ᠬᠤᠩᠱᠠᠨ ᠲᠣᠭᠤᠷᠢᠭ ᠤᠨ ᠵᠠᠰᠠᠭ ᠤᠨ ᠣᠷᠳᠤᠨ ᠤ ᠳᠡᠳ᠋ ᠳᠠᠷᠤᠭ᠎ᠠ ᠵᠠᠩ ᠬᠠᠢ ᠵᠢᠦᠸᠠᠨ ᠤᠯᠠᠭᠠᠨᠬᠠᠳᠠ ᠬᠤᠲᠠ ᠶᠢᠨ ᠬᠠᠯᠳᠠᠪᠤᠷᠢᠲᠤ ᠡᠪᠡᠳᠴᠢᠨ ᠤ ᠡᠮᠨᠡᠯᠭᠡ ᠶᠢᠨ ᠬᠤᠷᠢᠶᠠᠨ ᠳᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠤᠳᠤᠯᠤᠨ ᠪᠠᠶᠢᠴᠠᠭᠠᠪᠠ
ᠨᠡᠶᠢᠲᠡᠯᠡᠭᠰᠡᠨ ᠴᠠᠭ᠄
2021/8/7
        8 ᠰᠠᠷ᠎ᠠ ᠶᠢᠨ 6 ᠤ ᠡᠳᠦᠷ ᠤᠨ ᠦᠳᠡ ᠠᠴᠠ ᠡᠮᠦᠨ᠎ᠡ ᠬᠤᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠳᠡᠳ᠋ ᠳᠠᠷᠤᠭ᠎ᠠ ᠵᠠᠩ ᠬᠠᠢ ᠵᠢᠦᠸᠠᠨ ᠤᠯᠠᠭᠠᠨᠬᠠᠳᠠ ᠬᠤᠲᠠ ᠶᠢᠨ ᠬᠠᠯᠳᠠᠪᠤᠷᠢᠲᠤ ᠡᠪᠡᠳᠴᠢᠨ ᠤ ᠡᠮᠨᠡᠯᠭᠡ ᠶᠢᠨ ᠬᠤᠷᠢᠶᠠᠨ ᠳᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠤᠳᠤᠯᠤᠨ ᠪᠠᠶᠢᠴᠠᠭᠠᠵᠤ᠂ ᠲᠤᠰ ᠡᠮᠨᠡᠯᠭᠡ ᠶᠢᠨ ᠬᠤᠷᠢᠶᠠᠨ ᠤ ᠨᠠᠮ ᠤᠨ ᠬᠤᠷᠢᠶᠠᠨ ᠤ ᠱᠦᠵᠢ ᠫᠧᠩ ᠭᠦᠸᠧ ᠳ᠋ᠦᠩ ᠂ ᠬᠤᠷᠢᠶᠠᠨ ᠳᠠᠷᠤᠭ᠎ᠠ ᠭᠦᠸᠧ ᠰᠢᠶᠤᠤ ᠫᠢᠩ ᠪᠠᠷ᠎ᠠ ᠪᠤᠯᠤᠯᠴᠠᠪᠠ᠃
       ᠲᠤᠭᠤᠷᠢᠭ ᠤᠨ ᠳᠡᠳ᠋ ᠳᠠᠷᠤᠭ᠎ᠠ ᠵᠠᠩ ᠬᠠᠢ ᠵᠢᠦᠸᠠᠨ ᠤᠷᠢᠳ ᠬᠤᠵᠢᠳ ᠬᠠᠯᠳᠠᠪᠤᠷᠢᠲᠤ ᠡᠮᠨᠡᠯᠭᠡ ᠶᠢᠨ ᠬᠤᠷᠢᠶᠠᠨ ᠤ ᠤᠳᠤᠬᠢ ᠪᠠ ᠰᠢᠨ᠎ᠡ ᠬᠤᠷᠢᠶᠠᠨ ᠳᠤ ᠬᠦᠷᠴᠦ᠂ ᠡᠭᠦᠳᠡ ᠬᠠᠷᠠᠭᠤᠯ ᠤᠨ ᠬᠠᠮᠢᠶᠠᠷᠤᠯᠲᠠ ᠪᠠ ᠪᠠᠴᠢᠮ ᠢ ᠠᠷᠭᠠᠴᠠᠬᠤ ᠡᠪᠡᠳᠴᠢᠲᠡᠨ ᠤ ᠦᠷᠦᠭᠡᠨ ᠤ ᠲᠣᠬᠢᠷᠠᠭᠤᠯᠤᠯᠲᠠ ᠵᠢᠴᠢ ᠰᠡᠷᠭᠡᠶᠢᠯᠡᠨ ᠡᠵᠡᠮᠳᠡᠬᠦ ᠬᠠᠮᠢᠶᠠᠷᠤᠯᠲᠠ ᠶᠢ ᠲᠤᠬᠠᠢ ᠶᠢᠨ ᠲᠠᠯᠠᠪᠤᠷ ᠲᠤ ᠰᠤᠳᠤᠯᠤᠨ ᠪᠠᠶᠢᠴᠠᠭᠠᠵᠤ᠂ ᠬᠤᠷᠢᠶᠠᠨ ᠳᠠᠷᠤᠭ᠎ᠠ ᠭᠦᠸᠧ ᠰᠢᠶᠤᠤ ᠫᠢᠩ ᠤᠨ ᠲᠠᠨᠢᠯᠴᠠᠭᠤᠯᠤᠭᠰᠠᠨ ᠡᠮᠨᠡᠯᠭᠡ ᠶᠢᠨ ᠬᠤᠷᠢᠶᠠᠨ ᠤ ᠡᠭᠦᠰᠦᠯ ᠬᠦᠭᠵᠢᠯ ᠤᠨ ᠲᠡᠦᠬᠡ ᠪᠠ ᠬᠢᠵᠢᠭ ᠤᠨ ᠪᠠᠶᠢᠳᠠᠯ ᠢ ᠠᠷᠭᠠᠴᠠᠬᠤ᠂ ᠰᠡᠷᠭᠡᠶᠢᠯᠡᠨ ᠡᠵᠡᠮᠳᠡᠬᠦ ᠠᠷᠭ᠎ᠠ ᠠᠪᠴᠠᠯ ᠵᠡᠷᠭᠡ ᠬᠠᠮᠢᠶ᠎ᠠ ᠪᠦᠬᠦᠢ ᠠᠵᠢᠯ ᠤᠨ ᠲᠠᠨᠢᠯᠴᠠᠭᠤᠯᠭ᠎ᠠ ᠶᠢ ᠰᠤᠨᠤᠰᠤᠨ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠷᠢᠯᠠᠭᠤᠯᠤᠯᠲᠠ ᠪᠠ ᠭᠤᠤᠯᠳᠠᠯᠭ᠎ᠠ ᠲᠠᠢ ᠣᠷᠤᠨ ᠬᠡᠪᠴᠢᠶᠡᠨ ᠤ ᠬᠦᠮᠦᠨ ᠤ ᠤᠷᠤᠰᠬᠠᠯ ᠢ ᠰᠢᠭᠰᠢᠨ ᠪᠠᠶᠢᠴᠠᠭᠠᠬᠤ ᠰᠡᠷᠭᠡᠶᠢᠯᠡᠨ ᠬᠠᠮᠢᠶᠠᠷᠤᠯᠲᠠ ᠶᠢ ᠬᠡᠷᠬᠢᠨ ᠨᠠᠶᠢᠳᠠᠪᠤᠷᠢᠵᠢᠭᠤᠯᠬᠤ ᠲᠤᠬᠠᠢ ᠠᠰᠠᠭᠤᠳᠠᠯ ᠤᠳ ᠢ ᠰᠤᠳᠤᠯᠤᠨ ᠶᠠᠷᠢᠯᠴᠠᠪᠠ᠃
       ᠡᠮᠨᠡᠯᠭᠡ ᠶᠢᠨ ᠬᠤᠷᠢᠶᠠᠨ ᠤ ᠤᠳᠤᠷᠢᠳᠤᠯᠭ᠎ᠠ ᠢᠯᠡᠷᠬᠡᠶᠢᠯᠡᠭᠰᠡᠨ ᠨᠢ᠂ ᠪᠦᠬᠦ ᠬᠤᠲᠠ ᠶᠢᠨ ᠰᠢᠨ᠎ᠡ ᠲᠢᠲᠡᠮᠯᠢᠭ ᠠᠭᠤᠰᠬᠢᠨ ᠦᠷᠪᠢᠰᠦᠯ ᠳᠤ ᠨᠡᠷᠪᠡᠭᠳᠡᠭᠰᠡᠳ ᠢ ᠲᠦᠪᠯᠡᠷᠡᠭᠦᠯᠦᠨ ᠡᠮᠴᠢᠯᠡᠬᠦ ᠡᠮᠨᠡᠯᠭᠡ ᠶᠢᠨ ᠬᠤᠷᠢᠶ᠎ᠠ ᠪᠣᠯᠤᠭᠰᠠᠨ ᠤ ᠬᠤᠪᠢ ᠳᠤ ᠪᠢᠳᠡ ᠡᠯ᠎ᠡ ᠲᠦᠷᠦᠯ ᠤᠨ ᠰᠡᠷᠭᠡᠶᠢᠯᠡᠨ ᠡᠵᠡᠮᠳᠡᠬᠦ ᠠᠷᠭ᠎ᠠ ᠠᠪᠴᠠᠯ ᠢ ᠴᠢᠩᠭ᠎ᠠ ᠲᠤᠭᠤᠰᠢᠯᠠᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠤᠨ ᠪᠠ ᠬᠤᠲᠠ ᠶᠢᠨ ᠡᠷᠡᠭᠦᠯ ᠬᠠᠮᠠᠭᠠᠯᠠᠯ ᠤᠨ ᠵᠦᠪᠯᠡᠯ ᠤᠨ ᠡᠷᠡᠰ ᠵᠢᠯᠤᠭᠤᠳᠤᠯᠭ᠎ᠠ ᠳᠤᠤᠷ᠎ᠠ ᠳᠦᠷᠪᠡᠨ ᠲᠠᠯ᠎ᠠ ᠶᠢᠨ ᠬᠠᠷᠢᠭᠤᠴᠠᠯᠭ᠎ᠠ ᠶᠢ ᠡᠷᠡᠰ ᠪᠠᠲᠤ ᠨᠠᠶᠢᠳᠠᠪᠤᠷᠢᠵᠢᠭᠤᠯᠤᠨ᠂ ᠬᠠᠷᠢᠶ᠎ᠠ ᠤᠷᠤᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠲᠠᠢ ᠰᠤᠷᠠᠭ ᠵᠠᠩᠭᠢ ᠪᠠ ᠪᠠᠴᠢᠮ ᠢ ᠠᠷᠭᠠᠴᠠᠬᠤ ᠬᠠᠷᠢᠯᠴᠠᠭ᠎ᠠ ᠪᠠᠨ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠠᠪᠰᠢᠭᠠᠢ ᠬᠠᠷᠢᠯᠴᠠᠭ᠎ᠠ ᠪᠠ ᠵᠠᠪᠰᠠᠷ ᠦᠭᠡᠢ ᠵᠤᠯᠭᠠᠯᠴᠠᠭᠤᠯᠬᠤ ᠶᠢ ᠪᠡᠶᠡᠯᠡᠭᠦᠯᠦᠨ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠡᠷᠡᠭᠦᠯ ᠮᠡᠨᠳᠦ ᠶᠢ ᠡᠷᠡᠰ ᠬᠠᠮᠠᠭᠠᠯᠠᠨ᠎ᠠ ᠭᠡᠪᠡ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号