| | 9 ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠱᠠᠨᠰᠢ | ᠮᠤᠵᠢ ᠶᠢᠨ ᠲᠡᠮᠡᠭᠡᠲᠦ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠠᠴᠠ ᠵᠥᠷᠢᠴᠡᠭᠰᠡᠨ | ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠶᠢ ᠬᠦᠨᠵᠠᠬᠡᠶᠢᠷᠡᠬᠦᠯᠦᠨ ᠠᠬᠢᠭᠤᠯᠬᠤ ᠲᠤᠬᠠᠢ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ | ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠬᠡᠰᠡᠭ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠤᠨ | ᠲᠥᠰᠦᠯ᠂ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠯᠪᠣᠭᠳᠠᠯ ᠪᠦᠬᠦᠢ | ᠲᠤᠰᠬᠠᠶ ᠲᠥᠯᠥᠪᠵᠢᠭᠦᠯᠭᠡ ᠵᠡᠷᠭᠡ ᠵᠦᠢᠯ ᠢ ᠰᠤᠳᠤᠯᠪᠠ᠃ | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠱᠠᠨᠰᠢ ᠮᠤᠵᠢ ᠶᠢᠨ ᠲᠡᠮᠡᠭᠡᠲᠦ ᠳᠤ ᠰᠢᠨᠵᠢᠯᠡᠨ | ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠰᠠᠶᠢᠲᠤᠷ | ᠲᠤᠭᠤᠰᠢᠯᠠᠭᠤᠯᠬᠤ ᠨᠢ ᠪᠢᠳᠡᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠬᠦᠯᠬᠡ ᠶᠢ ᠡᠬᠢᠯᠡᠭᠦᠯᠵᠤ | ᠂ ᠰᠢᠨ᠎ᠡ ᠠᠶᠠᠨ ᠳᠠᠭᠠᠨ ᠡᠷᠡᠯᠬᠡᠭᠯᠡᠨ ᠤᠷᠤᠭᠰᠢᠯᠠᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠪᠦᠬᠦ | ᠣᠷᠣᠨ ᠤ ᠵᠠᠰᠠᠭ ᠤᠨ ᠣᠷᠳᠣᠨ ᠤ ᠰᠢᠰᠲ᠋ᠧᠮ ᠡᠷᠬᠡᠪᠰᠢ ︽ᠬᠤᠶᠠᠷ ᠢ ᠬᠠᠮᠠᠭᠠᠯᠠᠬᠤ︾ ᠦᠨᠳᠦᠷᠴᠡ ᠳᠤ ᠵᠤᠬᠰᠤᠵᠤ᠂ | ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠨᠠᠶᠢᠳᠠᠪᠤᠷᠢᠵᠢᠭᠤᠯᠤᠯᠲᠠ ᠶᠢ ᠡᠷᠡᠰ ᠰᠠᠶᠢᠲᠤᠷ ᠠᠳᠬᠤᠬᠤ ᠬᠡᠷᠡᠭᠲᠡᠢ᠃ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠶ᠂ ᠪᠥᠬᠦ ᠲᠠᠯ᠎ᠠ ᠪᠠᠷ | ᠲᠤᠭᠤᠰᠢᠯᠠᠭᠤᠯᠤᠨ᠂ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠤ ᠪᠥᠲᠥᠭᠡᠨ | ᠪᠠᠶᠢᠭᠤᠯᠤᠯᠲᠠ ᠶᠢ ᠲᠣᠪᠤᠶᠢᠮ᠎ᠠ ᠰᠠᠶᠢᠲᠤᠷ ᠠᠳᠬᠤᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠪᠥᠲᠥᠭᠡᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠨ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ | ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ | ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠬᠤ ᠬᠡᠷᠡᠭᠲᠡᠶ᠃ | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠨᠢᠭᠲᠠ ᠤᠶᠠᠯᠳᠤᠭᠤᠯᠵᠤ᠂ ᠥᠷᠭᠡᠨ ᠤᠯᠠᠨ | ᠨᠠᠮ ᠤᠨ ᠭᠡᠰᠢᠭᠦᠨ ᠺᠠᠳ᠋ᠷ ᠢ ᠬᠦᠳᠦᠯᠥᠨ ᠵᠢᠯᠤᠭᠤᠳᠴᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠠᠶᠢᠲᠤᠷ ᠣᠶᠢᠯᠠᠭᠠᠵᠤ ᠲᠤᠭᠤᠷᠠᠳᠠᠯ᠎ᠠ | ᠮᠡᠳᠡᠵᠤ ᠪᠣᠳᠠᠲᠠᠢ ᠬᠢᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠦᠵᠡᠯ ᠰᠠᠨᠠᠭ᠎ᠠ ᠪᠠᠨ ᠰᠡᠭᠡᠭᠡᠷᠡᠭᠦᠯᠬᠦ ᠳᠤᠮᠳᠠ | ᠦᠨᠡᠨᠴᠢ ᠰᠢᠳᠤᠷᠭᠤ ᠪᠠᠶᠢᠬᠤ ᠤᠤᠷ ᠴᠢᠨᠠᠷ ᠢᠶᠠᠨ ᠴᠢᠩᠭᠠᠳᠬᠠᠵᠤ᠂ ᠤᠨᠤᠯ ᠤᠨ ᠰᠠᠭᠤᠷᠢ ᠪᠠᠨ ᠪᠠᠬᠢᠵᠢᠭᠦᠯᠵᠦ᠂ | ᠬᠤᠪᠢᠰᠬᠠᠯ ᠤᠨ ᠠᠮᠢᠨ ᠰᠤᠳᠠᠰᠤ ᠶᠢ ᠦᠷᠭᠦᠯᠵᠢᠯᠡᠭᠦᠯᠵᠦ᠂ ᠢᠷᠠᠭᠤ ᠠᠯᠳᠠᠷᠲᠤ ᠬᠤᠪᠢᠰᠬᠠᠯ ᠤᠨ ᠤᠳᠤᠮᠰᠢᠯ ᠢ | ᠶᠡᠭᠡ ᠪᠠᠷ ᠪᠠᠳᠠᠷᠠᠭᠤᠯᠵᠤ᠂ ᠵᠣᠷᠢᠭᠲᠠᠢ ᠪᠠᠷ ᠲᠦᠷᠦᠭᠦᠯᠡᠨ ᠬᠢᠬᠦ᠂ ᠡᠷᠡᠯᠬᠡᠭᠯᠡᠨ ᠲᠡᠮᠡᠴᠡᠬᠦ ᠴᠤᠭ ᠰᠦᠯᠳᠡ ᠪᠠᠨ | ᠢᠮᠠᠭᠲᠠ ᠪᠠᠲᠤᠯᠠᠵᠤ᠂ ᠨᠡᠩ ᠡᠷᠡᠰ ᠪᠠᠲᠤ ᠤᠬᠠᠮᠰᠠᠷ ᠠᠴᠠ ᠪᠠᠨ ᠨᠠᠮ ᠤᠨ ᠦᠢᠯᠡᠰ ᠤᠨ ᠲᠥᠯᠥᠭᠡ ᠲᠡᠮᠡᠴᠡᠬᠦ | ᠬᠡᠷᠡᠭᠲᠡᠢ᠃ ᠢᠮᠠᠭᠲᠠ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠬᠠᠮᠲᠤ ᠪᠠᠷ ᠪᠠᠶᠠᠵᠢᠬᠤ ᠶᠢ | ᠠᠬᠢᠭᠤᠯᠬᠤ᠂ ᠠᠷᠠᠳ ᠲᠦᠮᠡᠨ ᠤ ᠰᠡᠳᠬᠢᠯ ᠬᠠᠨᠤᠮᠵᠢᠳᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ᠂ ᠠᠷᠠᠳ | ᠲᠦᠮᠡᠨ ᠤ ᠰᠣᠶᠣᠯ ᠤᠨ ᠬᠡᠷᠡᠭᠴᠡᠭᠡ ᠶᠢ ᠬᠠᠩᠭᠠᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠦᠨᠳᠦᠰᠦᠨ ᠱᠠᠲᠤᠨ ᠤ ᠰᠠᠭᠤᠷᠢ ᠶᠢ | ᠬᠦᠴᠦᠯᠡᠨ ᠪᠠᠬᠢᠵᠢᠭᠦᠯᠵᠦ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ | ᠠᠮᠢᠳᠤᠷᠠᠯ ᠤᠨ ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ | ᠬᠤᠷᠠᠯ ᠠᠴᠠ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ | ᠲᠤᠰᠬᠠᠶ ᠴᠡᠭᠴᠡᠯᠡᠨ ᠵᠠᠰᠠᠬᠤ ᠠᠵᠢᠯ ᠢ ᠭᠦᠨᠵᠡᠭᠡᠶᠢᠷᠠᠬᠦᠯᠦᠨ ᠥᠷᠨᠢᠭᠦᠯᠬᠦ ᠲᠤᠬᠠᠶ ᠤᠯᠠᠮ ᠨᠢᠭᠡ ᠠᠯᠬᠤᠮ ᠲᠣᠳᠣᠷᠬᠠᠶ | ᠱᠠᠭᠠᠷᠳᠠᠯᠭ᠎ᠠ ᠳᠤᠷᠠᠳᠴᠠᠶ᠂ ᠡᠯ᠎ᠡ ᠱᠠᠲᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ︽ᠳᠥᠷᠪᠡ ᠶᠢ | ᠨᠢᠭᠲᠠ ᠠᠩᠬᠠᠷᠬᠤ︾ ᠱᠠᠭᠠᠷᠳᠠᠯᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠴᠢᠩᠭ᠎ᠠ | ᠨᠠᠶᠢᠳᠠᠪᠤᠷᠢᠵᠢᠭᠤᠯᠵᠤ᠂ ᠭᠤᠤᠯᠳᠠᠯᠭ᠎ᠠ ᠶᠢ ᠳᠣᠪᠤᠶᠢᠯᠭᠠᠨ᠂ ᠲᠥᠷᠥᠯ ᠬᠤᠪᠢᠶᠠᠨ ᠰᠢᠶ᠋ᠳᠪᠦᠷᠢᠯᠡᠵᠦ᠂ ᠣᠨᠢᠨ | ᠲᠡᠭᠡᠷ᠎ᠡ ᠨᠢ ᠠᠷᠭ᠎ᠠ ᠪᠣᠳᠣᠯᠭ᠎ᠠ ᠬᠡᠷᠡᠭᠵᠢᠭᠦᠯᠦᠨ᠂ ᠬᠠᠷᠢᠭᠤᠴᠠᠯᠭ᠎ᠠ ᠶᠢᠨ ᠬᠡᠯᠬᠢᠶ᠎ᠡ ᠶᠢ ᠦᠨᠡᠨ ᠬᠦ ᠴᠢᠩᠳᠠᠯᠠᠵᠤ᠂ | ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠦᠨ᠂ ᠲᠣᠪᠤᠶᠢᠮ᠎ᠠ ᠠᠰᠠᠭᠤᠳᠠᠯ ᠢ ᠰᠢᠶ᠋ᠳᠪᠦᠷᠢᠯᠡᠵᠦ᠂ ᠲᠦᠷᠢᠮ ᠤᠨ | ᠳᠤᠲᠠᠭᠤᠳᠠᠯ ᠢ ᠨᠥᠬᠦᠪᠥᠷᠢᠯᠡᠨ᠂ ᠲᠤᠰᠬᠠᠶ ᠴᠡᠭᠴᠡᠯᠡᠨ ᠵᠠᠰᠠᠬᠤ ᠠᠵᠢᠯ ᠤᠨ ᠯᠠᠪᠳᠠᠭᠤᠨ ᠪᠠᠲᠤᠲᠠᠶ ᠠᠬᠢᠴᠠ ᠲᠠᠢ | ᠪᠣᠯᠵᠣ᠂ ᠰᠠᠨᠠᠭᠰᠠᠨ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠬᠤ ᠠᠵᠢᠯ ᠪᠣᠯ ᠬᠠᠤᠯᠢ ᠪᠠᠷ ᠣᠷᠣᠨ ᠢᠶᠠᠨ | ᠵᠠᠰᠠᠬᠤ ᠶᠢ ᠪᠦᠬᠦ ᠲᠠᠯ᠎ᠠ ᠪᠠᠷ ᠠᠬᠢᠭᠤᠯᠬᠤ᠂ ᠬᠠᠤᠯᠢᠵᠢᠯ ᠤᠨ ᠵᠠᠰᠠᠭ ᠤᠨ ᠣᠷᠳᠣᠨ ᠢ ᠪᠠᠶᠢᠭᠤᠯᠬᠤ ᠰᠠᠭᠤᠷᠢ | ᠴᠢᠨᠠᠷᠲᠠᠢ ᠠᠵᠢᠯ ᠪᠣᠯᠤᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠨᠠᠮ ᠠᠴᠠ ᠬᠠᠤᠯᠢ ᠲᠣᠭᠲᠠᠭᠠᠬᠤ ᠶᠢ | ᠤᠳᠤᠷᠢᠳᠬᠤ ᠵᠠᠷᠴᠢᠮ ᠢ ᠡᠷᠡᠰ ᠲᠤᠭᠤᠰᠢᠯᠠᠭᠤᠯᠵᠤ᠂ ᠠᠷᠠᠳ ᠤᠨ ᠲᠥᠯᠥᠭᠡ ᠬᠠᠤᠯᠢ ᠲᠣᠭᠲᠠᠭᠠᠬᠤ ᠶᠢ ᠢᠮᠠᠭᠲᠠ | ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠠᠵᠤ | ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠪᠠᠷ ᠪᠠᠷᠢᠮᠵᠢᠶᠠᠯᠠᠵᠤ᠂ ᠭᠤᠤᠯᠳᠠᠯᠭ᠎ᠠ ᠲᠠᠢ | ᠬᠦᠷᠢᠶᠡᠨ ᠳᠠᠬᠢ ᠬᠠᠤᠯᠢ ᠲᠣᠭᠲᠠᠭᠠᠬᠤ ᠶᠢ ᠴᠢᠩᠭᠠᠳᠬᠠᠵᠤ᠂ ᠴᠢᠨᠠᠷ ᠰᠠᠶᠢᠲᠠᠶ ᠬᠥᠭᠵᠢᠯᠲᠡ᠂ ᠥᠨᠳᠥᠷ ᠪᠦᠲᠦᠮᠵᠢᠲᠡᠶ | ᠵᠠᠰᠠᠯᠲᠠ ᠶᠢ ᠠᠬᠢᠭᠤᠯᠬᠤ ᠳᠤ ᠬᠦᠴᠦᠲᠡᠶ ᠬᠠᠤᠯᠢᠵᠢᠯ ᠤᠨ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ | ᠃ | ᠬᠤᠷᠠᠯ ᠠᠴᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠠᠵᠤ | ᠦᠶ᠋ᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠬᠥᠭᠵᠢᠯᠲᠡ᠂ ᠬᠤᠪᠣᠷ ᠰᠢᠷᠣᠶ ᠶᠢᠨ ᠠᠵᠤ ᠦᠶ᠋ᠯᠡᠰ ᠤᠨ ᠴᠢᠨᠠᠷ | ᠰᠠᠶᠢᠲᠠᠶ ᠬᠥᠭᠵᠢᠯᠲᠡ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠬᠤ ᠨᠢ | ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠥᠲᠥᠭᠡᠨ | ᠪᠠᠶᠢᠭᠤᠯᠬᠤ᠂ ᠠᠵᠤ ᠦᠶ᠋ᠯᠡᠰ ᠤᠨ ᠳᠡᠭᠡᠳᠦ ᠲᠡᠰᠵᠢᠬᠦᠯᠬᠦ᠂ ᠤᠶᠤᠨᠴᠢᠯᠠᠬᠤ᠂ ᠪᠣᠬᠢᠷᠲᠤᠯ ᠦᠬᠡᠶᠢᠵᠢᠬᠦᠯᠬᠦ ᠶᠢ | ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠱᠠᠲᠤ ᠡᠯ᠎ᠡ ᠬᠤᠯᠪᠣᠭᠳᠠᠯ ᠪᠥᠬᠦᠶ ᠰᠠᠯᠠᠭ᠎ᠠ | ᠮᠥᠴᠢᠷ ᠤᠨ ᠬᠢᠨ ᠠᠵᠠ ᠲᠣᠬᠢᠶᠠᠯ ᠤᠨ ᠤᠬᠠᠮᠰᠠᠷ ᠪᠠ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ | ᠥᠪᠡᠷᠲᠡᠭᠡᠨ ᠵᠠᠰᠠᠬᠤ ᠣᠷᠣᠨ ᠤ ᠲᠥᠯᠥᠪᠵᠢᠭᠦᠯᠭᠡ ᠳᠤ ᠲᠣᠳᠣᠷᠬᠠᠶᠢᠯᠠᠭᠰᠠᠨ ᠡᠭᠦᠷᠭᠡ ᠲᠠᠢ ᠬᠠᠷᠭᠤᠭᠤᠯᠵᠤ᠂ ᠠᠷᠭ᠎ᠠ | ᠬᠡᠯᠪᠡᠷᠢ ᠶᠢ ᠬᠤᠪᠢᠷᠠᠭᠤᠯᠬᠤ᠂ ᠪᠦᠲᠦᠴᠡ ᠶᠢ ᠲᠣᠬᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠨᠥᠯᠥᠭᠡᠯᠡᠵᠦ | ᠪᠠᠶᠢᠭ᠎ᠠ ᠲᠣᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠮᠢᠶ᠎ᠠ ᠪᠥᠬᠦᠶ ᠢᠵᠢ ᠪᠥᠷᠢᠳᠦᠭᠦᠯᠦᠭᠰᠡᠨ | ᠠᠷᠭ᠎ᠠ ᠬᠡᠮᠵᠢᠶ᠎ᠡ ᠶᠢ ᠱᠠᠯᠠᠪᠳᠠᠨ ᠰᠤᠳᠤᠯᠤᠨ ᠲᠣᠭᠲᠠᠭᠠᠵᠤ᠂ ᠡᠯ᠎ᠡ ᠵᠦᠶ᠋ᠯ ᠤᠨ ᠬᠠᠷᠠᠯᠲᠠ ᠡᠭᠦᠷᠭᠡ ᠶᠢ ᠪᠣᠳᠠᠲᠠᠶ ᠳᠤ | ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠮᠠᠨ ᠤ ᠣᠷᠣᠨ ᠤ ᠠᠵᠤ ᠠᠬᠤᠶ ᠶᠢᠨ ᠬᠡᠯᠪᠡᠷᠢ ᠪᠠᠨ | ᠬᠤᠪᠢᠷᠠᠭᠤᠯᠤᠨ ᠲᠠᠰ ᠳᠡᠪᠰᠢᠬᠦ ᠪᠠ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠬᠤ | ᠬᠡᠷᠡᠭᠲᠡᠶ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |