᠨᠳᠦᠰᠦᠲᠡᠨ ᠤ ᠤᠨᠤᠯ ᠢ ᠳᠤᠮᠳᠠᠳᠤ ᠤᠯᠤᠰᠴᠢᠯᠠᠬᠤ ᠰᠢᠨ᠎ᠡ ᠠᠬᠤᠢ ᠪᠠᠶᠢᠳᠠᠯ ᠢ ᠨᠡᠭᠡᠭᠡᠵᠦ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠦᠨᠳᠦᠰᠦᠨ ᠵᠢᠷᠤᠮᠯᠠᠯ ᠪᠣᠯᠤᠨ᠎ᠠ᠃ ᠪᠢᠳᠡ ᠢᠮᠠᠭᠲᠠ ︽ᠬᠤᠶᠠᠷ ᠢ ᠬᠠᠮᠠᠭᠠᠯᠠᠬᠤ︾ ᠤᠯᠤᠰ ᠲᠥᠷᠥ ᠶᠢᠨ ᠦᠨᠳᠦᠷᠴᠡ ᠳᠤ ᠵᠣᠭᠰᠣᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠷᠢᠨ ᠪᠦᠲᠦᠨ ᠵᠥᠪ ᠣᠨᠣᠪᠴᠢᠲᠠᠶ ᠪᠥᠬᠦ ᠲᠠᠯ᠎ᠠ ᠪᠠᠷ ᠡᠵᠡᠮᠳᠡᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠡᠷᠡᠰ ᠪᠠᠲᠤ ᠴᠤᠭᠴᠠᠯᠠᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠰᠡᠳᠬᠢᠯ ᠳᠡᠯᠪᠢᠨ ᠰᠠᠶᠢᠲᠤᠷ ᠬᠠᠮᠠᠭᠠᠯᠠᠵᠤ᠂ ᠦᠨᠳᠦᠰᠦᠲᠡᠨ ᠤ ᠠᠵᠢᠯ ᠤᠨ ᠬᠠᠰᠢᠷ ᠮᠡᠷᠭᠡᠵᠢᠯᠲᠡᠨ ᠪᠣᠯᠬᠤ ᠬᠡᠷᠡᠭᠲᠡᠶ᠃ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠵᠢᠷᠭᠠᠯ ᠵᠣᠪᠠᠯᠠᠩ ᠢᠶᠠᠨ ᠬᠤᠪᠢᠶᠠᠯᠴᠠᠬᠤ᠂ ᠢᠷᠠᠭᠤ ᠠᠯᠲᠡᠷ ᠢᠴᠢᠭᠦᠷᠢ ᠭᠤᠲᠤᠮᠰᠢᠭ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠴᠣᠭᠴᠠ ᠶᠢᠨ ᠣᠶᠢᠯᠠᠭᠠᠭᠳᠠᠬᠤᠨ ᠢ ᠪᠠᠲᠤ ᠪᠣᠶ ᠪᠣᠯᠭᠠᠬᠤ ᠬᠡᠷᠡᠭᠲᠡᠶ᠃ ᠨᠡᠶᠢᠲᠡᠯᠢᠭ ᠴᠢᠨᠠᠷ ᠪᠠ ᠵᠥᠷᠢᠶᠡᠲᠦ ᠴᠢᠨᠠᠷ ᠤᠨ ᠬᠠᠷᠢᠴᠠᠭ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠪᠠ ᠦᠨᠳᠦᠰᠦᠲᠡᠨ ᠨᠦᠭᠦᠳ ᠤᠨ ᠤᠬᠠᠮᠰᠠᠷ ᠤᠨ ᠬᠠᠷᠢᠴᠠᠭ᠎ᠠ᠂ ᠳᠤᠮᠳᠠᠳᠤ ᠶᠢᠨ ᠰᠣᠶᠣᠯ ᠪᠠ ᠦᠨᠳᠦᠰᠦᠲᠡᠨ ᠨᠦᠭᠦᠳ ᠤᠨ ᠰᠣᠶᠣᠯ ᠤᠨ ᠬᠠᠷᠢᠴᠠᠭ᠎ᠠ᠂ ᠪᠣᠳᠠᠰ ᠪᠠ ᠤᠶᠤᠨ ᠰᠠᠨᠠᠭᠠᠨ ᠤ ᠬᠠᠷᠢᠴᠠᠭ᠎ᠠ ᠶᠢ ᠵᠥᠪ ᠡᠵᠡᠮᠰᠢᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ᠂ ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠲᠡᠶᠢᠰᠢ ᠬᠠᠮᠲᠤ ᠪᠠᠷ ᠤᠷᠤᠭᠰᠢᠯᠠᠬᠤ ᠶᠢ ᠠᠬᠢᠭᠤᠯᠬᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠬᠦ᠂ ᠦᠨᠳᠦᠰᠦᠲᠡᠨ ᠤ ᠬᠦᠷᠢᠶᠡᠨ ᠳᠠᠬᠢ ᠬᠦᠨᠳᠦ ᠶᠡᠭᠡ ᠠᠶᠤᠯ ᠲᠦᠭᠰᠢᠭᠦᠷᠢ ᠭᠡᠮ ᠰᠣᠭᠤᠭ ᠢ ᠡᠷᠡᠰ ᠰᠡᠷᠭᠡᠶᠢᠯᠡᠬᠦ ᠴᠢᠬᠤᠯᠠ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠦᠨᠡᠨ ᠬᠦ ᠪᠤᠲᠠᠲᠠᠢ ᠨᠠᠶᠢᠳᠠᠪᠤᠷᠢᠵᠢᠭᠤᠯᠬᠤ ᠬᠡᠷᠡᠭᠲᠡᠢ ᠬᠡᠵᠤ ᠴᠢᠬᠤᠯᠠᠴᠢᠯᠠᠪᠠ᠃        ᠬᠤᠷᠠᠯ ᠠᠴᠠ᠂ ᠪᠥᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠤᠬᠠᠪᠦᠷᠢᠯᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠦᠨᠳᠦᠰᠦᠲᠡᠨ ᠤ ᠠᠵᠢᠯ ᠳᠠᠬᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠰᠢᠰᠲ᠋ᠧᠮ ᠲᠠᠢ ᠭᠦᠨᠵᠡᠭᠡᠶ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠦᠨᠳᠦᠰᠦᠲᠡᠨ ᠤ ᠠᠵᠢᠯ ᠤᠨ ᠲᠤᠬᠠᠶ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠶ ᠬᠡᠵᠤ ᠴᠢᠬᠤᠯᠠᠴᠢᠯᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号