| 8 ᠰᠠᠷ᠎ᠠ ᠶᠢᠨ 5 ᠤ ᠡᠳᠦᠷ᠂ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠬᠤᠷᠢᠨ ᠨᠠᠢᠮᠠᠳᠤᠭᠠᠷ ᠬᠤᠷᠠᠯ | ᠬᠦᠬᠡᠬᠤᠳᠠ ᠳᠤ ᠬᠤᠷᠠᠯᠳᠤᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠸᠡᠭ ᠬᠤᠷᠠᠯ ᠢ | ᠡᠷᠬᠢᠯᠡᠵᠡᠢ᠃ | ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ | ᠬᠤᠷᠢᠶᠠᠨ ᠤ ᠪᠠᠶᠢᠡᠭᠭᠤ ᠶᠢᠨ ᠲᠡᠳ᠋ ᠡᠷᠬᠢᠯᠡᠭᠴᠢ ᠨᠠᠰᠤᠨᠮᠦ᠋ᠡᠭᠭᠡ᠂ ᠲᠡᠳ᠋ ᠡᠷᠬᠢᠯᠡᠭᠴᠢ ᠸᠠᠩ ᠪᠦᠸᠧ᠂ ᠯᠢ ᠷᠦᠡᠭ ᠰᠢ᠂ | ᠯᠢᠶᠠᠨ ᠰᠤ᠋᠂ ᠵᠠᠩ ᠶᠤᠸᠠᠨ ᠵᠦᠡᠭ᠂ ᠾᠧ ᠶᠠᠨ ᠯᠢᠩ᠂ ᠨᠠᠷᠢᠨ ᠪᠢᠴᠢᠭ ᠤᠨ ᠲᠠᠷᠤᠭ᠎ᠠ ᠱᠢ ᠸᠧᠨ ᠰᠢᠤᠸᠠᠢ ᠵᠢᠴᠢ | ᠪᠠᠶᠢᠡᠭᠭᠤ ᠶᠢᠨ ᠬᠤᠷᠢᠶᠠᠨ ᠤ ᠭᠡᠰᠢᠭᠦᠳ ᠬᠤᠷᠠᠯ ᠳᠤ ᠤᠷᠤᠯᠴᠠᠵᠠᠢ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠡᠭᠭᠤ ᠶᠢᠨ ᠳᠡᠳ᠋ ᠲᠡᠷᠢᠭᠦᠯᠡᠭᠴᠢ ᠵᠠᠩ | ᠱᠤᠤ ᠴᠦᠨ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠤᠷ ᠵᠡᠷᠭᠡ ᠶᠢᠨ ᠰᠢᠭᠦᠭᠦ ᠬᠤᠷᠢᠶᠠᠨ ᠤ ᠲᠠᠷᠤᠭ᠎ᠠ | ᠶᠠᠩ ᠽᠦᠡᠭ ᠷᠧᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ | ᠳᠠᠷᠤᠭ᠎ᠠ ᠯᠢ ᠴᠢ ᠯᠢᠨ ᠬᠤᠷᠠᠯ ᠳᠤ ᠰᠤᠯᠠ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ | ᠵᠥᠪᠯᠡᠯ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ᠃ | ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠤᠳᠤ 63 ᠪᠦᠷᠢᠯᠳᠦᠭᠦᠨ ᠲᠠᠢ᠂ 61 | ᠬᠦᠮᠦᠨ ᠨᠢ ᠲᠤᠰ ᠤᠳᠠᠭᠠᠨ ᠤ ᠬᠤᠷᠠᠯ ᠳᠤ ᠤᠷᠤᠯᠴᠠᠵᠦ᠂ ᠬᠠᠤᠯᠢ ᠳᠤ ᠲᠤᠬᠳᠠᠭᠠᠬᠰᠠᠨ ᠬᠦᠮᠦᠨ ᠤ ᠲᠤᠭ᠎ᠠ ᠳᠤ | ᠨᠡᠶᠢᠴᠡᠪᠠ᠃ | ᠬᠤᠷᠠᠯ ᠠᠴᠠ ᠡᠩ ᠲᠡᠷᠢᠭᠦᠨ ᠳᠤ ᠠᠩᠬᠠᠳᠤᠭᠠᠷ ᠤᠳᠠᠭ᠎ᠠ ᠶᠢᠨ ᠪᠥᠬᠦᠳᠡ ᠬᠤᠷᠠᠯ ᠬᠢᠵᠤ᠂ ᠬᠤᠷᠠᠯ ᠤᠨ | ᠵᠥᠪᠯᠡᠬᠦ ᠵᠦᠢᠯᠡᠰ ᠢ ᠪᠠᠲᠤᠯᠠᠭᠰᠠᠨ ᠤ ᠳᠠᠷᠠᠭ᠎ᠠ᠂ ᠵᠠᠩ ᠱᠤᠤ ᠴᠦᠨ ᠤ ᠬᠢᠭᠰᠡᠨ ᠥᠪᠡᠷᠲᠡᠭᠡᠨ ᠵᠠᠰᠠᠬᠤ ᠣᠷᠣᠨ ᠤ | ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠣᠷᠣᠯᠠᠭᠴᠢ ᠲᠡᠷᠢᠭᠦᠯᠡᠭᠴᠢ ᠪᠠᠷ ᠲᠤᠮᠢᠯᠠᠬᠤ ᠪᠠᠷ | ᠲᠤᠬᠳᠠᠬᠰᠠᠨ ᠵᠡᠷᠭᠡ ᠠᠵᠢᠯᠲᠠᠨ ᠤ ᠶᠠᠪᠤᠳᠠᠯ ᠤᠨ ᠵᠦᠢᠯᠡᠰ ᠤᠨ ᠲᠤᠬᠠᠶ ᠲᠣᠳᠣᠷᠬᠠᠶᠢᠯᠠᠯᠲᠠ ᠶᠢ ᠰᠣᠨᠣᠰᠪᠠ᠃ | ᠬᠤᠶᠠᠳᠤᠭᠠᠷ ᠤᠳᠠᠭ᠎ᠠ ᠶᠢᠨ ᠪᠥᠬᠦᠳᠡ ᠬᠤᠷᠠᠯ ᠠᠴᠠ ᠪᠦ᠋ ᠰᠢᠶᠤᠤ ᠯᠢᠨ ᠨᠥᠬᠦᠷ ᠤᠨ ᠥᠪᠡᠷᠲᠡᠭᠡᠨ ᠵᠠᠰᠠᠬᠤ | ᠣᠷᠣᠨ ᠤ ᠲᠡᠷᠢᠭᠦᠯᠡᠭᠴᠢ ᠶᠢᠨ ᠲᠤᠰᠢᠶᠠᠯ ᠠᠴᠠ ᠪᠠᠨ ᠪᠠᠭᠤᠬᠤ ᠡᠷᠬᠦᠳᠡᠯ ᠢ ᠭᠥᠯᠢᠶᠡᠨ ᠠᠪᠬᠤ ᠲᠤᠬᠠᠶ ᠥᠪᠡᠷᠲᠡᠭᠡᠨ | ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ᠂ | ᠵᠧᠩ ᠬᠤᠩ ᠹᠠᠨ ᠨᠥᠬᠦᠷ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠢᠨ ᠲᠤᠰᠢᠶᠠᠯ ᠠᠴᠠ ᠪᠠᠨ | ᠪᠠᠭᠤᠬᠤ ᠡᠷᠬᠦᠳᠡᠯ ᠢ ᠭᠥᠯᠢᠶᠡᠨ ᠠᠪᠬᠤ ᠲᠤᠬᠠᠶ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ ᠢ ᠪᠠᠲᠤᠯᠠᠵᠤ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠲᠤᠰᠢᠶᠠᠯ ᠳᠤ ᠲᠣᠮᠢᠯᠠᠬᠤ ᠪᠠᠷ ᠲᠣᠭᠲᠠᠭᠰᠠᠨ ᠨᠡᠷᠡᠰ ᠢ ᠪᠠᠲᠤᠯᠠᠵᠤ᠂ ᠸᠠᠩ ᠯᠢ ᠰᠢᠶᠠ ᠨᠥᠬᠦᠷ ᠢ ᠥᠪᠡᠷᠲᠡᠭᠡᠨ | ᠵᠠᠰᠠᠬᠤ ᠣᠷᠣᠨ ᠤ ᠳᠡᠳ᠋ ᠲᠡᠷᠢᠭᠦᠯᠡᠭᠴᠢ ᠪᠠᠷ ᠲᠣᠮᠢᠯᠠᠬᠤ ᠪᠠᠷ ᠲᠣᠭᠲᠠᠵᠤ᠂ ᠸᠠᠩ ᠯᠢ ᠰᠢᠶᠠ ᠨᠥᠬᠦᠷ ᠢ ᠥᠪᠡᠷᠲᠡᠭᠡᠨ | ᠵᠠᠰᠠᠬᠤ ᠣᠷᠣᠨ ᠤ ᠣᠷᠣᠯᠠᠭᠴᠢ ᠲᠡᠷᠢᠭᠦᠯᠡᠭᠴᠢ ᠪᠠᠷ ᠲᠤᠮᠢᠯᠠᠬᠤ ᠲᠤᠬᠠᠶ ᠲᠣᠭᠲᠠᠭᠠᠯ ᠢ ᠪᠠᠲᠤᠯᠠᠪᠠ᠃ | ᠱᠢ ᠲᠠᠢ ᠹᠧᠩ ᠸᠠᠩ ᠯᠢ ᠰᠢᠶᠠ ᠳᠤ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠪᠠ᠃ | ᠸᠠᠩ ᠯᠢ ᠰᠢᠶᠠ ᠦᠨᠳᠦᠰᠦᠨ ᠬᠠᠤᠯᠢ ᠳᠤ ᠲᠥᠪ ᠴᠢᠩᠭ᠎ᠠ ᠪᠠᠷ ᠲᠠᠩᠭᠠᠷᠢᠬᠯᠠᠬᠤ ᠶᠢᠨ ᠬᠠᠮᠲᠤ ᠣᠪᠣᠷ ᠢᠶᠠᠨ | ᠢᠯᠡᠳᠬᠡᠬᠦ ᠦᠭᠡ ᠬᠡᠯᠡᠪᠡ᠃ | ᠬᠤᠷᠠᠯ ᠠᠴᠠ᠂ ᠡᠨᠡ ᠤᠳᠠᠭᠠᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠭᠤᠤᠯ | ᠤᠳᠤᠷᠢᠳᠤᠯᠭ᠎ᠠ ᠶᠢᠨ ᠲᠣᠬᠢᠷᠠᠭᠤᠯᠤᠯᠲᠠ ᠪᠣᠯ ᠨᠠᠮ ᠤᠨ ᠲᠥᠪ ᠬᠤᠷᠢᠶ᠎ᠠ ᠶᠡᠭᠡ ᠲᠠᠯ᠎ᠠ ᠠᠴᠠ ᠡᠭᠦᠰᠴᠦ᠂ ᠠᠵᠢᠯ ᠤᠨ | ᠬᠡᠷᠡᠭᠴᠡᠭᠡ ᠪᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ | ᠪᠠᠶᠢᠭᠤᠯᠤᠯᠲᠠ ᠶᠢᠨ ᠪᠣᠳᠠᠲᠤ ᠪᠠᠶᠢᠳᠠᠯ ᠢ ᠦᠨᠳᠦᠰᠦᠯᠡᠨ᠂ ᠪᠥᠬᠦ ᠲᠠᠯ᠎ᠠ ᠪᠠᠷ ᠪᠣᠳᠣᠯᠬᠢᠯᠠᠵᠤ᠂ ᠪᠣᠯᠭᠤᠮᠵᠢᠲᠠᠶ | ᠰᠤᠳᠤᠯᠤᠨ ᠲᠣᠭᠲᠠᠭᠠᠵᠤ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠠᠴᠠ | ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠳᠣᠲᠣᠨᠣ ᠪᠠᠷ ᠬᠠᠯᠠᠮᠵᠢᠯᠠᠵᠤ᠂ ᠥᠪᠥᠷ | ᠮᠣᠩᠭᠤᠯ ᠤᠨ ᠠᠵᠢᠯ ᠪᠠ ᠤᠳᠤᠷᠢᠳᠬᠤ ᠪᠠᠭ ᠤᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ | ᠪᠠᠶᠢᠬᠤ ᠶᠢ ᠭᠦᠢᠴᠡᠳ ᠢᠯᠡᠷᠡᠭᠦᠯᠪᠡ᠃ ᠸᠠᠩ ᠯᠢ ᠰᠢᠶᠠ ᠨᠥᠬᠦᠷ ᠨᠠᠮ ᠪᠣᠯᠤᠨ ᠠᠷᠠᠳ ᠲᠦᠮᠡᠨ ᠤ ᠬᠦᠨᠳᠦ | ᠨᠠᠶᠢᠳᠠᠯᠭ᠎ᠠ ᠶᠢ ᠪᠠᠲᠤ ᠴᠡᠭᠡᠵᠢᠯᠡᠵᠦ᠂ ᠦᠨᠳᠦᠰᠦᠨ ᠬᠠᠤᠯᠢ ᠪᠣᠯᠤᠨ ᠬᠠᠤᠯᠢ ᠴᠠᠭᠠᠵᠠ ᠠᠴᠠ ᠣᠯᠭᠤᠭᠰᠠᠨ ᠡᠭᠦᠷᠭᠡ | ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠠᠷᠠᠳ ᠲᠦᠮᠡᠨ ᠠᠴᠠ ᠣᠯᠭᠤᠭᠰᠠᠨ ᠡᠷᠬᠡ ᠪᠠᠨ ᠵᠥᠪ | ᠣᠨᠣᠪᠴᠢᠲᠠᠢ ᠬᠡᠷᠡᠭᠵᠢᠭᠦᠯᠵᠦ᠂ ᠵᠠᠰᠠᠭ ᠤᠨ ᠣᠷᠳᠣᠨ ᠤ ᠤᠳᠤᠷᠢᠳᠬᠤ ᠪᠠᠭ ᠢ ᠪᠦᠯᠬᠦᠮᠳᠡᠭᠦᠯᠦᠨ ᠳᠠᠭᠠᠭᠤᠯᠵᠤ᠂ | ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠲᠣᠭᠲᠠᠭᠠᠭᠰᠠᠨ ᠬᠥᠭᠵᠢᠯᠲᠡ ᠶᠢᠨ ᠰᠡᠳᠬᠢᠴᠡ᠂ ᠬᠢᠭᠰᠡᠨ ᠠᠵᠢᠯ ᠤᠨ ᠪᠠᠶᠢᠷᠢᠯᠠᠭᠤᠯᠤᠯᠲᠠ ᠶᠢ | ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ ᠲᠠᠯᠪᠢᠬᠤ ᠶᠢ | ᠤᠬᠠᠮᠰᠠᠷ ᠠᠴᠠ ᠪᠠᠨ ᠬᠦᠯᠢᠶᠡᠵᠦ᠂ ᠵᠠᠰᠠᠭ ᠤᠨ ᠣᠷᠳᠣᠨ ᠤ ᠠᠵᠢᠯ ᠢ ᠪᠦᠲᠦᠮᠵᠢᠲᠡᠢ ᠰᠠᠶᠢᠲᠤᠷ ᠬᠢᠬᠦ ᠶᠢ ᠬᠦᠰᠡᠵᠦ | ᠪᠠᠶᠢᠨ᠎ᠠ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠣᠲᠣ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠠᠵᠢᠯ ᠦᠢᠯᠡᠰ ᠤᠨ | ᠬᠥᠭᠵᠢᠯᠲᠡ ᠶᠢᠨ ᠰᠡᠳᠬᠢᠴᠡ ᠠᠷᠭ᠎ᠠ ᠬᠡᠮᠵᠢᠶ᠎ᠡ ᠨᠢᠭᠡᠨᠲᠡ ᠮᠠᠰᠢ ᠲᠣᠳᠣᠷᠬᠠᠶ ᠪᠣᠯᠵᠤ᠂ ᠵᠠᠩᠭᠢᠯᠠᠭ᠎ᠠ ᠨᠢ ᠨᠢᠭᠡᠨᠲᠡ | ᠲᠣᠭᠲᠠᠭᠠᠭᠰᠠᠨ ᠪᠠᠶᠢᠷᠢᠯᠠᠭᠤᠯᠤᠯᠲᠠ ᠶᠣᠰᠣᠭᠠᠷ ᠪᠥᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠤᠯᠲᠠ ᠶᠢ ᠰᠠᠶᠢᠲᠤᠷ | ᠠᠳᠬᠤᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠨᠡᠷ ᠤᠯᠤᠰ ᠲᠥᠷᠥ ᠶᠢᠨ ᠵᠣᠭᠰᠣᠴᠠ ᠪᠠᠨ ᠴᠢᠨᠠᠭᠰᠢᠳᠠ | ᠳᠡᠭᠡᠭᠰᠢᠯᠡᠭᠦᠯᠵᠦ᠂ ᠤᠬᠠᠮᠰᠠᠷ ᠠᠴᠠ ᠪᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠤᠨ ᠲᠥᠪ | ᠬᠤᠷᠢᠶᠠᠨ ᠤ ᠦᠨᠳᠦᠰᠦᠨ ᠪᠣᠳᠣᠯᠭ᠎ᠠ ᠴᠢᠭᠯᠡᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢᠨ ᠬᠠᠷᠠᠭᠠᠰᠤ ᠠᠴᠠ ᠠᠰᠠᠭᠤᠳᠠᠯ ᠢ ᠪᠣᠳᠣᠯᠬᠢᠯᠠᠵᠤ᠂ ᠠᠵᠢᠯ ᠬᠢᠵᠦ᠂ | ᠤᠬᠠᠮᠰᠠᠷ ᠠᠴᠠ ᠪᠠᠨ ᠪᠥᠬᠦ ᠣᠷᠣᠨ ᠤ ᠭᠤᠤᠯ ᠠᠵᠢᠯ ᠳᠤ ᠰᠠᠶᠢᠲᠤᠷ ᠦᠢᠯᠡᠴᠢᠯᠡᠬᠦ ᠬᠠᠷᠠᠭᠠᠰᠤ ᠠᠴᠠ ᠠᠰᠠᠭᠤᠳᠠᠯ ᠢ | ᠪᠣᠳᠣᠯᠬᠢᠯᠠᠵᠤ᠂ ᠠᠵᠢᠯ ᠬᠢᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠤᠨ ᠳᠠᠪᠠᠭᠤᠯᠢᠭ ᠢ | ᠨᠠᠩ ᠰᠠᠶᠢᠲᠤᠷ ᠪᠠᠳᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠭᠦᠷᠭᠡ ᠴᠢᠳᠠᠪᠬᠢ | ᠦᠢᠯᠡᠳᠦᠯ ᠢ ᠨᠠᠩ ᠰᠠᠶᠢᠲᠤᠷ ᠪᠠᠳᠠᠷᠠᠭᠤᠯᠬᠤ ᠬᠡᠷᠡᠭᠲᠡᠶ᠃ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ | ᠴᠢᠩᠭ᠎ᠠ ᠳᠠᠭᠠᠵᠤ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠠᠤᠯᠢᠵᠢᠯ ᠤᠨ ᠪᠠᠶᠢᠭᠤᠯᠤᠯᠲᠠ ᠳᠠᠬᠢ | ᠬᠦᠰᠡᠯ ᠡᠷᠡᠮᠡᠯᠵᠡᠯ ᠲᠠᠢ ᠨᠢᠭᠲᠠ ᠤᠶᠠᠯᠳᠤᠭᠤᠯᠵᠤ᠂ ᠮᠠᠨ ᠤ ᠣᠷᠣᠨ ᠤ ᠵᠠᠰᠠᠯᠲᠠ ᠶᠢᠨ ᠰᠢᠰᠲ᠋ᠧᠮ ᠪᠣᠯᠤᠨ | ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠠᠴᠠ ᠳᠤᠷᠠᠳᠤᠭᠰᠠᠨ ᠬᠠᠤᠯᠢᠵᠢᠯ ᠤᠨ ᠬᠡᠷᠡᠭᠴᠡᠭᠡ | ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠬᠠᠤᠯᠢ ᠲᠣᠭᠲᠠᠭᠠᠬᠤ᠂ ᠬᠢᠨᠠᠯᠲᠠ ᠲᠠᠯᠪᠢᠬᠤ᠂ ᠲᠥᠯᠥᠭᠡᠯᠡᠬᠦ ᠵᠡᠷᠭᠡ | ᠠᠵᠢᠯ ᠢ ᠯᠠᠪᠳᠠᠭᠤᠨ ᠪᠠᠲᠤᠲᠠᠶ ᠪᠦᠲᠦᠮᠵᠢᠲᠡᠶ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ | ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ᠂ ᠠᠮᠢ ᠠᠬᠤᠶ ᠣᠷᠴᠢᠨ ᠲᠣᠭᠤᠷᠢᠨ ᠤ ᠥᠨᠳᠥᠷ ᠲᠦᠪᠰᠢᠨ ᠪᠥᠬᠦᠶ | ᠬᠠᠮᠠᠭᠠᠯᠠᠯᠲᠠ᠂ ᠠᠷᠠᠳ ᠣᠯᠠᠨ ᠤ ᠴᠢᠨᠠᠷ ᠰᠠᠶᠢᠲᠠᠶ ᠠᠮᠢᠳᠤᠷᠠᠯ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ | ᠣᠷᠣᠨ ᠤ ᠥᠨᠳᠥᠷ ᠪᠦᠲᠦᠮᠵᠢᠲᠡᠶ ᠵᠠᠰᠠᠯᠲᠠ ᠶᠢ ᠠᠬᠢᠭᠤᠯᠬᠤ ᠳᠤ ᠦᠨᠡᠨ ᠬᠦ ᠨᠠᠩ ᠶᠡᠭᠡ ᠬᠤᠪᠢ ᠨᠡᠮᠡᠷᠢ ᠦᠵᠡᠭᠦᠯᠬᠦ | ᠬᠡᠷᠡᠭᠲᠡᠶ ᠭᠡᠵᠦ ᠴᠢᠬᠤᠯᠠᠴᠢᠯᠠᠪᠠ᠃ | |