| 8 ᠰᠠᠷ᠎ᠠ ᠶᠢᠨ 5 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠨ ᠴᠤᠤ ᠴᠢ ᠬᠤᠩᠱᠠᠨ | ᠲᠣᠭᠤᠷᠢᠭ᠂ ᠰᠦᠩᠱᠠᠨ ᠲᠣᠭᠤᠷᠢᠭ ᠲᠤ ᠬᠦᠷᠴᠦ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ | ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃ ᠲᠡᠷᠡ᠂ ︽ᠠᠷᠠᠳ ᠲᠦᠮᠡᠨ ᠢᠶᠠᠷ ᠭᠤᠣᠯ ᠪᠣᠯᠭᠠᠬᠤ︾ | ᠬᠥᠭᠵᠢᠯᠲᠡ ᠶᠢᠨ ᠤᠢᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠳᠤᠲᠠᠭᠤᠳᠠᠯ ᠪᠠᠭᠤᠷᠠᠢ ᠲᠠᠯ᠎ᠠ ᠪᠠᠨ ᠨᠥᠬᠦᠪᠥᠷᠢᠯᠡᠵᠦ᠂ ᠪᠣᠯᠪᠠᠰᠤᠨ ᠬᠤᠳᠠ ᠶᠢ ᠡᠭᠦᠳᠦᠨ | ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠪᠣᠯᠤᠨ | ᠪᠣᠯᠪᠠᠰᠤᠨ ᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠲᠤᠰ ᠡᠳᠦᠷ ᠤᠨ ᠦᠳᠡ ᠶᠢᠨ ᠡᠮᠦᠨ᠎ᠡ᠂ ᠸᠠᠨ ᠴᠤᠤ ᠴᠢ ᠤᠷᠢᠳ ᠬᠤᠵᠢᠳ ᠤᠯᠠᠭᠠᠨᠬᠠᠳᠠ ᠶᠢᠨ ᠡᠮᠦᠨ᠎ᠡ | ᠥᠷᠳᠡᠭᠡ ᠂ ᠬᠤᠩᠱᠠᠨ ᠲᠣᠭᠤᠷᠢᠭ ᠤᠨ ᠱᠧᠨ ᠲᠢᠶᠧ ᠬᠤᠸᠠ ᠶᠤᠸᠠᠨ ᠰᠠᠭᠤᠭᠠᠯᠢ ᠲᠣᠭᠤᠷᠢᠭ᠂ ᠰᠢᠨᠬᠤᠸᠠ | ᠰᠠᠭᠤᠭᠠᠯᠢ ᠲᠣᠭᠤᠷᠢᠭ᠂ ᠭᠤᠷᠪᠠᠳᠤᠭᠠᠷ ᠵᠡᠭᠡᠯᠢ ᠶᠢᠨ ᠴᠠᠬᠢᠯᠭᠠᠨ ᠬᠥᠳᠡᠯᠭᠡᠭᠦᠷᠲᠦ ᠲᠡᠷᠭᠡ ᠲᠥᠪᠯᠡᠷᠡᠭᠦᠯᠦᠨ | ᠬᠤᠳᠠᠯᠳᠤᠬᠤ ᠲᠣᠭᠤᠷᠢᠭ᠂ ᠰᠦᠩᠱᠠᠨ ᠲᠣᠭᠤᠷᠢᠭ ᠤᠨ ᠵᠧᠨ ᠰᠢᠩ ᠨᠡᠶᠢᠭᠡᠮ ᠲᠣᠭᠤᠷᠢᠭ᠂ ᠶᠠ ᠽᠢ ᠾᠧ | ᠲᠣᠰᠬᠤᠨ᠂ ᠯᠢ ᠱᠦᠢ ᠾᠧ ᠫᠠᠨ ᠠᠷᠠᠳ ᠲᠤ ᠲᠦᠬᠦᠮ ᠦᠵᠡᠭᠦᠯᠬᠦ ᠵᠠᠬ᠎ᠠ ᠳᠡᠯᠭᠡᠭᠦᠷ ᠲᠤ ᠭᠦᠨᠵᠡᠭᠡᠶᠢᠷᠡᠵᠦ᠂ | ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ | ᠴᠡᠭᠴᠡᠯᠡᠨ ᠵᠠᠰᠠᠬᠤ᠂ ᠡᠵᠡᠩᠨᠡᠯᠲᠡ ᠶᠢᠨ ᠡᠮᠬᠢ ᠳᠢᠭᠯᠢᠮ ᠢ ᠬᠠᠮᠢᠶᠠᠷᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠤᠯᠠᠨ | ᠲᠦᠮᠡᠨ ᠤ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠲᠤᠬᠠᠢ ᠰᠠᠨᠠᠯ ᠰᠠᠨᠠᠭᠤᠯᠭ᠎ᠠ ᠶᠢ ᠰᠣᠨᠣᠰᠪᠠ᠃ | ᠲᠡᠷᠡ᠂ ᠬᠥᠮᠦᠨ ᠢᠶᠠᠷ ᠦᠨᠳᠦᠰᠦ ᠪᠣᠯᠭᠠᠬᠤ᠂ ᠠᠷᠠᠳ ᠤᠨ ᠲᠥᠯᠥᠭᠡ ᠬᠥᠭᠵᠢᠭᠦᠯᠬᠦ ᠪᠠᠷ ᠢᠯᠡ ᠲᠣᠳᠣ | ᠤᠳᠤᠷᠢᠳᠤᠮᠵᠢ ᠪᠣᠯᠭᠠᠵᠤ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠬᠦ ᠪᠠᠷ ᠳᠠᠮᠵᠢᠭᠤᠯᠤᠨ | ᠂ ᠨᠢᠭᠡ ᠪᠦᠯᠦᠭ ᠬᠤᠲᠠ ᠶᠢᠨ ᠪᠦᠲᠦᠭᠡᠨ ᠪᠠᠶᠢᠭᠤᠯᠤᠯᠲᠠ ᠪᠣᠯᠤᠨ ᠬᠠᠮᠢᠶᠠᠷᠤᠯᠲᠠ ᠶᠢᠨ ᠳᠤᠮᠳᠠᠬᠢ ᠲᠣᠪᠤᠶᠢᠮ᠎ᠠ | ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠢᠯᠠᠩᠭᠤᠶ᠎ᠠ ᠬᠠᠭᠤᠴᠢᠨ ᠬᠤᠲᠠ ᠶᠢᠨ ᠲᠣᠭᠤᠷᠢᠭ᠂ ᠬᠠᠭᠤᠴᠢᠨ ᠵᠢᠵᠢᠭ | ᠲᠣᠭᠤᠷᠢᠭ᠂ ᠵᠡᠭᠡᠯᠢ ᠭᠤᠳᠤᠮᠵᠢ᠂ ᠠᠰᠠᠭᠤᠳᠠᠯ ᠵᠥᠷᠢᠴᠡᠯ ᠲᠥᠪᠯᠡᠷᠡᠭᠰᠡᠨ ᠣᠷᠣᠨ ᠢᠶᠠᠷ ᠭᠤᠣᠯᠳᠠᠯᠭ᠎ᠠ ᠪᠣᠯᠭᠠᠵᠤ᠂ | ᠵᠢᠵᠢᠭ ᠵᠠᠷ ᠮᠡᠳᠡᠭᠡ ᠶᠢ ᠳᠤᠷ᠎ᠠ ᠪᠠᠷ ᠢᠶᠠᠨ ᠨᠠᠭᠠᠬᠤ᠂ ᠤᠲᠠᠰᠤ ᠳᠡᠭᠡᠰᠦ ᠶᠢ ᠳᠤᠷ᠎ᠠ ᠪᠠᠷ ᠢᠶᠠᠨ ᠵᠠᠯᠭᠠᠬᠤ᠂ ᠬᠤᠭ | ᠨᠣᠪᠰᠢ ᠶᠢ ᠳᠤᠷ᠎ᠠ ᠪᠠᠷ ᠢᠶᠠᠨ ᠬᠠᠶᠠᠬᠤ᠂ ᠳᠡᠯᠭᠡᠭᠡ ᠮᠠᠶᠢᠮᠠᠶ ᠶᠢ ᠳᠤᠷ᠎ᠠ ᠪᠠᠷ ᠢᠶᠠᠨ ᠲᠠᠯᠪᠢᠬᠤ ᠵᠡᠷᠭᠡ ᠦᠵᠡᠭᠳᠡᠯ ᠢ | ᠴᠡᠭᠴᠡᠯᠡᠨ ᠵᠠᠰᠠᠵᠤ᠂ ᠬᠠᠭᠤᠴᠢᠨ ᠵᠢᠵᠢᠭ ᠲᠣᠭᠤᠷᠢᠭ ᠤᠨ ᠲᠥᠬᠦᠭᠡᠷᠥᠮᠵᠢ ᠶᠢᠨ ᠬᠠᠭᠤᠴᠢᠷᠬᠠᠰᠠᠨ ᠪᠠᠶᠢᠳᠠᠯ᠂ ᠠᠳᠠᠯ | ᠠᠬᠤᠶ ᠶᠢᠨ ᠬᠠᠮᠢᠶᠠᠷᠤᠯᠲᠠ ᠪᠠᠨ ᠬᠠᠶᠠᠭᠰᠠᠨ ᠪᠠᠶᠢᠳᠠᠯ᠂ ᠡᠮᠬᠢ ᠵᠢᠷᠦᠮ ᠢᠶᠠᠨ ᠠᠯᠳᠠᠭᠰᠠᠨ ᠪᠠᠶᠢᠳᠠᠯ ᠪᠠ ᠣᠷᠴᠢᠨ | ᠲᠣᠭᠤᠷᠢᠨ ᠡᠷᠦᠢ ᠬᠤᠷᠦᠢ ᠦᠭᠡᠢ ᠪᠠᠶᠢᠭ᠎ᠠ ᠵᠡᠷᠭᠡ ᠠᠰᠠᠭᠤᠳᠠᠯ ᠢ ᠪᠥᠬᠦ ᠲᠠᠯ᠎ᠠ ᠪᠠᠷ ᠵᠠᠰᠠᠵᠤ᠂ ᠵᠠᠮ ᠵᠠᠰᠠᠬᠤ᠂ ᠲᠡᠷᠭᠡ | ᠵᠣᠭᠰᠣᠭᠠᠬᠤ᠂ ᠪᠣᠷᠣᠭᠠᠨ ᠤ ᠣᠰᠤ ᠪᠠ ᠪᠣᠬᠢᠷᠲᠤᠯ ᠤᠰᠤ ᠢ ᠰᠠᠯᠭᠠᠨ ᠤᠷᠤᠰᠬᠠᠬᠤ ᠵᠡᠷᠭᠡ ᠢᠨᠵᠧᠨᠧᠷᠢᠩ ᠤᠨ | ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠪᠣᠯᠪᠠᠰᠤᠨ ᠬᠤᠳᠠ ᠶᠢ ᠡᠭᠦᠳᠦᠨ | ᠪᠠᠶᠢᠭᠤᠯᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠨᠡᠨᠬᠦ ᠠᠬᠢᠭᠤᠯᠵᠤ᠂ ᠬᠤᠲᠠ ᠶᠢᠨ ᠪᠥᠲᠥᠭᠡᠨ | ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠥᠷᠭᠡᠨ ᠣᠯᠠᠨ | ᠬᠤᠲᠠ ᠶᠢᠨ ᠠᠷᠠᠳ ᠲᠤ ᠨᠠᠩ ᠲᠠᠭᠠᠯᠠᠮᠵᠢᠲᠠᠶ ᠪᠥᠭᠡᠳ ᠣᠷᠣᠰᠢᠨ ᠰᠠᠭᠤᠬᠤ ᠳᠤ ᠲᠣᠬᠢᠷᠠᠮᠵᠢᠲᠠᠶ ᠠᠮᠢᠳᠤᠷᠠᠯ ᠤᠨ | ᠣᠷᠴᠢᠨ ᠲᠣᠭᠤᠷᠢᠨ ᠢ ᠬᠠᠩᠭᠠᠬᠤ ᠬᠡᠷᠡᠭᠲᠡᠢ᠃ ᠣᠳᠣᠬᠠᠨ ᠤ ᠬᠢᠵᠢᠭ ᠤᠨ ᠪᠠᠶᠢᠳᠠᠯ ᠤᠨ ᠥᠷᠭᠡᠵᠢᠨ ᠳᠡᠯᠭᠡᠷᠡᠵᠦ | ᠪᠠᠶᠢᠭ᠎ᠠ ᠰᠢᠨ᠎ᠡ ᠪᠠᠶᠢᠳᠠᠯ ᠳᠤ ᠴᠢᠭᠯᠡᠭᠦᠯᠦᠨ᠂ ᠰᠠᠭᠤᠭᠠᠯᠢ ᠠᠷᠠᠳ ᠢ ᠰᠤᠷᠭᠠᠨ ᠬᠥᠮᠦᠵᠢᠭᠦᠯᠵᠦ ᠬᠥᠲᠥᠯᠥᠨ | ᠵᠢᠯᠣᠭᠤᠳᠬᠤ ᠪᠠᠨ ᠴᠢᠩᠭᠠᠳᠬᠠᠵᠤ᠂ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠠᠵᠢᠯ ᠢ ᠰᠠᠶᠢᠲᠤᠷ ᠬᠢᠵᠦ᠂ | ᠨᠡᠶᠢᠭᠡᠮ ᠲᠣᠭᠤᠷᠢᠭ ᠤᠨ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠵᠤ᠂ ᠬᠤᠳᠠ ᠶᠢᠨ ᠠᠮᠤᠷ ᠲᠦᠪᠰᠢᠨ ᠢ | ᠦᠨᠡᠨᠬᠦ ᠪᠠᠲᠤᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠲᠤᠰ ᠡᠳᠦᠷ ᠤᠨ ᠦᠳᠡ ᠶᠢᠨ ᠬᠤᠶᠢᠨ᠎ᠠ᠂ ᠸᠠᠨ ᠴᠤᠤ ᠴᠢ ᠲᠤᠰᠬᠠᠶᠢᠯᠠᠨ ᠲᠡᠭᠦᠨ ᠤ ᠳᠠᠭᠠᠭᠠᠴᠢᠯᠠᠨ | ᠠᠪᠤᠭᠰᠠᠨ ᠰᠦᠩᠱᠠᠨ ᠲᠣᠭᠤᠷᠢᠭ ᠤᠨ ᠰᠢᠶᠠᠩ ᠶᠠᠩ ᠵᠡᠭᠡᠯᠢ ᠭᠤᠳᠤᠮᠵᠢ ᠶᠢᠨ ᠯᠢᠨ ᠾᠧ ᠪᠠᠷᠠᠭᠤᠨ ᠨᠡᠶᠢᠭᠡᠮ | ᠲᠣᠭᠤᠷᠢᠭ ᠲᠤ ᠬᠦᠷᠴᠦ᠂ ᠪᠣᠯᠪᠠᠰᠤᠨ ᠬᠤᠳᠠ ᠶᠢᠨ ᠵᠢᠱᠢᠶ᠎ᠡ ᠦᠵᠡᠭᠦᠯᠬᠦ ᠴᠡᠭ ᠢ ᠡᠭᠦᠳᠦᠨ ᠪᠠᠶᠢᠭᠤᠯᠤᠭᠰᠠᠨ ᠪᠠ ︽ | ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢᠨ ᠳᠠᠭᠠᠭᠤᠯᠤᠨ | ᠬᠢᠭᠰᠡᠨ ᠪᠠᠶᠢᠳᠠᠯ ᠢ ᠪᠠᠶᠢᠴᠠᠭᠠᠨ ᠦᠵᠡᠪᠡ᠃ ᠲᠡᠷᠡ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠪᠣᠯᠪᠠᠰᠤᠨ | ᠬᠤᠳᠠ ᠶᠢ ᠡᠭᠦᠳᠦᠨ ᠪᠠᠶᠢᠭᠤᠯᠬᠤ ᠠᠵᠢᠯ ᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠨᠢᠭᠲᠠ | ᠤᠶᠠᠯᠳᠤᠭᠤᠯᠵᠤ᠂ ᠤᠯᠠᠨ ᠲᠦᠮᠡᠨ ᠤ ᠲᠤᠰᠬᠠᠭᠰᠠᠨ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠲᠦᠮᠡᠨ ᠳᠤ ᠪᠣᠳᠠᠲᠠᠢ ᠶᠠᠪᠤᠳᠠᠯ᠂ ᠰᠠᠶᠢᠨ ᠶᠠᠪᠤᠳᠠᠯ ᠬᠢᠵᠦ᠂ ᠠᠷᠠᠳ | ᠤᠯᠠᠨ ᠢ ᠨᠡᠩ ᠤᠯᠠᠨ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠲᠠᠢ ᠪᠣᠯᠭᠠᠬᠤ ᠬᠡᠷᠡᠭᠲᠡᠢ ᠭᠡᠵᠦ | ᠬᠦᠰᠡᠪᠡ᠃ | ᠳᠠᠷᠠᠭ᠎ᠠ ᠨᠢ᠂ ᠸᠠᠨ ᠴᠤᠤ ᠴᠢ ᠰᠢᠶᠠᠩ ᠶᠠᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ | ᠬᠦᠷᠴᠦ᠂ ᠰᠦᠩᠱᠠᠨ ᠲᠣᠭᠤᠷᠢᠭ᠂ ᠰᠢᠶᠠᠩ ᠶᠠᠩ ᠵᠡᠭᠡᠯᠢ ᠵᠢᠴᠢ ᠬᠠᠷᠢᠶ᠎ᠠ ᠨᠡᠶᠢᠭᠡᠮ ᠲᠣᠭᠤᠷᠢᠭ ᠤᠨ ᠺᠠᠳ᠋ᠷ ᠪᠣᠯᠤᠨ | ᠬᠤᠳᠠ᠂ ᠲᠣᠭᠤᠷᠢᠭ ᠬᠤᠶᠠᠷ ᠱᠠᠲᠤᠨ ᠤ ᠰᠢᠶᠠᠩ ᠶᠠᠩ ᠵᠡᠭᠡᠯᠢ ᠭᠤᠳᠤᠮᠵᠢ ᠶᠢᠨ ᠪᠣᠯᠪᠠᠰᠤᠨ ᠬᠤᠳᠠ ᠶᠢ ᠡᠭᠦᠳᠦᠨ | ᠪᠠᠶᠢᠭᠤᠯᠬᠤ ᠠᠵᠢᠯ ᠢ ᠳᠠᠭᠠᠭᠠᠴᠢᠯᠠᠨ ᠬᠤᠯᠪᠣᠭᠰᠠᠨ ᠡᠯ᠎ᠡ ᠨᠢᠭᠡᠴᠡ ᠶᠢᠨ ᠬᠠᠷᠢᠭᠤᠴᠠᠯᠭᠠᠲᠠᠨ ᠲᠠᠢ ᠶᠠᠷᠢᠯᠴᠠᠪᠠ᠃ | ᠲᠡᠷᠡ᠂ ᠡᠨᠡ ᠵᠢᠯ ᠠᠴᠠ ᠨᠠᠰᠢᠬᠢ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠢᠯᠡᠳᠲᠡ ᠠᠬᠢᠴᠠ ᠶᠢ | ᠭᠦᠢᠴᠡᠳ ᠨᠤᠲᠠᠯᠠᠵᠤ᠂ ︽ᠪᠦᠬᠦ ᠤᠯᠤᠰ ᠤᠨ ᠪᠣᠯᠪᠠᠰᠤᠨ ᠬᠤᠳᠠ︾ ᠶᠢ ᠡᠭᠦᠳᠦᠨ ᠪᠠᠶᠢᠭᠤᠯᠬᠤ ᠪᠣᠯ ᠬᠤᠳᠠ ᠶᠢᠨ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠳᠠ ᠶᠢᠨ ᠳᠦᠷᠰᠦ ᠪᠠᠶᠢᠳᠠᠯ ᠢ ᠰᠠᠶᠢᠵᠢᠷᠠᠭᠤᠯᠬᠤ᠂ ᠪᠣᠯᠪᠠᠰᠤᠨ ᠤ | ᠠᠭᠤᠯᠤᠭᠳᠠᠬᠤᠨ ᠢ ᠳᠡᠭᠡᠭᠰᠢᠯᠡᠭᠦᠯᠬᠦ᠂ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠬᠦ᠂ ᠣᠷᠣᠨ ᠪᠦᠰᠡ ᠶᠢᠨ | ᠭᠤᠣᠯ ᠬᠤᠳᠠ ᠶᠢ ᠪᠦᠳᠦᠭᠡᠨ ᠪᠠᠶᠢᠭᠤᠯᠬᠤ ᠲᠠᠯ᠎ᠠ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ | ᠪᠣᠯᠤᠨ᠎ᠠ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ | ᠭᠦᠢᠴᠡᠳ ᠲᠠᠨᠢᠵᠤ᠂ ᠡᠭᠦᠷᠭᠡᠲᠦ ᠰᠡᠳᠬᠢᠯᠭᠡ ᠪᠣᠯᠤᠨ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ | ᠯᠠᠪᠳᠠᠭᠤᠨ ᠪᠠᠲᠤᠲᠠᠢ ᠠᠵᠢᠯᠯᠠᠵᠤ᠂ ᠢᠳᠡᠪᠬᠢᠲᠡᠢ ᠪᠠᠷ ᠡᠭᠦᠳᠦᠨ ᠪᠠᠶᠢᠭᠤᠯᠬᠤ ᠬᠡᠷᠡᠭᠲᠡᠢ᠃ ᠪᠣᠯᠪᠠᠰᠤᠨ ᠬᠤᠳᠠ ᠶᠢ | ᠡᠭᠦᠳᠦᠨ ᠪᠠᠶᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠶᠠᠷᠢᠶ᠎ᠠ ᠬᠡᠯᠡᠯᠴᠡᠭᠡᠨ ᠤ ᠤᠬᠠᠭᠤᠯᠭ᠎ᠠ᠂ | ᠰᠤᠷᠭᠠᠨ ᠬᠥᠮᠦᠵᠢᠭᠦᠯᠵᠦ ᠬᠦᠳᠦᠯᠦᠨ ᠵᠢᠯᠣᠭᠤᠳᠬᠤ ᠠᠵᠢᠯ ᠢ ᠴᠢᠩᠭᠠᠳᠬᠠᠵᠤ᠂ ᠪᠦᠬᠦ ᠬᠤᠳᠠ ᠶᠢᠨ ᠠᠷᠠᠳ ᠢ | ᠲᠠᠶᠢᠴᠢᠯᠠᠨ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠳᠤ ᠣᠷᠣᠯᠴᠠᠭᠤᠯᠵᠤ᠂ ᠬᠥᠮᠦᠨ ᠪᠦᠬᠦᠨ | ᠡᠭᠦᠳᠦᠨ ᠪᠠᠶᠢᠭᠤᠯᠬᠤ ᠶᠢ ᠬᠠᠯᠠᠮᠵᠢᠯᠠᠬᠤ᠂ ᠡᠭᠦᠳᠦᠨ ᠪᠠᠶᠢᠭᠤᠯᠬᠤ ᠶᠢ ᠳᠡᠮᠵᠢᠬᠦ᠂ ᠡᠭᠦᠳᠦᠨ ᠪᠠᠶᠢᠭᠤᠯᠬᠤ ᠳᠤ | ᠣᠷᠣᠯᠴᠠᠬᠤ ᠠᠮᠢᠳᠤᠯᠢᠭ ᠪᠠᠶᠢᠳᠠᠯ ᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ᠃ ᠪᠣᠯᠪᠠᠰᠤᠨ ᠬᠤᠳᠠ ᠶᠢ ᠡᠭᠦᠳᠦᠨ | ᠪᠠᠶᠢᠭᠤᠯᠬᠤ ᠶᠢᠨ ᠭᠤᠤᠯᠳᠠᠯᠭ᠎ᠠ ᠲᠠᠢ ᠬᠦᠴᠢᠷᠳᠡᠯ ᠨᠢ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠶᠡᠭᠡ ᠬᠡᠮᠵᠢᠶᠡᠨ ᠤ | ᠪᠣᠳᠠᠲᠠᠶ᠂ ᠪᠤᠳᠤᠯᠢᠶᠠᠨᠲᠠᠶ ᠠᠵᠢᠯ ᠢ ᠡᠭᠦᠷᠭᠡᠯᠡᠵᠦ ᠪᠠᠶᠢᠭ᠎ᠠ ᠪᠣᠯᠬᠤᠷ᠂ ᠰᠢᠯᠭᠠᠨ ᠦᠨᠡᠯᠡᠬᠦ ᠰᠢᠰᠲ᠋ᠧᠮᠵᠢ ᠶᠢ ᠪᠣᠯᠪᠠᠰᠤᠨ | ᠬᠤᠳᠠ ᠶᠢ ᠡᠭᠦᠳᠦᠨ ᠪᠠᠶᠢᠭᠤᠯᠬᠤ ᠱᠠᠭᠠᠷᠳᠠᠯᠭ᠎ᠠ ᠲᠠᠢ ᠬᠢᠨᠠᠮᠠᠭᠠᠶ ᠬᠠᠷᠢᠴᠠᠭᠤᠯᠤᠨ᠂ ᠣᠷᠣᠰᠢᠵᠤ ᠪᠠᠶᠢᠭ᠎ᠠ | ᠠᠰᠠᠭᠤᠳᠠᠯ ᠢ ᠯᠠᠪᠳᠠᠭᠤᠨ ᠪᠠᠲᠤᠲᠠᠶ ᠴᠡᠭᠴᠡᠯᠡᠨ ᠰᠠᠶᠢᠵᠢᠷᠠᠭᠤᠯᠵᠤ᠂ ᠣᠯᠠᠨ ᠲᠦᠮᠡᠨ ᠤ ᠠᠵᠢᠯ ᠢ ᠨᠠᠷᠢᠨ ᠬᠢᠨᠠᠮᠠᠭᠠᠶ | ᠰᠠᠶᠢᠲᠤᠷ ᠬᠢᠵᠦ᠂ ᠴᠢᠩᠭ᠎ᠠ ᠬᠦᠴᠦᠲᠡᠶ ᠠᠷᠭ᠎ᠠ ᠬᠡᠮᠵᠢᠶ᠎ᠡ ᠪᠠᠷ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ | ᠬᠡᠷᠡᠭᠲᠡᠶ᠃ ᠡᠯ᠎ᠡ ᠳᠠᠭᠠᠭᠠᠴᠢᠯᠠᠨ ᠬᠤᠯᠪᠣᠭᠠᠯᠠᠬᠤ ᠨᠢᠭᠡᠴᠡ ᠨᠦᠭᠦᠳ ᠳᠠᠭᠠᠭᠠᠴᠢᠯᠠᠨ ᠬᠤᠯᠪᠣᠭᠠᠯᠠᠬᠤ ᠠᠵᠢᠯ ᠤᠨ | ᠴᠢᠬᠤᠯᠠ ᠴᠢᠨᠠᠷ ᠤᠨ ᠲᠤᠬᠠᠶ ᠲᠠᠨᠢᠯᠲᠠ ᠪᠠᠨ ᠳᠡᠭᠡᠭᠰᠢᠯᠡᠭᠦᠯᠵᠦ᠂ ᠣᠯᠠᠨ ᠲᠦᠮᠡᠨ ᠤ ᠠᠵᠢᠯ ᠢ ᠰᠠᠶᠢᠲᠤᠷ ᠬᠢᠬᠦ᠂ | ᠣᠯᠠᠨ ᠲᠠᠯ᠎ᠠ ᠶᠢᠨ ᠡᠬᠢ ᠪᠠᠶᠠᠯᠢᠭ ᠢ ᠲᠡᠮᠡᠴᠡᠨ ᠤᠯᠬᠤ᠂ ᠬᠦᠴᠢᠷᠳᠡᠯ ᠢ ᠢᠳᠡᠪᠬᠢᠲᠡᠶ ᠰᠢᠢᠳᠪᠦᠷᠢᠯᠡᠬᠦ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠬᠤ ᠵᠡᠷᠭᠡ ᠲᠠᠯ᠎ᠠ ᠪᠠᠷ ᠨᠠᠩ ᠬᠦᠢᠴᠡᠳ | ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠶ᠃ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠶᠢ ᠰᠢᠭᠤᠳ | ᠡᠭᠦᠷᠭᠡᠯᠡᠵᠦ ᠪᠠᠶᠢᠭ᠎ᠠ ᠬᠤᠩᠱᠠᠨ ᠲᠣᠭᠤᠷᠢᠭ᠂ ᠰᠦᠩᠱᠠᠨ ᠲᠣᠭᠤᠷᠢᠭ᠂ ᠶᠤᠸᠠᠨ ᠪᠦᠦ ᠱᠠᠨ ᠲᠣᠭᠤᠷᠢᠭ ᠪᠣᠯᠤᠨ | ᠬᠠᠷᠠᠴᠢᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ | ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠᠨ ᠴᠢᠩᠭᠠᠳᠬᠠᠨ᠂ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ | ᠬᠤᠲᠠ ᠪᠠᠶᠢᠭᠤᠯᠬᠤ ᠠᠵᠢᠯ ᠳᠤ ᠲᠠᠰᠤᠷᠠᠯᠲᠠ ᠥᠬᠡᠶ ᠰᠢᠨ᠎ᠡ ᠦᠷ᠎ᠡ ᠪᠦᠲᠦᠮᠵᠢ ᠤᠯᠬᠤ ᠶᠢ ᠳᠥᠯᠭᠢᠨ ᠠᠬᠢᠭᠤᠯᠬᠤ | ᠬᠡᠷᠡᠭᠲᠡᠶ ᠭᠡᠵᠦ ᠵᠢᠭᠠᠵᠤ ᠭᠠᠷᠭᠠᠪᠠ᠃ | ᠬᠤᠲᠠ ᠶᠢᠨ ᠤᠳᠤᠷᠢᠳᠤᠯᠭ᠎ᠠ ᠴᠧᠨ ᠵᠠᠨ ᠶᠢᠩ᠂ ᠢᠦᠶ ᠸᠧᠶ ᠳ᠋ᠦᠩ᠂ ᠭᠦᠸᠧ ᠢᠦᠶ ᠴᠢᠶᠠᠩ ᠪᠠᠷ᠎ᠠ | ᠪᠣᠯᠵᠣ ᠪᠠᠶᠢᠴᠠᠭᠠᠨ ᠰᠤᠳᠤᠯᠤᠯᠲᠠ ᠬᠢᠪᠠ᠃ |