| | 8 ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ | ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠱᠢ ᠲᠠᠢ ᠹᠧᠩ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ | ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ ᠴᠢᠬᠤᠯᠠ ᠵᠢᠭᠠᠪᠤᠷᠢ ᠶᠢ ᠤᠯᠠᠮᠵᠢᠯᠠᠨ ᠰᠤᠷᠤᠯᠴᠠᠵᠤ᠂ ᠪᠦᠬᠦ | ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠤᠲᠠᠰᠤ ᠬᠤᠷᠠᠯ ᠵᠡᠷᠭᠡ | ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠮᠠᠨ ᠤ ᠣᠷᠣᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠢ ᠴᠢᠨᠠᠭᠰᠢᠳᠠ ᠲᠤᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠ ᠦᠢᠯᠡ | ᠠᠵᠢᠯᠯᠠᠭ᠎ᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ | ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ | ᠦᠨᠡᠨ ᠬᠦ ᠳᠡᠭᠡᠳᠦ ᠬᠡᠮᠵᠢᠶ᠎ᠡ ᠪᠠᠷ ᠨᠢᠭᠡᠳᠬᠡᠵᠦ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠳᠤ ᠲᠤᠯᠭᠠᠷᠠᠵᠤ ᠪᠠᠶᠢᠭ᠎ᠠ ᠬᠦᠨᠳᠦ ᠬᠡᠴᠡᠭᠦᠦ ᠪᠠᠶᠢᠳᠠᠯ ᠢ ᠰᠡᠷᠭᠡᠭ ᠢᠶᠠᠷ ᠲᠠᠨᠢᠵᠤ᠂ ᠪᠠᠴᠢᠮ ᠳᠠᠶᠢᠴᠢᠯᠠᠯᠲᠠ | ᠬᠢᠬᠦ ᠶᠢᠨ ᠬᠠᠮᠲᠤ ᠬᠥᠳᠡᠯᠦᠯᠴᠡᠵᠦ᠂ ᠬᠢᠵᠢᠭ ᠮᠠᠨ ᠤ ᠣᠷᠣᠨ ᠳᠤ ᠬᠠᠯᠳᠠᠪᠤᠷᠢᠯᠠᠨ ᠣᠷᠣᠵᠤ ᠢᠷᠡᠬᠦ ᠵᠠᠮ ᠢ ᠡᠷᠡᠰ | ᠬᠤᠷᠢᠬᠯᠠᠵᠤ᠂ ᠬᠢᠵᠢᠭ ᠤᠨ ᠪᠠᠶᠢᠳᠠᠯ ᠬᠡᠪᠴᠢᠶᠡᠵᠢᠭᠰᠡᠨ ᠴᠢᠨᠠᠷᠲᠠᠶ ᠪᠠᠷ ᠬᠠᠯᠳᠠᠪᠤᠷᠢᠯᠠᠨ ᠣᠷᠣᠵᠤ ᠢᠷᠡᠬᠦ ᠪᠠ ᠳᠠᠬᠢᠨ | ᠬᠡᠴᠡᠭᠦᠳᠡᠬᠦ ᠪᠠᠶᠢᠳᠠᠯ ᠡᠭᠦᠰᠬᠦ ᠥᠬᠡᠶ ᠪᠠᠶᠢᠬᠤ ᠶᠢ ᠪᠠᠲᠤᠯᠠᠬᠤ ᠬᠡᠷᠡᠭᠲᠡᠶ᠃ ᠦᠵᠡᠯ ᠰᠠᠨᠠᠭᠠᠨ ᠤ ᠲᠠᠯ᠎ᠠ ᠪᠠᠷ | ᠠᠯᠮᠠᠶᠢᠷᠠᠬᠤ ᠪᠠ ᠲᠠᠶᠢᠪᠤᠰᠢᠷᠠᠬᠤ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢᠨ ᠬᠠᠮᠤᠭ ᠤᠨ ᠶᠡᠭᠡ ᠬᠡᠮ | ᠰᠣᠭᠤᠭ ᠪᠣᠯᠬᠤ ᠶᠢ ᠭᠦᠨᠵᠡᠭᠡᠢ ᠲᠠᠨᠢᠵᠤ᠂ ᠦᠨᠡᠨ ᠬᠦ ᠰᠤᠷᠭᠠᠮᠵᠢ ᠠᠪᠴᠤ᠂ ᠭᠦᠢᠴᠡᠳ ᠰᠣᠨᠣᠷ ᠰᠡᠷᠡᠮᠵᠢ ᠲᠠᠢ | ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠬᠦᠪᠴᠢ ᠶᠢ ᠴᠠᠭ ᠢᠮᠠᠭᠲᠠ ᠴᠢᠩᠭᠠᠯᠠᠵᠤ᠂ | ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠠᠴᠠ ᠴᠢᠩᠭ᠎ᠠ᠂ ᠪᠣᠳᠠᠲᠠᠢ ᠠᠴᠠ ᠪᠣᠳᠠᠲᠠᠢ᠂ ᠨᠠᠷᠢᠯᠢᠭ ᠠᠴᠠ ᠨᠠᠷᠢᠯᠢᠭ | ᠰᠠᠶᠢᠲᠤᠷ ᠬᠢᠬᠦ ᠬᠡᠷᠡᠭᠲᠡᠢ᠃ ᠮᠠᠨ ᠤ ᠣᠷᠣᠨ ᠳᠤ ᠢᠷᠡᠵᠦ ᠪᠤᠴᠠᠬᠤ ᠬᠥᠮᠦᠰ ᠤᠨ ᠬᠠᠮᠢᠶᠠᠷᠤᠯᠲᠠ ᠡᠵᠡᠮᠳᠡᠯ ᠢ ᠪᠦᠬᠦ | ᠲᠠᠯ᠎ᠠ ᠪᠠᠷ ᠴᠢᠩᠭᠠᠳᠬᠠᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠲᠠᠷᠬᠠᠨ ᠳᠡᠯᠭᠡᠷᠡᠬᠦ ᠠᠶᠤᠯ ᠲᠦᠭᠰᠢᠭᠦᠷᠢ ᠭᠡᠮ ᠰᠣᠭᠤᠭ ᠢ ᠬᠠᠮᠤᠭ ᠤᠨ | ᠶᠡᠭᠡ ᠬᠡᠮᠵᠢᠶ᠎ᠡ ᠪᠠᠷ ᠠᠷᠢᠯᠭᠠᠬᠤ ᠬᠡᠷᠡᠭᠲᠡᠢ᠃ ᠰᠡᠵᠢᠭᠯᠡᠯᠲᠡᠶ ᠪᠤᠶᠤ ᠣᠨᠣᠰᠢᠯᠠᠭᠰᠠᠨ ᠡᠪᠡᠳᠴᠢᠨ ᠤ ᠵᠢᠱᠢᠶ᠎ᠡ ᠶᠢ ᠣᠯᠵᠤ | ᠮᠡᠳᠡᠪᠡᠯ᠂ ᠳᠠᠷᠦ᠋ᠢᠬᠠᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠵᠦ᠂ ᠬᠠᠮᠤᠭ ᠤᠨ ᠣᠬᠤᠷ ᠬᠤᠭᠤᠴᠠᠭᠠᠨ ᠳᠤ | ᠬᠢᠵᠢᠭ ᠤᠨ ᠪᠠᠶᠢᠳᠠᠯ ᠢ ᠬᠠᠮᠤᠭ ᠤᠨ ᠪᠠᠭ᠎ᠠ ᠬᠡᠪᠴᠢᠶᠡᠨ ᠳᠤ ᠬᠢᠵᠠᠭᠠᠷᠯᠠᠬᠤ ᠪᠠᠷ ᠴᠢᠷᠮᠠᠶᠢᠵᠤ᠂ ᠳᠠᠷᠬᠠᠨ ᠳᠡᠯᠭᠡᠷᠡᠬᠦ ᠶᠢ | ᠡᠷᠡᠰ ᠰᠡᠷᠭᠡᠶᠢᠯᠡᠬᠦ ᠬᠡᠷᠡᠭᠲᠡᠶ᠃ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠠᠵᠢᠯ ᠢ ᠨᠠᠩ | ᠨᠢᠭᠲᠠ ᠴᠢᠩᠭ᠎ᠠ ᠰᠠᠶᠢᠲᠤᠷ ᠬᠢᠵᠦ᠂ ᠬᠥᠬᠡᠬᠤᠲᠠ ᠶᠢᠨ ᠨᠢᠰᠬᠡᠯ ᠤᠨ ᠪᠠᠭᠤᠳᠠᠯ ᠤᠨ ᠰᠡᠷᠭᠡᠶᠢᠯᠡᠯᠲᠡ ᠶᠢᠨ ᠱᠤᠭᠤᠮ ᠢ | ᠢᠮᠠᠭᠳᠠ ᠪᠣᠯᠭᠤᠮᠵᠢᠲᠠᠶ ᠰᠠᠶᠢᠲᠤᠷ ᠰᠠᠬᠢᠵᠤ᠂ ᠬᠢᠯᠢ ᠪᠠᠷ ᠣᠷᠣᠵᠤ ᠢᠷᠡᠬᠦ ᠬᠥᠮᠦᠰ ᠲᠤ ᠬᠢᠵᠢᠭ ᠤᠨ ᠪᠠᠶᠢᠴᠠᠭᠠᠯᠳᠠ | ᠬᠢᠬᠦ᠂ ᠰᠢᠯᠵᠢᠬᠦᠯᠦᠨ ᠲᠡᠭᠡᠭᠡᠪᠦᠷᠢᠯᠡᠵᠦ ᠬᠦᠷᠭᠡᠬᠦ᠂ ᠲᠤᠰᠠᠭᠠᠷᠯᠠᠨ ᠬᠠᠮᠢᠶᠠᠷᠤᠨ ᠡᠵᠡᠮᠳᠡᠬᠦ᠂ ᠨᠡᠶᠢᠭᠡᠮ ᠲᠣᠭᠤᠷᠢᠭ ᠤᠨ | ᠰᠡᠷᠭᠡᠶᠢᠯᠡᠨ ᠡᠵᠡᠮᠳᠡᠬᠦ ᠵᠡᠷᠭᠡ ᠪᠢᠲᠡᠭᠦᠮᠵᠢᠯᠡᠨ ᠬᠠᠮᠢᠶᠠᠷᠬᠤ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ | ᠲᠤᠰᠢᠶᠠᠬᠤ ᠪᠠ ᠭᠥᠯᠢᠶᠡᠨ ᠠᠪᠬᠤ ᠲᠠᠯᠠᠪᠤᠷ ᠲᠠᠬᠢ ᠡᠳ᠋ ᠪᠠᠷᠠᠭ᠎ᠠ᠂ ᠲᠡᠷᠭᠡ ᠬᠥᠰᠬᠡ᠂ ᠣᠷᠴᠢᠨ ᠲᠣᠭᠤᠷᠢᠨ ᠤ | ᠸᠢᠷᠦ᠋ᠰ ᠢ ᠰᠢᠯᠭᠠᠨ ᠪᠠᠶᠢᠴᠠᠭᠠᠬᠤ ᠪᠠ ᠠᠷᠢᠭᠤᠳᠬᠠᠬᠤ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ | ᠭᠠᠳᠠᠭᠠᠳᠤ ᠠᠴᠠ ᠣᠷᠣᠭᠤᠯᠤᠭᠰᠠᠨ ᠬᠦᠢᠲᠡᠨ ᠢᠶᠠᠷ ᠵᠦᠭᠡᠭᠡᠪᠦᠷᠢᠯᠡᠬᠦ ᠢᠳᠡᠭᠡᠨ᠂ ᠭᠠᠳᠠᠭᠠᠳᠤ ᠠᠴᠠ ᠣᠷᠣᠭᠤᠯᠤᠭᠰᠠᠨ | ᠠᠶᠤᠯ ᠲᠦᠭᠰᠢᠭᠦᠷᠢ ᠶᠡᠬᠡᠲᠡᠶ ᠬᠦᠢᠲᠡᠨ ᠢᠶᠠᠷ ᠵᠦᠭᠡᠭᠡᠪᠦᠷᠢᠯᠡᠬᠦ ᠪᠤᠰᠤ ᠴᠢᠩᠭᠡᠯᠢᠭ ᠤᠨ ᠡᠳ᠋ ᠪᠠᠷᠠᠭ᠎ᠠ ᠵᠡᠷᠭᠡ ᠳᠤ | ᠪᠥᠭᠡᠮ ᠬᠦᠴᠢᠯ ᠤᠨ ᠰᠤᠭᠤᠴᠢᠨ ᠪᠠᠶᠢᠴᠠᠭᠠᠯᠲᠠ ᠬᠢᠬᠦ ᠪᠠ ᠠᠷᠢᠭᠤᠳᠬᠠᠬᠤ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠵᠤ᠂ ᠬᠠᠤᠯᠢ ᠪᠤᠰᠤ ᠪᠠᠷ ᠬᠢᠯᠢ ᠳᠠᠪᠠᠭ᠋ᠤ ᠦᠢᠯᠡ ᠠᠵᠢᠯᠯᠠᠭ᠎ᠠ ᠶᠢ ᠴᠢᠩᠭ᠎ᠠ ᠰᠡᠷᠭᠡᠶᠢᠯᠡᠵᠦ ᠴᠢᠩᠭ᠎ᠠ | ᠴᠣᠬᠢᠯᠲᠠ ᠥᠭᠬᠦ ᠬᠡᠷᠡᠭᠲᠡᠶ᠃ ᠪᠠᠶᠢᠩᠭᠤᠵᠢᠬᠰᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ | ᠲᠡᠭᠦᠯᠳᠡᠷᠵᠢᠭᠦᠯᠵᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠬᠥᠮᠦᠨ ᠬᠠᠷ᠎ᠠ ᠨᠢᠭᠲᠠᠷᠠᠭᠰᠠᠨ ᠲᠠᠯᠠᠪᠤᠷ ᠭᠠᠵᠠᠷ ᠤᠨ ᠪᠠᠶᠢᠴᠠᠭᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠲᠣᠮᠣ ᠬᠡᠯᠪᠡᠷᠢ ᠶᠢᠨ ᠠᠵᠢᠯᠯᠠᠭ᠎ᠠ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠠᠶᠤᠯ | ᠲᠦᠭᠰᠢᠭᠦᠷᠢ ᠶᠡᠬᠡᠲᠡᠶ ᠠᠵᠢᠯ ᠤᠨ ᠪᠠᠶᠢᠷᠢ ᠳᠠᠬᠢ ᠭᠤᠤᠯᠳᠠᠯᠭ᠎ᠠ ᠲᠠᠢ ᠬᠥᠮᠦᠰ᠂ ᠭᠤᠤᠯᠳᠠᠯᠭ᠎ᠠ ᠲᠠᠢ ᠣᠷᠴᠢᠨ | ᠲᠣᠭᠤᠷᠢᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠶᠢᠨ ᠳᠠᠪᠳᠠᠮᠵᠢ ᠤᠳᠠᠭ᠎ᠠ ᠶᠢ ᠨᠡᠮᠡᠭᠳᠡᠬᠦᠯᠵᠦ᠂ | ᠵᠢᠭᠤᠯᠴᠢᠯᠠᠯ ᠤᠨ ᠣᠷᠣᠨ ᠢ ᠵᠢᠭᠠᠨ ᠵᠢᠯᠤᠭᠤᠳᠴᠤ ᠪᠠᠶᠢᠭᠠᠳ ᠡᠯ᠎ᠡ ᠵᠦᠢᠯ ᠤᠨ ᠰᠡᠷᠭᠡᠶᠢᠯᠡᠨ ᠬᠠᠮᠠᠭᠠᠯᠠᠬᠤ ᠠᠷᠭ᠎ᠠ | ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠡᠮᠴᠢᠯᠡᠭᠡᠨ ᠤ ᠪᠠᠶᠢᠭᠤᠯᠤᠮᠵᠢ ᠶᠢᠨ ᠠᠩᠬ᠎ᠠ ᠣᠨᠣᠰᠢᠯᠠᠬᠤ | ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠯ ᠢ | ᠰᠡᠷᠭᠡᠶᠢᠯᠡᠨ ᠡᠵᠡᠮᠳᠡᠬᠦ ᠲᠤᠰᠬᠠᠶ ᠵᠢᠭᠰᠠᠭᠠᠨ ᠪᠠᠶᠢᠴᠠᠭᠠᠬᠤ ᠠᠵᠢᠯᠯᠠᠭ᠎ᠠ ᠶᠢ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ | ᠥᠷᠨᠢᠭᠦᠯᠵᠦ᠂ ᠸᠠᠺᠼᠢᠨ ᠲᠠᠷᠢᠬᠤ ᠠᠵᠢᠯ ᠢ ᠡᠮᠬᠢ ᠵᠢᠷᠤᠮ ᠲᠠᠢ ᠠᠬᠢᠭᠤᠯᠬᠤ ᠬᠡᠷᠡᠭᠲᠡᠶ ᠭᠡᠵᠤ ᠴᠢᠬᠤᠯᠠᠴᠢᠯᠠᠵᠠᠢ᠃ | ᠬᠤᠷᠠᠯ ᠠᠴᠠ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠵᠢᠭᠰᠠᠭᠠᠯ ᠤᠨ | ᠭᠠᠵᠠᠷ ᠤᠨ ᠤᠬᠠᠮᠰᠠᠷ ᠢᠶᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ᠂ ᠠᠵᠢᠯ ᠤᠨ | ᠬᠠᠷᠢᠭᠤᠴᠠᠯᠭ᠎ᠠ ᠪᠠᠨ ᠭᠦᠢᠴᠡᠳᠬᠡᠬᠦ ᠶᠢ ᠡᠷᠡᠰ ᠪᠡᠶᠡᠯᠡᠭᠦᠯᠵᠦ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ | ᠨᠢᠭᠡᠴᠢ ᠶᠢᠨ ᠬᠢᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢ ᠴᠢᠩᠭ᠎ᠠ | ᠨᠠᠶᠢᠳᠠᠪᠤᠷᠢᠵᠢᠭᠤᠯᠵᠤ᠂ ᠳᠤᠲᠠᠭᠤᠳᠠᠯ ᠢᠶᠠᠨ ᠨᠥᠬᠦᠪᠥᠷᠢᠯᠡᠬᠦ᠂ ᠬᠦᠷᠦᠯᠴᠡᠬᠦ ᠦᠭᠡᠢ ᠲᠠᠯ᠎ᠠ ᠪᠠᠨ ᠰᠠᠶᠢᠵᠢᠷᠠᠭᠤᠯᠬᠤ | ᠠᠵᠢᠯ ᠢ ᠳᠠᠷᠦ᠋ᠢᠬᠠᠨ ᠰᠠᠶᠢᠲᠤᠷ ᠬᠢᠵᠦ᠂ ᠬᠠᠯᠳᠠᠪᠤᠷᠢᠯᠠᠬᠤ ᠡᠬᠢ ᠰᠤᠷᠪᠤᠯᠵᠢ ᠶᠢ ᠲᠠᠰᠤᠯᠬᠤ᠂ ᠬᠠᠯᠳᠠᠪᠤᠷᠢᠯᠠᠬᠤ ᠵᠠᠮ ᠢ | ᠲᠠᠰᠤᠯᠬᠤ ᠠᠵᠢᠯ ᠢ ᠪᠣᠳᠠᠲᠠᠢ ᠨᠠᠷᠢᠯᠢᠭ ᠲᠤᠭᠤᠰᠢᠲᠠᠢ ᠠᠳᠬᠤᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ | ᠺᠠᠳ᠋ᠷᠴᠤᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠬᠤᠯᠠ ᠶᠡᠭᠡ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ | ᠢᠯᠠᠩᠭᠤᠶ᠎ᠠ ᠭᠤᠣᠯ ᠬᠠᠷᠢᠭᠤᠴᠠᠯᠭᠠᠲᠠᠨ ᠨᠥᠬᠦᠳ ᠡᠮᠦᠨ᠎ᠡ ᠹᠷᠣᠨᠲ ᠲᠤ ᠵᠣᠭᠰᠣᠵᠤ᠂ ᠬᠤᠰᠢᠭᠤᠴᠢᠯᠠᠨ | ᠵᠢᠯᠣᠭᠤᠳᠴᠤ᠂ ᠪᠡᠶ᠎ᠡ ᠪᠠᠷ ᠢᠶᠠᠨ ᠠᠳᠬᠤᠵᠤ᠂ ᠪᠦᠬᠦ ᠰᠡᠳᠬᠢᠯ ᠪᠦᠬᠦ ᠬᠦᠴᠦ ᠪᠠᠷ ᠢᠶᠠᠨ ᠠᠳᠬᠤᠬᠤ ᠬᠡᠷᠡᠭᠲᠡᠢ᠃ | ᠬᠢᠵᠢᠭ ᠤᠨ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠬᠤ ᠪᠠᠨ ᠴᠢᠩᠭᠠᠳᠬᠠᠵᠤ᠂ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠪᠣᠯᠤᠨ ᠦᠷ᠎ᠡ ᠪᠦᠲᠦᠮᠵᠢ ᠶᠢ ᠬᠥᠳᠡᠯᠦᠩᠭᠦᠶ ᠪᠠᠷ ᠦᠨᠡᠯᠡᠨ ᠵᠢᠱᠢᠵᠦ᠂ ᠴᠠᠭ ᠪᠣᠯᠤᠨ ᠪᠠᠶᠢᠳᠠᠯ ᠢ | ᠦᠨᠳᠦᠰᠦᠯᠡᠨ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠠᠷᠭ᠎ᠠ ᠬᠡᠮᠵᠢᠶ᠎ᠡ ᠶᠢ ᠲᠣᠬᠢᠷᠠᠭᠤᠯᠤᠨ ᠲᠡᠭᠦᠯᠳᠡᠷᠵᠢᠭᠦᠯᠵᠦ᠂ | ᠰᠢᠨᠵᠢᠯᠡᠬᠦ ᠤᠬᠠᠭᠠᠨᠴᠢ᠂ ᠣᠨᠣᠴᠠᠲᠠᠶ᠂ ᠪᠦᠲᠦᠮᠵᠢᠲᠡᠶ ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠶ᠃ ᠡᠯ᠎ᠡ | ᠵᠦᠢᠯ ᠤᠨ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠳᠠᠯᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ | ᠭᠠᠷᠭᠠᠵᠤ᠂ ᠰᠡᠷᠭᠡᠶᠢᠯᠡᠨ ᠡᠵᠡᠮᠳᠡᠬᠦ ᠡᠷᠴᠢᠮ ᠨᠢ ᠰᠤᠯᠠ ᠪᠠᠶᠢᠵᠤ᠂ ᠠᠰᠠᠭᠤᠳᠠᠯ ᠭᠠᠷᠤᠭᠰᠠᠨ ᠪᠠᠶᠢᠪᠠᠯ ᠴᠢᠩᠭ᠎ᠠ | ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠲᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ | ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠤᠯᠠᠮᠵᠢᠯᠠᠵᠦ᠂ ᠮᠠᠨ ᠤ ᠣᠷᠣᠨ ᠤ ᠭᠤᠣᠯᠳᠠᠯᠭ᠎ᠠ ᠲᠠᠢ ᠬᠦᠷᠢᠶᠡᠨ ᠤ | ᠠᠮᠤᠷ ᠲᠦᠪᠰᠢᠨ ᠲᠣᠭᠲᠠᠭᠤᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠭᠰᠠᠨ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠪᠠ᠃ | ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠠᠷᠠᠳ | ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠴᠢᠬᠤᠯᠠ ᠶᠡᠭᠡ ᠤᠯᠤᠰ ᠲᠥᠷᠥ ᠶᠢᠨ | ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠬᠤᠯᠪᠣᠭᠳᠠᠯ ᠪᠥᠬᠦᠶ ᠠᠳᠡᠯ ᠪᠣᠯᠤᠨ ᠬᠡᠷᠡᠭ ᠠᠴᠠ ᠭᠦᠨᠵᠡᠭᠡᠶ | ᠰᠤᠷᠭᠠᠮᠵᠢ ᠠᠪᠴᠤ᠂ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠨᠢᠭᠡ ᠠᠴᠠ | ᠨᠥᠭᠦᠭᠡ ᠶᠢ ᠵᠦᠢᠴᠢᠯᠡᠨ ᠮᠡᠳᠡᠵᠦ ᠡᠯ᠎ᠡ ᠵᠦᠢᠯ ᠤᠨ ᠠᠵᠢᠯ ᠤᠨ ᠡᠭᠦᠷᠭᠡ ᠶᠢ ᠴᠢᠩᠭ᠎ᠠ ᠠᠳᠬᠤᠨ ᠪᠣᠳᠠᠲᠠᠶ | ᠠᠳᠬᠤᠵᠤ᠂ ︽ᠠᠮᠤᠷ ᠲᠦᠪᠰᠢᠨ ᠤ ᠨᠡᠭᠡᠯᠡᠬᠡᠶ︾ ᠶᠢ ᠦᠨᠡᠨ ᠬᠦ ᠨᠠᠩ ᠴᠢᠩᠭ᠎ᠠ ᠨᠠᠩ ᠪᠡᠳᠤ ᠠᠳᠬᠤᠬᠤ ᠬᠡᠷᠡᠭᠲᠡᠶ᠃ | ᠡᠯ᠎ᠡ ᠲᠦᠷᠦᠯ ᠤᠨ ᠬᠦᠨᠳᠦ ᠶᠡᠭᠡ ᠠᠶᠤᠯ ᠲᠦᠭᠰᠢᠭᠦᠷᠢ ᠭᠡᠮ ᠰᠣᠭᠤᠭ ᠢ ᠦᠷᠭᠦᠯᠵᠢᠯᠡᠨ ᠭᠦᠨᠵᠡᠭᠡᠢ ᠵᠢᠭᠰᠠᠭᠠᠨ | ᠪᠠᠶᠢᠴᠠᠭᠠᠵᠤ ᠵᠠᠰᠠᠨ᠂ ᠡᠬᠢ ᠡᠬᠦᠰᠦᠯ ᠤᠨ ᠴᠢᠨᠠᠷᠲᠠᠢ ᠬᠡᠯᠪᠡᠷᠢᠯ ᠤᠨ ᠴᠢᠨᠠᠷᠲᠠᠢ ᠠᠰᠠᠭᠤᠳᠠᠯ ᠢ ᠴᠠᠭ ᠲᠤᠬᠠᠢ ᠳᠤᠨᠢ | ᠢᠯᠡᠷᠡᠭᠦᠯᠵᠦ᠂ ᠡᠷᠡᠰ ᠰᠢᠭᠤᠷᠬᠠᠢ ᠪᠠᠷ ᠰᠢᠢᠳᠪᠦᠷᠢᠯᠡᠵᠦ᠂ ᠪᠠᠯᠠᠢ ᠣᠷᠣᠨ ᠪᠣᠯᠤᠨ ᠦᠨᠴᠦᠭ ᠪᠤᠯᠤᠩ ᠢ ᠡᠷᠡᠰ | ᠴᠡᠪᠡᠷᠯᠡᠨ ᠠᠷᠢᠯᠭᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ | ᠵᠢᠯ ᠤᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠳᠤ | ᠬᠤᠯᠪᠣᠭᠳᠠᠬᠤ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ᠂ ᠬᠢᠮᠢ ᠶᠢᠨ ᠠᠵᠤ ᠦᠢᠯᠡᠳᠪᠦᠷᠢ ᠪᠣᠯᠤᠨ ᠠᠶᠤᠯᠲᠠᠢ | ᠬᠢᠮᠢ ᠶᠢᠨ ᠪᠣᠳᠠᠰ ᠤᠨ ᠦᠢᠯᠡᠳᠪᠦᠷᠢᠯᠡᠯ᠂ ᠵᠠᠮ ᠬᠠᠷᠢᠯᠴᠠᠭ᠎ᠠ ᠲᠡᠭᠡᠭᠡᠪᠦᠷᠢ᠂ ᠪᠠᠷᠢᠯᠭ᠎ᠠ ᠶᠢᠨ ᠠᠵᠢᠯ᠂ ᠬᠤᠳᠠ | ᠪᠠᠯᠭᠠᠰᠤᠨ ᠤ ᠰᠢᠲᠠᠮᠠᠬᠠᠢ ᠬᠡᠢ ᠵᠡᠷᠭᠡ ᠭᠤᠣᠯᠳᠠᠯᠭ᠎ᠠ ᠲᠠᠢ ᠬᠦᠷᠢᠶᠡᠨ ᠤ ᠪᠠᠷᠢᠮᠵᠢᠶ᠎ᠠ ᠱᠠᠭᠠᠷᠳᠠᠯᠭ᠎ᠠ ᠶᠢ ᠴᠢᠩᠭᠠᠳᠬᠠᠵᠤ᠂ | ᠭᠤᠣᠯᠳᠠᠯᠭ᠎ᠠ ᠲᠠᠢ ᠬᠢᠨᠠᠨ ᠬᠠᠮᠢᠶᠠᠷᠴᠤ᠂ ᠪᠦᠬᠦ ᠲᠠᠯ᠎ᠠ ᠪᠠᠷ ᠪᠠᠶᠢᠴᠠᠭᠠᠵᠤ᠂ ᠬᠠᠮᠢᠶᠠᠷᠤᠯᠲᠠ ᠠᠴᠠ | ᠭᠤᠭᠤᠵᠢᠭᠳᠠᠭᠤᠯᠵᠤ ᠡᠵᠡᠮᠳᠡᠯ ᠠᠯᠳᠠᠬᠳᠠᠬᠤ ᠶᠢ ᠡᠷᠡᠰ ᠰᠡᠷᠭᠡᠶᠢᠯᠡᠬᠦ ᠬᠡᠷᠡᠭᠲᠡᠢ᠃ ᠣᠯᠠᠨ ᠨᠡᠶᠢᠲᠡ ᠶᠢᠨ ᠠᠮᠤᠷ | ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠵᠦ᠂ | ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠪᠣᠯᠤᠨ ᠳᠠᠪᠬᠤᠷᠳᠠᠭᠰᠠᠨ ᠵᠠᠬᠢᠳᠠᠯ ᠰᠤᠷᠪᠤᠯᠵᠢᠯᠠᠯ ᠤᠨ ᠭᠡᠷᠡᠭ ᠤᠨ | ᠲᠤᠰᠬᠠᠶ ᠵᠠᠰᠠᠯᠲᠠ ᠶᠢ ᠦᠷᠭᠦᠯᠵᠢᠯᠡᠨ ᠠᠬᠢᠭᠤᠯᠵᠤ᠂ ᠵᠥᠷᠢᠴᠡᠯ ᠵᠠᠭᠤᠷᠠᠯᠳᠤᠭᠠᠨ ᠢ ᠵᠢᠭᠰᠠᠭᠠᠨ ᠪᠠᠶᠢᠴᠠᠭᠠᠵᠤ | ᠡᠶᠡᠳᠡᠭᠦᠯᠦᠨ ᠰᠢᠢᠳᠪᠦᠷᠢᠯᠡᠬᠦ ᠠᠵᠢᠯ ᠢ ᠭᠦᠨᠵᠡᠭᠡᠶ ᠥᠷᠨᠢᠭᠦᠯᠵᠦ᠂ ᠴᠠᠬᠢᠯᠭᠠᠨ ᠬᠤᠯᠪᠣᠭ᠎ᠠ ᠰᠦᠯᠵᠢᠶᠡᠨ ᠤ | ᠮᠡᠬᠡᠯᠡᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠦᠶᠡᠷ ᠢ | ᠰᠡᠷᠭᠡᠶᠢᠯᠡᠵᠦ ᠦᠶᠡᠷ ᠤᠨ ᠬᠤᠭᠤᠴᠠᠭ᠎ᠠ ᠶᠢ ᠦᠡᠭᠭᠡᠷᠡᠭᠦᠯᠬᠦ ᠪᠠ ᠭᠠᠮᠰᠢᠭ ᠢ ᠰᠡᠷᠭᠡᠶᠢᠯᠡᠵᠦ ᠭᠠᠮᠰᠢᠭ ᠠᠴᠠ ᠠᠪᠤᠷᠬᠠᠤ | ᠭᠠᠮᠰᠢᠭ ᠢ ᠪᠠᠭᠠᠰᠬᠠᠬᠤ ᠠᠵᠢᠯ ᠢ ᠥᠴᠦᠬᠡᠨ ᠴᠦ ᠰᠤᠯᠠᠷᠠᠭᠤᠯᠤᠯ ᠥᠬᠡᠶ ᠰᠠᠶᠢᠲᠤᠷ ᠠᠳᠬᠤᠬᠤ ᠬᠡᠷᠡᠭᠲᠡᠶ᠃ ᠡᠯ᠎ᠡ | ᠱᠠᠲᠤᠨ ᠤ ᠨᠠᠮ ᠵᠠᠰᠠᠭ ᠤᠨ ᠭᠤᠤᠯ ᠬᠠᠷᠢᠭᠤᠴᠠᠯᠭᠠᠲᠠᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ | ᠦᠨᠡᠨ ᠬᠦ ᠡᠭᠦᠷᠭᠡᠯᠡᠵᠦ᠂ ᠬᠦᠨᠳᠦ ᠶᠡᠭᠡ ᠠᠶᠤᠯ ᠲᠦᠭᠰᠢᠭᠦᠷᠢ ᠬᠡᠮ ᠰᠣᠭᠤᠭ ᠤᠨ ᠲᠤᠬᠠᠢ ᠳᠤᠲᠤᠷ᠎ᠠ ᠪᠠᠨ | ᠲᠤᠭ᠎ᠠ ᠲᠠᠢ ᠪᠠᠶᠢᠵᠤ᠂ ᠬᠤᠯᠪᠣᠭᠳᠠᠯ ᠪᠥᠬᠦᠶ ᠲᠠᠯ᠎ᠠ ᠶᠢᠨ ᠡᠯ᠎ᠡ ᠲᠥᠷᠥᠯ ᠤᠨ ᠠᠶᠤᠯ ᠲᠦᠭᠰᠢᠭᠦᠷᠢ ᠶᠢ ᠠᠷᠭᠠᠴᠠᠭᠠᠨ | ᠰᠢᠢᠳᠪᠦᠷᠢᠯᠡᠬᠦ ᠪᠡᠯᠡᠳᠬᠡᠯ ᠲᠥᠰᠦᠯ ᠢ ᠲᠡᠭᠦᠯᠳᠡᠷᠵᠢᠭᠦᠯᠬᠦ ᠶᠢ ᠬᠦᠴᠦᠯᠡᠨ ᠠᠬᠢᠭᠤᠯᠵᠤ᠂ ᠠᠷᠠᠳ ᠣᠯᠠᠨ ᠤ ᠠᠮᠤᠷ | ᠲᠦᠪᠰᠢᠨ ᠤ ᠬᠤᠷᠢᠭ᠎ᠠ ᠱᠤᠭᠤᠮ ᠢ ᠳᠠᠭᠠᠷᠢᠭᠰᠠᠨ ᠲᠣᠪᠤᠶᠢᠮ᠎ᠠ ᠠᠰᠠᠭᠤᠳᠠᠯ ᠢ ᠴᠠᠭ ᠲᠤᠬᠠᠶ ᠳᠤᠨᠢ ᠵᠠᠰᠠᠬᠤ ᠬᠡᠷᠡᠭᠲᠡᠶ᠃ | ᠡᠯ᠎ᠡ ᠰᠠᠯᠠᠭ᠎ᠠ ᠮᠥᠴᠢᠷ ᠤᠳ ︽ᠭᠤᠷᠪᠠᠨ ᠡᠷᠬᠡᠪᠰᠢ︾ ᠶᠢᠨ ᠱᠠᠭᠠᠷᠳᠠᠯᠭ᠎ᠠ ᠶᠣᠰᠣᠭᠠᠷ᠂ ᠴᠠᠭ ᠦᠶ᠎ᠠ ᠶᠢ ᠲᠠᠭᠠᠨ | ᠵᠡᠷᠭᠡ ᠪᠠᠷ ᠤᠷᠤᠬᠰᠢᠯᠠᠵᠦ ᠪᠠᠶᠢᠭᠠᠳ ᠬᠢᠨᠠᠨ ᠬᠠᠮᠢᠶᠠᠷᠬᠤ ᠠᠷᠭ᠎ᠠ ᠪᠠᠷᠢᠯ ᠪᠠ ᠠᠷᠭ᠎ᠠ ᠬᠡᠯᠪᠡᠷᠢ ᠶᠢ ᠰᠠᠶᠢᠵᠢᠷᠠᠭᠤᠯᠵᠤ᠂ | ᠬᠢᠨᠠᠨ ᠬᠠᠮᠢᠶᠠᠷᠬᠤ ᠴᠢᠳᠠᠪᠤᠷᠢ ᠪᠠ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠶ᠃ ᠠᠵᠤ ᠠᠬᠤᠶᠢᠯᠠᠯ ᠤᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠲᠦᠷᠦᠯ ᠤᠨ ᠠᠵᠤ ᠠᠬᠤᠶᠢᠯᠠᠯ ᠤᠨ ᠠᠶᠤᠯᠭᠦᠢ | ᠦᠢᠯᠡᠳᠪᠦᠷᠢᠯᠡᠯ ᠤᠨ ᠪᠣᠭᠤᠮᠲᠠ ᠶᠢ ᠴᠢᠩᠭ᠎ᠠ ᠰᠠᠬᠢᠬᠤ ᠶᠢ ᠱᠠᠯᠠᠪᠳᠠᠭᠤᠯᠵᠤ᠂ ᠲᠡᠳᠡᠭᠡᠷ ︽ᠮᠦᠩᠬᠦ ᠵᠤᠭᠤᠰᠤᠨ ᠤ | ᠲᠦᠯᠦᠭᠡ ᠠᠮᠢ ᠪᠠᠨ ᠠᠪᠬᠤ ᠦᠭᠡᠢ︾ ᠪᠠᠶᠢᠬᠤ ᠠᠵᠢᠯᠯᠠᠭ᠎ᠠ ᠶᠢ ᠴᠢᠩᠭ᠎ᠠ ᠰᠢᠢᠳᠬᠡᠬᠦ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |