ᠮᠠᠨ ᠤ ᠣᠷᠣᠨ ᠤ ᠭᠠᠴᠠᠭ᠎ᠠ ᠲᠣᠰᠬᠤᠨ ᠨᠡᠶᠢᠭᠡᠮ ᠲᠣᠭᠤᠷᠢᠭ ᠲᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠲᠤᠰᠠᠯᠠᠭᠴᠢ ᠶᠢ ᠨᠠᠭᠠᠳᠤ ᠵᠠᠬ᠎ᠠ ᠳᠤ ᠪᠠᠨ 1 ᠲᠣᠬᠢᠷᠭᠠᠤᠯᠬᠤ ᠪᠠᠷ ᠪᠣᠶ
ᠨᠡᠶᠢᠲᠡᠯᠡᠭᠰᠡᠨ ᠴᠠᠭ᠄
2021/8/31
           ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠬᠠᠮᠲᠤᠷᠠᠨ ︽ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠲᠤᠰᠠᠯᠠᠭᠴᠢ ᠶᠢᠨ ᠲᠦᠷᠢᠮ ᠢ ᠲᠡᠭᠦᠯᠳᠡᠷᠵᠢᠭᠦᠯᠦᠨ ᠪᠦᠷᠢᠨᠰᠢᠭᠦᠯᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠪᠥᠬᠦ ᠣᠷᠣᠨ ᠤ ᠬᠡᠪᠴᠢᠶᠡᠨ ᠳᠤ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠲᠤᠰᠠᠯᠠᠭᠴᠢ ᠶᠢᠨ ᠲᠦᠷᠢᠮ ᠢ ᠪᠥᠬᠦ ᠲᠠᠯ᠎ᠠ ᠪᠠᠷ ᠪᠠᠶᠢᠭᠤᠯᠤᠨ ᠲᠡᠭᠦᠯᠳᠡᠷᠵᠢᠭᠦᠯᠵᠦ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠨᠢᠭᠡᠪᠦᠷᠢ ᠳᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠲᠤᠰᠠᠯᠠᠭᠴᠢ ᠶᠢ ᠨᠠᠭᠠᠳᠤ ᠵᠠᠬ᠎ᠠ ᠳᠤ ᠪᠠᠨ 1 ᠳᠣᠭᠢᠷᠠᠭᠤᠯᠤᠨ᠎ᠠ ᠭᠡᠵᠦ ᠲᠣᠳᠣᠷᠬᠠᠶ ᠲᠣᠭᠲᠠᠭᠠᠪᠠ᠃        ︽ᠮᠡᠳᠡᠭᠳᠡᠯ︾ ᠳᠤ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠲᠤᠰᠠᠯᠠᠭᠴᠢ ᠶᠢ ᠰᠣᠩᠭᠤᠨ ᠲᠣᠮᠢᠯᠠᠬᠤ ᠨᠥᠬᠦᠴᠡᠯ᠂ ᠰᠣᠩᠭᠤᠨ ᠲᠣᠮᠢᠯᠠᠬᠤ ᠲᠠᠰ ᠳᠠᠷᠠᠭᠠᠯᠠᠯ ᠪᠠ ᠴᠠᠭ ᠬᠤᠭᠤᠴᠠᠭ᠎ᠠ᠂ ᠲᠤᠰᠠᠯᠠᠭᠴᠢ ᠶᠢᠨ ᠠᠵᠢᠯ ᠤᠨ ᠡᠭᠦᠷᠭᠡ ᠬᠠᠷᠢᠭᠤᠴᠠᠯᠭ᠎ᠠ᠂ ᠬᠢᠨᠠᠨ ᠰᠢᠯᠭᠠᠬᠤ ᠪᠠ ᠤᠷᠢᠬᠤ ᠪᠠᠨ ᠪᠤᠯᠢᠬᠤ ᠵᠡᠷᠭᠡ ᠠᠭᠤᠯᠭ᠎ᠠ ᠶᠢ ᠲᠣᠭᠲᠠᠭᠠᠵᠠᠶ᠃ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠲᠤᠰᠠᠯᠠᠭᠴᠢ ᠶᠢᠨ ᠨᠥᠬᠦᠪᠥᠷᠢ ᠶᠢᠨ ᠪᠠᠷᠢᠮᠵᠢᠶ᠎ᠠ ᠶᠢ ᠵᠢᠯ ᠳᠤ ᠬᠥᠮᠦᠨ ᠪᠦᠷᠢ ᠳᠤᠮᠳᠠᠴᠢ ᠪᠠᠷ 2400 ᠲᠥᠭᠦᠷᠢᠭ ᠠᠴᠠ ᠳᠣᠤᠷ᠎ᠠ ᠥᠬᠡᠶ ᠪᠠᠷᠢᠮᠵᠢᠶ᠎ᠠ ᠪᠠᠷ ᠲᠡᠳᠡᠨ ᠤ ᠠᠵᠢᠯ ᠤᠨ ᠬᠡᠷᠡᠭᠴᠡᠭᠡ ᠶᠢ ᠨᠥᠬᠦᠪᠥᠷᠢᠯᠡᠵᠦ᠂ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠤ ᠡᠳ᠋ ᠤᠨ ᠵᠠᠰᠠᠭ ᠠᠴᠠ ᠱᠠᠲᠤ ᠬᠤᠪᠢᠶᠠᠨ ᠡᠭᠦᠷᠭᠡᠯᠡᠨ᠎ᠡ ᠭᠡᠵᠦ ᠭᠤᠤᠯᠳᠠᠯᠭ᠎ᠠ ᠲᠠᠢ ᠲᠣᠳᠣᠷᠬᠠᠶᠢᠯᠠᠵᠡᠢ᠃        ︽ᠮᠡᠳᠡᠭᠳᠡᠯ︾ ᠳᠤ ᠱᠠᠭᠠᠷᠳᠠᠭᠰᠠᠨ ᠨᠢ᠂ ᠡᠯ᠎ᠡ ᠠᠶᠢᠮᠠᠭ ᠬᠤᠲᠠ ᠨᠤᠭᠤᠳ ᠨᠠᠷᠢᠯᠢᠬᠵᠢᠭᠤᠯᠤᠨ ᠨᠠᠶᠢᠳᠠᠪᠤᠷᠢᠵᠢᠭᠤᠯᠬᠤ ᠰᠠᠨᠠᠯ ᠨᠡᠶᠢᠲᠡᠯᠡᠵᠦ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠲᠤᠰᠠᠯᠠᠭᠴᠢ ᠶᠢᠨ ᠠᠵᠢᠯ ᠤᠨ ᠡᠭᠦᠷᠭᠡ ᠬᠠᠷᠢᠭᠤᠴᠠᠯᠭ᠎ᠠ᠂ ᠰᠣᠩᠭᠤᠨ ᠲᠣᠮᠢᠯᠠᠬᠤ ᠨᠥᠬᠦᠴᠡᠯ ᠵᠡᠷᠭᠡ ᠠᠭᠤᠯᠭ᠎ᠠ ᠶᠢ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠬᠤᠰᠢᠭᠤ ᠰᠢᠶᠠᠨ ︵ᠬᠤᠲᠠ᠂ ᠲᠣᠭᠤᠷᠢᠭ︶ ᠨᠤᠭᠤᠳ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠲᠤᠰᠠᠯᠠᠭᠴᠢ ᠶᠢᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠲᠤᠰᠠᠯᠠᠭᠴᠢ ᠶᠢᠨ ᠲᠦᠷᠢᠮ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠬᠢᠭᠤᠯᠬᠤ ᠬᠡᠷᠡᠭᠲᠡᠶ᠃ 2021 ᠣᠨ ᠤ 12 ᠳ᠋ᠤᠭᠠᠷ ᠰᠠᠷ᠎ᠠ ᠶᠢᠨ ᠡᠴᠦᠰ ᠠᠴᠠ ᠡᠮᠦᠨ᠎ᠡ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠲᠤᠰᠠᠯᠠᠭᠴᠢ ᠶᠢ ᠰᠣᠩᠭᠤᠨ ᠲᠣᠮᠢᠯᠠᠬᠤ᠂ ᠪᠣᠯᠪᠠᠰᠤᠷᠠᠭᠤᠯᠬᠤ ᠵᠡᠷᠭᠡ ᠠᠵᠢᠯ ᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ︔ 2022 ᠣᠨ ᠤ 1 ᠳ᠋ᠦ᠋ᠭᠡᠷ ᠰᠠᠷ᠎ᠠ ᠠᠴᠠ ᠡᠬᠢᠯᠡᠨ ᠪᠥᠬᠦ ᠣᠷᠣᠨ ᠳᠤ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠲᠤᠰᠠᠯᠠᠭᠴᠢ ᠶᠢᠨ ᠲᠦᠷᠢᠮ ᠢ ᠪᠥᠬᠦ ᠲᠠᠯ᠎ᠠ ᠪᠠᠷ ᠪᠠᠶᠢᠭᠤᠯᠬᠤ ᠬᠡᠷᠭᠡᠲᠡᠢ ᠭᠡᠪᠡ᠃        ᠣᠶᠢᠯᠠᠭᠠᠭᠰᠠᠨ ᠢᠶᠠᠷ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠦᠢᠯᠡᠴᠢᠯᠡᠭᠡ ᠶᠢ ᠥᠷᠭᠡᠨ ᠣᠯᠠᠨ ᠬᠦᠴᠢᠷᠳᠡᠯᠲᠡᠶ ᠣᠯᠠᠨ ᠲᠦᠮᠡᠨ ᠳᠤ ᠰᠢᠭᠤᠳ ᠬᠠᠨᠳᠤᠭᠤᠯᠵᠤ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠲᠤᠰᠠᠯᠠᠭᠴᠢ ᠨᠢ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠲᠠᠬᠢ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠦᠢᠯᠡᠴᠢᠯᠡᠭᠡᠨ ᠤ ᠲᠦᠢᠯ ᠤᠨ ᠣᠨᠣᠪᠴᠢᠲᠠᠢ ᠴᠢᠨᠠᠷ ᠪᠠ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠦᠢᠯᠡᠴᠢᠯᠡᠭᠡ ᠪᠠ ᠬᠠᠮᠢᠶᠠᠷᠤᠯᠲᠠ ᠶᠢ ᠵᠠᠪᠰᠠᠷ ᠥᠬᠡᠶ ᠵᠣᠯᠭᠠᠭᠤᠯᠬᠤ ᠶᠢ ᠪᠡᠶᠡᠯᠡᠭᠦᠯᠬᠦ᠂ ᠡᠳ᠋ ᠤᠨ ᠵᠠᠰᠠᠭ ᠤᠨ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠵᠡᠷᠭᠡ ᠳᠤ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号