ᠸᠠᠨ ᠴᠤᠤ ᠴᠢ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ ᠪᠠᠶᠢᠴᠠᠭᠠᠨ ᠰᠣᠳᠤᠯᠬᠤ ᠳᠠᠭᠠᠨ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ ᠠᠵᠢᠯ ᠤᠨ ᠴᠢᠨᠠᠷ ᠴᠢᠨᠰᠠᠭ᠎ᠠ ᠦᠷ᠎ᠡ ᠠᠰᠢᠭ ᠢᠶᠠᠨ ᠳᠡᠭᠡᠭᠰᠢᠯᠡᠭᠦᠯᠵᠦ ᠲᠡᠷᠢᠭᠦᠨ ᠤ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2021/8/6
           8 ᠰᠠᠷ᠎ᠠ ᠶᠢᠨ 2 ᠤᠨ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠨ ᠴᠤᠤ ᠴᠢ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠬᠦᠷᠴᠦ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠲᠤᠬᠠᠶ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠪᠠ᠃ ᠲᠡᠷᠡ᠂ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠠᠵᠢᠯ ᠤᠨ ᠴᠢᠨᠠᠷ ᠴᠢᠨᠰᠠᠭ᠎ᠠ ᠦᠷ᠎ᠡ ᠠᠰᠢᠭ ᠢᠶᠠᠨ ᠳᠡᠭᠡᠭᠰᠢᠯᠡᠭᠦᠯᠵᠦ᠂ ᠲᠡᠷᠢᠭᠦᠨ ᠤ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠵᠤ᠂ ᠪᠦᠬᠦ ᠬᠤᠳᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃        ᠸᠠᠨ ᠴᠤᠤ ᠴᠢ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠲᠢᠩᠬᠢᠮ ᠳᠤ ᠣᠴᠢᠵᠤ᠂ ᠲᠠᠭᠠᠭᠤᠯᠤᠨ ᠭᠦᠢᠴᠡᠳᠬᠡᠬᠦ ᠠᠰᠠᠭᠤᠨ ᠯᠠᠪᠯᠠᠬᠤ ᠴᠣᠩᠬᠤ᠂ ᠶᠡᠷᠦᠩᠬᠡᠶᠢᠯᠡᠭᠰᠡᠨ ᠦᠢᠯᠡᠴᠢᠯᠡᠭᠡᠨ ᠤ ᠴᠣᠩᠬᠤ᠂ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠠᠵᠢᠯᠲᠠᠨ ᠤ ᠲᠣᠬᠢᠷᠠᠭᠤᠯᠤᠯᠲᠠ᠂ ᠲᠤᠬᠠᠶᠢᠯᠠᠭᠰᠠᠨ ᠠᠵᠢᠯ ᠤᠨ ᠭᠦᠢᠴᠡᠳᠬᠡᠬᠦ ᠶᠠᠪᠤᠴᠠ ᠵᠢᠴᠢ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ︽ᠮᠥᠩᠬᠡ ᠰᠣᠪᠠᠭ︾ ᠵᠡᠷᠭᠡ ᠠᠵᠢᠯ ᠢ ᠠᠬᠢᠭᠤᠯᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠤᠴᠢᠷ ᠶᠠᠪᠤᠳᠠᠯ ᠭᠦᠢᠴᠡᠳᠬᠡᠬᠦ ᠪᠠᠷ ᠢᠷᠡᠭᠰᠡᠨ ᠣᠯᠠᠨ ᠲᠦᠮᠡᠨ ᠢ ᠳᠣᠲᠣᠨᠣ ᠪᠠᠷ ᠬᠦᠯᠢᠶᠠᠨ ᠠᠪᠴᠦ᠂ ᠭᠦᠢᠴᠡᠳᠬᠡᠬᠦ ᠵᠦᠢᠯᠡᠰ᠂ ᠴᠠᠭ ᠤᠨ ᠬᠢᠵᠠᠭᠠᠷ ᠵᠢᠴᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠣᠳᠠᠲᠠᠶ ᠲᠥᠷᠥᠭᠳᠡᠯ ᠢ ᠠᠰᠠᠭᠤᠨ ᠯᠠᠪᠯᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠳᠤ ᠱᠠᠭᠠᠷᠳᠠᠯᠭ᠎ᠠ ᠳᠤᠷᠠᠳᠪᠠ᠃        ᠳᠠᠷᠠᠭ᠎ᠠ ᠨᠢ᠂ ᠸᠠᠨ ᠴᠤᠤ ᠴᠢ ᠬᠤᠳᠠ ᠶᠢᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠪᠦᠬᠦ ᠬᠤᠳᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠵᠢᠴᠢ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠶᠢᠨ ᠭᠤᠣᠯ ᠬᠠᠷᠢᠭᠤᠴᠠᠯᠭᠠᠲᠠᠨ ᠨᠥᠬᠦᠳ ᠤᠨ ᠬᠠᠤᠯᠢᠵᠢᠯ ᠤᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠬᠠᠢ ᠰᠠᠨᠠᠯ ᠰᠠᠨᠠᠭᠤᠯᠭ᠎ᠠ ᠶᠢ ᠰᠣᠨᠣᠰᠴᠠᠢ᠃ ᠲᠡᠷᠡ᠂ ᠰᠢ ᠶᠢᠨ ᠫᠢᠩ ᠶᠡᠷᠦᠩᠬᠡᠢ ᠱᠦᠵᠢ ᠶᠢᠨ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠳᠤᠪᠤᠶᠢᠮ᠎ᠠ ᠪᠠᠶᠢᠷᠢᠨ ᠳᠤ ᠲᠠᠯᠪᠢᠵᠤ᠂ ᠦᠨᠡᠨᠬᠦ ᠴᠢᠩᠭ᠎ᠠ ᠠᠳᠬᠤᠵᠤ ᠪᠣᠳᠠᠲᠠᠢ ᠠᠳᠬᠤᠵᠤ ᠰᠠᠶᠢᠲᠤᠷ ᠠᠳᠬᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃        ᠸᠠᠨ ᠴᠤᠤ ᠴᠢ᠂ ᠪᠦᠬᠦ ᠬᠤᠲᠠ ᠶᠢᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠬᠥᠭᠵᠢᠯᠲᠡ ᠶᠢᠨ ᠬᠡᠷᠡᠭᠴᠡᠭᠡ ᠳᠤ ᠦᠢᠯᠡᠴᠢᠯᠡᠵᠦ᠂ ᠣᠷᠣᠨ ᠪᠦᠰᠡ ᠶᠢᠨ ᠲᠥᠪ ᠬᠤᠲᠠ᠂ ᠤᠯᠤᠰ ᠤᠨ ᠠᠵᠤ ᠦᠢᠯᠡᠰ ᠤᠨ ᠰᠢᠯᠵᠢᠯᠲᠡ ᠶᠢ ᠬᠦᠯᠢᠶᠡᠨ ᠠᠪᠬᠤ ᠬᠠᠮᠲᠤᠷᠠᠯᠴᠠᠭᠠᠨ ᠤ ᠵᠢᠱᠢᠶ᠎ᠡ ᠦᠵᠡᠭᠦᠯᠬᠦ ᠣᠷᠣᠨ᠂ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠠᠴᠢᠶᠠᠯᠠᠭᠴᠢ ᠬᠤᠲᠠ᠂ ᠤᠯᠤᠰ ᠤᠨ ᠤᠨᠴᠠᠯᠢᠭᠳᠤ ᠰᠣᠶᠣᠯ ᠤᠨ ᠵᠢᠭᠤᠯᠴᠢᠯᠠᠯ ᠪᠠ ᠠᠮᠢ ᠠᠬᠤᠶ ᠶᠢᠨ ᠰᠡᠯᠡᠭᠦᠴᠡᠯ ᠠᠮᠠᠷᠠᠯᠲᠠ ᠶᠢᠨ ᠰᠠᠭᠤᠷᠢᠨ᠂ ᠳᠤᠮᠳᠠᠳᠤ ᠤᠯᠤᠰ ᠤᠨ ᠤᠮᠠᠷᠠᠲᠤ ᠶᠢᠨ ᠴᠢᠬᠤᠯᠠ ᠪᠣᠬᠢᠷᠲᠤᠯ ᠦᠭᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠭᠠᠳᠠᠭᠰᠢ ᠭᠠᠷᠭᠠᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠲᠠᠢ ᠤᠶᠠᠯᠳᠤᠭᠤᠯᠤᠨ᠂ ᠤᠯᠤᠰ ᠤᠨ ᠳᠣᠲᠣᠭᠠᠳᠤ ᠶᠢᠨ ᠬᠡᠪ ᠳᠠᠭᠤᠷᠢᠶᠠᠯ ᠪᠣᠯᠬᠤ ᠭᠠᠵᠠᠷ ᠣᠷᠣᠨ ᠢ ᠪᠠᠷᠢᠮᠵᠢᠶᠠᠯᠠᠵᠤ᠂ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠵᠣᠷᠢᠭᠲᠠᠶ ᠪᠠᠷ ᠰᠢᠨ᠎ᠡ ᠶᠢ ᠡᠭᠦᠳᠴᠦ᠂ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠡᠯ᠎ᠡ ᠵᠦᠢᠯ ᠤᠨ ᠠᠵᠢᠯ ᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠶ ᠳᠥᠯᠭᠢᠨ ᠠᠬᠢᠭᠤᠯᠵᠤ᠂ ᠲᠡᠷᠢᠭᠦᠨ ᠵᠡᠷᠭᠡ ᠶᠢᠨ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠬᠤ ᠶᠢ ᠭᠦᠢᠴᠡᠳ ᠲᠠᠨᠢᠬᠤ ᠬᠡᠷᠡᠭᠲᠡᠶ᠃ ᠰᠠᠶᠢᠨ ᠰᠠᠶᠢᠬᠠᠨ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ ᠪᠣᠯ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢᠨ ᠵᠠᠩᠭᠢᠯᠠᠭ᠎ᠠ ᠪᠠ ᠲᠡᠷᠢᠭᠦᠨ ᠴᠢᠬᠤᠯᠠ ᠵᠦᠢᠯ ᠪᠣᠯᠤᠨ᠎ᠠ᠂ ᠡᠷᠬᠡ ᠲᠡᠭᠰᠢ ᠡᠮᠬᠢ ᠳᠢᠭᠯᠢᠮ ᠲᠠᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠪᠣᠯ ᠰᠢᠯᠢᠳᠡᠭ ᠰᠠᠶᠢᠨ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠤ ᠴᠢᠬᠤᠯᠠ ᠪᠡᠯᠭᠡ ᠲᠡᠮᠳᠡᠭ ᠮᠥᠨ᠂ ᠭᠤᠣᠯᠯᠠᠬᠤ ᠦᠷᠢᠰᠦᠯᠳᠦᠬᠦ ᠬᠦᠴᠦᠨ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ ᠬᠡᠷᠡᠭ ᠡᠷᠬᠢᠯᠡᠬᠦ ᠬᠠᠤᠯᠢᠵᠢᠯ ᠤᠨ ᠣᠷᠴᠢᠨ ᠲᠣᠭᠤᠷᠢᠨ ᠪᠣᠯ ᠲᠡᠷᠢᠭᠦᠨ ᠵᠡᠷᠭᠡ ᠶᠢᠨ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠤ ᠬᠦᠴᠦᠲᠡᠢ ᠪᠠᠲᠤᠯᠠᠭ᠎ᠠ ᠮᠥᠨ᠂ ᠰᠠᠶᠢᠨ ᠰᠠᠶᠢᠬᠠᠨ ᠬᠥᠮᠦᠨ ᠨᠡᠶᠢᠭᠡᠮ ᠤᠨ ᠣᠷᠴᠢᠨ ᠲᠣᠭᠤᠷᠢᠨ ᠪᠣᠯ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠯᠤᠰ ᠬᠡᠳᠦ ᠶᠢᠨ ᠲᠤᠯᠭᠠᠭᠤᠷᠢᠯᠠᠯ ᠭᠠᠳᠠᠭᠠᠳᠤ ᠨᠥᠬᠦᠴᠡᠯ ᠮᠥᠨ᠂ ᠡᠷᠬᠡᠪᠰᠢ ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠶᠢ ᠬᠡᠷᠡᠭᠵᠢᠭᠦᠯᠵᠦ᠂ ᠪᠦᠬᠦ ᠲᠠᠯ᠎ᠠ ᠪᠠᠷ ᠬᠦᠴᠦᠯᠡᠵᠦ᠂ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠬᠦ ᠶᠢ ᠠᠬᠢᠭᠤᠯᠬᠤ ᠬᠡᠷᠡᠭᠲᠡᠢ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ ᠪᠠᠷ ᠭᠤᠤᠯᠯᠠᠭᠤᠯᠤᠨ᠂ ᠵᠣᠬᠢᠴᠠᠭᠤᠯᠤᠨ ᠠᠬᠢᠭᠤᠯᠬᠤ ᠶᠢ ᠴᠢᠩᠭᠠᠳᠬᠠᠵᠤ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠭᠦᠢᠴᠡᠳᠬᠡᠬᠦ ᠴᠠᠭ ᠤᠨ ᠬᠢᠵᠠᠭᠠᠷ ᠢ ᠲᠦᠷᠭᠡᠨ ᠪᠠᠶᠢᠯᠭᠠᠬᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠪᠣᠳᠠᠲᠠᠶᠢᠵᠢᠭᠤᠯᠬᠤ᠂ ᠦᠢᠯᠡᠴᠢᠯᠡᠭᠡᠨ ᠤ ᠶᠠᠰᠤ ᠴᠢᠨᠠᠷ ᠢ ᠥᠨᠳᠥᠷ ᠪᠠᠶᠢᠯᠭᠠᠬᠤ᠂ ᠨᠢᠭᠡᠳᠦᠯᠲᠡᠶ ᠲᠥᠯᠥᠪᠯᠡᠨ ᠡᠮᠬᠢᠯᠡᠨ ᠨᠡᠶᠢᠯᠡᠭᠦᠯᠬᠦ ᠶᠢ ᠬᠦᠴᠦᠲᠡᠶ ᠪᠠᠶᠢᠯᠭᠠᠬᠤ ᠶᠢ ᠪᠡᠶᠡᠯᠡᠭᠦᠯᠵᠦ᠂ ᠥᠨᠳᠥᠷ ᠪᠦᠲᠦᠮᠵᠢᠲᠡᠶ᠂ ᠳᠥᠭᠦᠮ ᠳᠥᠲᠡ᠂ ᠴᠢᠨᠠᠷ ᠰᠠᠶᠢᠲᠠᠶ᠂ ᠲᠠᠭᠠᠯᠠᠮᠵᠢᠲᠠᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠪᠣᠶ ᠪᠣᠯᠭᠠᠬᠤ ᠬᠡᠷᠡᠭᠲᠡᠶ᠃ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠢ ᠤᠶᠠᠯᠳᠤᠭᠤᠯᠤᠨ᠂ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠨ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠡᠯᠧᠮᠧᠨ᠋ᠲ ᠤᠨ ᠲᠤᠬᠢᠷᠠᠭᠤᠯᠤᠯᠳᠠ ᠶᠢ ᠰᠢᠯᠢᠳᠡᠭᠵᠢᠭᠦᠯᠵᠦ᠂ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠬᠥᠭᠵᠢᠭᠡᠨ ᠨᠡᠩ ᠤᠯᠠᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠶᠢ ᠵᠣᠷᠢᠭᠵᠢᠭᠤᠯᠬᠤ ᠬᠡᠷᠡᠭᠲᠡᠢ᠃ ᠬᠠᠤᠯᠢ ᠪᠠᠷ ᠵᠠᠰᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠢ ᠤᠶᠠᠯᠳᠤᠭᠤᠯᠤᠨ᠂ ᠡᠷᠬᠡ ᠲᠡᠭᠰᠢ ᠲᠥᠪ ᠭᠤᠣᠯᠴᠢ ᠪᠠᠶᠢᠬᠤ ᠶᠢ ᠲᠤᠪᠤᠶᠢᠯᠭᠠᠨ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠪᠠ ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢ ᠲᠦᠷᠭᠡᠳᠬᠡᠵᠦ ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠤᠯᠢ ᠪᠠᠷ ᠵᠠᠰᠠᠬᠤ ᠬᠥᠷᠥᠰᠥ ᠰᠢᠷᠣᠶ ᠶᠢ ᠵᠤᠵᠠᠭᠠᠳᠬᠠᠬᠤ ᠬᠡᠷᠡᠭᠲᠡᠢ ᠃ ᠰᠣᠶᠣᠯ ᠢᠷᠭᠡᠨᠰᠢᠯ ᠤᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢᠨ ᠲᠣᠭᠤᠷᠢᠨ ᠳᠤ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ ᠴᠢᠨᠠᠭᠰᠢᠳᠠ ᠪᠦᠷᠢᠨᠰᠢᠬᠦᠯᠵᠦ᠂ ︽ᠳᠣᠲᠣᠨᠣ︾᠂ ︽ᠴᠡᠪᠡᠷ︾ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠠᠷᠢᠴᠠᠭ᠎ᠠ ᠶᠢ ᠪᠠᠶᠢᠭᠤᠯᠵᠤ᠂ ᠦᠨᠡᠨᠴᠢ ᠢᠲᠡᠭᠡᠮᠵᠢᠲᠡᠢ ᠪᠠᠶᠢᠬᠤ᠂ ᠬᠤᠳᠠᠯᠳᠤᠭ᠎ᠠ ᠶᠢ ᠴᠢᠬᠤᠯᠠᠴᠢᠯᠠᠵᠤ ᠴᠢᠳᠠᠪᠤᠷᠢᠲᠠᠨ ᠢ ᠬᠠᠶᠢᠷᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠬᠦᠴᠦᠯᠡᠨ ᠪᠤᠢ ᠪᠣᠯᠭᠠᠵᠤ᠂ ︽ᠬᠥᠮᠦᠨ ᠪᠦᠬᠦᠨ ᠬᠤᠳᠠ ᠶᠢᠨ ᠲᠦᠷᠢ ᠲᠥᠷᠬᠦ ᠶᠢ ᠲᠥᠯᠥᠭᠡᠯᠡᠵᠦ᠂ ᠭᠠᠵᠠᠷ ᠪᠣᠯᠭᠠᠨ ᠳᠤ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠪᠠᠶᠢᠬᠤ︾ ᠶᠢ ᠪᠡᠶᠡᠯᠡᠭᠦᠯᠦᠨ᠎ᠡ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠤᠪᠤᠶᠢᠯᠭᠠᠵᠤ᠂ ᠠᠯᠢ ᠲᠠᠯ᠎ᠠ ᠪᠠᠷ ᠪᠠᠭᠤᠷᠠᠢ ᠪᠣᠯ ᠠᠯᠢ ᠲᠠᠯ᠎ᠠ ᠶᠢ ᠴᠢᠩᠭᠠᠳᠬᠠᠬᠤ᠂ ᠶᠠᠮᠠᠷ ᠠᠰᠠᠭᠤᠳᠠᠯ ᠪᠠᠶᠢᠪᠠᠯ ᠲᠡᠷᠡ ᠠᠰᠠᠭᠤᠳᠠᠯ ᠢ ᠰᠢᠢᠳᠪᠦᠷᠢᠯᠡᠬᠦ ᠶᠢ ᠪᠠᠷᠢᠮᠲᠠᠯᠠᠵᠤ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠬᠤ ᠠᠰᠠᠭᠤᠳᠠᠯ ᠢ ᠲᠦᠷᠭᠡᠳᠬᠡᠵᠦ᠂ ᠬᠠᠷᠢᠭᠤ ᠲᠤᠰᠬᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠬᠢᠴᠠ ᠶᠢ ᠱᠠᠯᠠᠪᠳᠠᠭᠤᠯᠤᠨ ᠪᠠᠶᠢᠴᠠᠭᠠᠵᠤ᠂ ᠡᠯ᠎ᠡ ᠲᠠᠯ᠎ᠠ ᠶᠢᠨ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠤ ᠲᠤᠬᠠᠢ ᠰᠠᠨᠠᠯ ᠰᠠᠨᠠᠭᠤᠯᠭ᠎ᠠ ᠶᠢ ᠰᠠᠨᠠᠭᠠᠴᠢᠯᠠᠭ᠎ᠠ ᠠᠴᠠ ᠪᠠᠨ ᠬᠤᠷᠢᠶᠠᠵᠤ᠂ ᠳᠤᠲᠠᠭᠤ ᠶᠢ ᠨᠢ ᠳᠠᠰᠤᠷᠠᠯᠳᠠ ᠦᠭᠡᠢ ᠪᠠᠶᠢᠴᠠᠭᠠᠨ ᠨᠥᠬᠦᠪᠥᠷᠢᠯᠡᠵᠦ᠂ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠵᠢᠵᠢᠭ ᠰᠠᠵᠢᠭ ᠵᠦᠢᠯ ᠠᠴᠠ ᠭᠠᠷᠳᠠᠵᠤ᠂ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠤᠨ᠂ ᠲᠤᠬᠠᠶᠢᠯᠠᠭᠰᠠᠨ ᠠᠵᠢᠯ ᠤᠨ ᠶᠠᠪᠤᠴᠠ ᠪᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠪᠦᠬᠦ ᠲᠠᠯ᠎ᠠ ᠶᠢᠨ ᠨᠥᠬᠦᠴᠡᠯ ᠢ ᠰᠠᠶᠢᠵᠢᠷᠠᠭᠤᠯᠵᠤ᠂ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠨᠡᠩ ᠢᠯᠡᠭᠦᠦ ᠪᠣᠳᠠᠲᠠᠶᠢᠵᠢᠭᠤᠯᠵᠤ᠂ ᠠᠷᠠᠳ ᠤᠯᠠᠨ ᠳᠤ ᠨᠡᠩ ᠲᠠᠭᠠᠯᠠᠮᠵᠢᠲᠠᠢ ᠦᠢᠯᠡᠴᠢᠯᠡᠭᠡ ᠬᠠᠩᠭᠠᠬᠤ ᠬᠡᠷᠡᠭᠲᠡᠶ᠃        ᠸᠠᠨ ᠴᠤᠤ ᠴᠢ᠂ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠡᠷᠢᠭᠦᠨ ᠤ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠪᠤᠢ ᠪᠣᠯᠭᠠᠬᠤ ᠠᠵᠢᠯ ᠳᠠᠬᠢ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠲᠤᠪᠤᠶᠢᠮ᠎ᠠ ᠠᠰᠠᠭᠤᠳᠠᠯ ᠪᠣᠯᠤᠨ ᠳᠤᠲᠠᠭᠤᠳᠠᠯ ᠪᠠᠭᠤᠷᠠᠢ ᠵᠦᠢᠯ ᠢ ᠨᠠᠷᠢᠨ ᠬᠢᠨᠠᠮᠠᠭᠠᠢ ᠰᠤᠳᠤᠯᠤᠨ ᠰᠢᠢᠳᠪᠦᠷᠢᠯᠡᠵᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠦᠢᠯᠡᠳᠦᠯ ᠢᠶᠠᠨ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠨᠥᠬᠦᠳ ᠪᠡᠶ᠎ᠡ ᠪᠠᠷ ᠢᠶᠠᠨ ᠣᠷᠣᠯᠴᠠᠵᠤ᠂ ᠪᠠᠶᠢᠷᠢᠯᠠᠭᠤᠯᠤᠨ ᠵᠤᠬᠢᠴᠠᠭᠤᠯᠵᠤ᠂ ᠰᠢᠪᠠᠳᠠᠨ ᠰᠢᠢᠳᠪᠦᠷᠢᠯᠡᠬᠦ ᠶᠢ ᠠᠳᠬᠤᠬᠤ ᠬᠡᠷᠡᠭᠲᠡᠶ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠬᠦᠯᠢᠶᠡᠬᠦ᠂ ᠢᠳᠡᠪᠬᠢᠲᠡᠢ ᠪᠠᠷ ᠬᠠᠷᠢᠭᠤᠴᠠᠯᠭ᠎ᠠ ᠡᠭᠦᠷᠭᠡᠯᠡᠬᠦ ᠶᠢ ᠱᠠᠯᠠᠪᠳᠠᠭᠤᠯᠵᠤ᠂ ᠡᠯ᠎ᠡ ᠵᠦᠢᠯ ᠤᠨ ᠡᠭᠦᠷᠭᠡ ᠶᠢ ᠴᠢᠩᠭ᠎ᠠ ᠪᠣᠳᠠᠲᠠᠢ ᠨᠠᠷᠢᠯᠢᠭ ᠪᠡᠶᠡᠯᠡᠭᠦᠯᠵᠦ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠵᠤ ᠵᠢᠭᠠᠵᠤ ᠭᠠᠷᠭᠠᠪᠠ᠃        ᠬᠤᠲᠠ ᠶᠢᠨ ᠤᠳᠤᠷᠢᠳᠤᠯᠭ᠎ᠠ ᠭᠦᠸᠧ ᠢᠦᠶ ᠴᠢᠶᠠᠩ᠂ ᠬᠤᠸᠠᠩ ᠭᠦᠸᠧ ᠸᠧᠨ᠂ ᠰᠦᠨ ᠬᠠᠶ ᠲᠤᠤ ᠵᠢᠴᠢ ᠬᠤᠲᠠ ᠶᠢᠨ ᠰᠢᠭᠦᠬᠦ ᠬᠤᠷᠢᠶ᠎ᠠ ᠪᠠ ᠪᠠᠶᠢᠴᠠᠭᠠᠬᠤ ᠬᠤᠷᠢᠶ᠎ᠠ ᠶᠢᠨ ᠬᠤᠶᠠᠷ ᠳᠠᠷᠤᠭ᠎ᠠ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠭᠰᠡᠨ ᠪᠦᠭᠡᠳ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠵᠠᠶ᠃
 
ᠢᠷᠡᠯᠲᠡ᠄ ᠤᠯᠠᠭᠠᠨᠬᠠᠲᠠ ᠬᠤᠲᠠ ᠶᠢᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号