ᠲᠥᠪ ᠤᠨ ᠳᠥᠷᠪᠡᠳᠦᠭᠡᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠦᠪᠡᠷᠳᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠡᠯ᠎ᠡ ᠤᠯᠤᠰ ᠲᠦᠷᠦ ᠬᠠᠤᠯᠢ ᠴᠠᠭᠠᠵᠠ ᠶᠢᠨ ᠨᠢᠭᠡᠴᠢ ᠳᠤ ᠭᠦᠨᠵᠡᠭᠡᠶᠢᠷᠡᠨ ᠬᠤᠶᠠᠳᠤᠭᠠᠷ ᠪᠦᠯᠦᠭ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠢ ᠱᠠᠯᠠᠪᠳᠠᠭᠤᠯᠤᠨ ᠵᠢᠯᠣᠭᠤᠳᠴᠠᠢ ᡁᠢ ᠱᠦ ᠫᠢᠩ ᠱᠠᠯᠠᠪᠳᠠᠭᠤᠯᠤᠨ ᠵᠢᠯᠣᠭᠤᠳᠬᠤ ᠳᠤ ᠣᠷᠣᠯᠴᠠᠪᠠ
ᠨᠡᠶᠢᠲᠡᠯᠡᠭᠰᠡᠨ ᠴᠠᠭ᠄
2021/9/27
       9 ᠰᠠᠷ᠎ᠠ ᠶᠢᠨ 16 ᠠᠴᠠ 25 ᠤ ᠡᠳᠦᠷ ᠪᠣᠯᠲᠠᠯ᠎ᠠ᠂ ᠪᠦᠬᠦ ᠤᠯᠤᠰ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠲᠥᠪ ᠤᠨ ᠳᠥᠷᠪᠡᠳᠦᠭᠡᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᡁᠢ ᠱᠦ ᠫᠢᠩ᠂ ᠳᠤᠭᠤᠶᠢᠯᠠᠩ ᠤᠨ ᠳᠡᠳ᠋ ᠳᠠᠷᠤᠭ᠎ᠠ ᠹᠠᠨ ᠰᠢᠤᠢ ᠶᠢᠨ ᠨᠠᠷ ᠤᠷᠢᠳ ᠬᠤᠵᠢᠳ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠠᠷᠠᠳ ᠤᠨ ᠪᠠᠶᠢᠴᠠᠭᠠᠬᠤ ᠬᠤᠷᠢᠶ᠎ᠠ᠂ ᠬᠠᠤᠯᠢ ᠴᠠᠭᠠᠵᠠ ᠶᠢᠨ ᠲᠢᠩᠬᠢᠮ᠂ ᠭᠢᠨᠳᠠᠨ ᠤ ᠬᠠᠮᠢᠶᠠᠷᠤᠯᠲᠠ ᠶᠢᠨ ᠲᠤᠪᠴᠢᠶ᠎ᠡ ᠳᠤ ᠭᠦᠨᠵᠡᠭᠡᠶᠢᠷᠡᠨ ᠭᠤᠣᠯᠳᠠᠯᠭ᠎ᠠ ᠲᠠᠢ ᠱᠠᠯᠠᠪᠳᠠᠭᠤᠯᠤᠨ ᠵᠢᠯᠣᠭᠤᠳᠬᠤ ᠠᠵᠢᠯ ᠥᠷᠨᠢᠭᠦᠯᠪᠡ᠃ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠬᠢᠨ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠤ᠂ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠯᠤᠰ ᠲᠥᠷᠥ ᠬᠠᠤᠯᠢ ᠴᠠᠭᠠᠵᠠ ᠶᠢᠨ ᠪᠠᠭᠠᠲᠤᠷ ᠵᠢᠱᠢᠶᠡᠴᠢ ᠪᠣᠯᠤᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠪᠣᠯᠭᠤᠭᠠᠨ ᠲᠣᠬᠤᠨᠢᠭᠤᠯᠵᠤ᠂ ᠦᠪᠡᠷᠳᠡᠬᠡᠨ ᠵᠠᠰᠠᠬᠤ ᠣᠷᠣᠨ ᠤ ᠰᠢᠭᠤᠳ ᠬᠠᠷᠢᠶ᠎ᠠ ᠡᠯ᠎ᠡ ᠤᠯᠤᠰ ᠲᠥᠷᠥ ᠬᠠᠤᠯᠢ ᠴᠠᠭᠠᠵᠠ ᠶᠢᠨ ᠨᠢᠭᠡᠴᠢ ᠶᠢᠨ ᠬᠤᠶᠠᠳᠤᠭᠠᠷ ᠪᠦᠯᠦᠭ ᠤᠨ ᠬᠥᠮᠦᠵᠢᠯ ᠴᠡᠭᠴᠡᠯᠡᠯᠲᠡ ᠶᠢ ᠥᠷᠨᠢᠭᠦᠯᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠬᠦᠮᠦᠵᠢᠯ ᠴᠡᠭᠴᠡᠯᠡᠯᠳᠡ ᠪᠠ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠵᠣᠯᠭᠠᠭᠤᠯᠬᠤ᠂ ᠵᠠᠮ ᠬᠠᠷᠢᠯᠴᠠᠭᠠᠨ ᠤ ᠬᠠᠮᠢᠶᠠᠷᠤᠯᠲᠠ ᠶᠢ ᠵᠢᠷᠤᠮᠵᠢᠭᠤᠯᠬᠤ᠂ ᠬᠠᠤᠯᠢ ᠴᠠᠭᠠᠵᠠ ᠶᠢᠨ ᠬᠢᠨᠠᠯᠲᠠ ᠶᠢ ᠴᠢᠩᠭᠠᠳᠬᠠᠬᠤ᠂ ᠠᠷᠬᠠᠭ ᠬᠡᠮ ᠢ ᠴᠡᠭᠴᠡᠯᠡᠨ ᠵᠠᠰᠠᠬᠤ ᠵᠡᠷᠭᠡ ᠠᠵᠢᠯ ᠤᠨ ᠪᠠᠶᠢᠳᠠᠯ ᠳᠤ ᠴᠢᠭᠯᠡᠭᠦᠯᠦᠨ᠂ ᠲᠠᠷᠠᠭᠠᠴᠢ ᠶᠢᠨ ᠠᠯᠬᠤᠮ ᠤᠨ ᠠᠵᠢᠯ ᠳᠤ ᠪᠣᠳᠠᠲᠠᠶ ᠱᠠᠭᠠᠷᠳᠠᠯᠭ᠎ᠠ ᠳᠤᠷᠠᠳᠪᠠ᠃        ᡁᠢ ᠱᠦ ᠫᠢᠩ᠂ ᠦᠪᠡᠷᠳᠡᠬᠡᠨ ᠵᠠᠰᠠᠬᠤ ᠣᠷᠣᠨ ᠤ ᠰᠢᠭᠤᠳ ᠬᠠᠷᠢᠶ᠎ᠠ ᠡᠯ᠎ᠡ ᠤᠯᠤᠰ ᠲᠥᠷᠥ ᠬᠠᠤᠯᠢ ᠴᠠᠭᠠᠵᠠ ᠶᠢᠨ ᠨᠢᠭᠡᠴᠢ ᠶᠢᠨ ᠬᠢᠨ ︽ᠬᠤᠤᠰ ᠬᠠᠷᠢᠭᠤᠴᠠᠯᠭ᠎ᠠ︾ ᠶᠢ ᠪᠥᠬᠦ ᠲᠠᠯ᠎ᠠ ᠪᠠᠷ ᠡᠭᠦᠷᠭᠡᠯᠡᠵᠦ᠂ ︽ᠭᠤᠷᠪᠠᠨ ᠪᠠᠶᠢᠭᠤᠯᠭ᠎ᠠ︾ ᠶᠢ ᠲᠦᠷᠦᠭᠦᠯᠡᠨ ᠪᠠᠶᠢᠭᠤᠯᠵᠤ᠂ ︽ᠬᠤᠶᠠᠷ ᠦᠨᠳᠦᠷ︾ ᠱᠠᠭᠠᠷᠳᠠᠯᠭ᠎ᠠ ᠶᠢ ᠪᠡᠶᠡᠯᠡᠭᠦᠯᠬᠦ ᠳᠤ ᠲᠣᠰ ᠪᠡᠶ᠎ᠡ ᠶᠢᠨ ᠬᠥᠮᠦᠵᠢᠯ ᠴᠡᠭᠴᠡᠯᠡᠯᠲᠡ ᠶᠢ ᠰᠠᠶᠢᠲᠤᠷ ᠠᠳᠬᠤᠬᠤ ᠪᠠᠷ ᠪᠠᠷᠠᠬᠤ ᠥᠬᠡᠶ ᠪᠠᠰᠠ ᠪᠥᠬᠦ ᠣᠷᠣᠨ ᠤ ᠡᠯ᠎ᠡ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠵᠢᠯᠣᠭᠤᠳᠴᠤ᠂ ᠤᠯᠤᠰ ᠲᠥᠷᠥ ᠶᠢᠨ ᠪᠠᠶᠢᠭᠤᠯᠭ᠎ᠠ᠂ ᠤᠳᠤᠷᠢᠳᠬᠤ ᠪᠠᠶᠢᠭᠤᠯᠭ᠎ᠠ᠂ ᠳᠠᠭᠤᠷᠢᠶᠠᠯ ᠪᠠᠶᠢᠭᠤᠯᠭ᠎ᠠ ᠶᠢᠨ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠥᠨᠳᠥᠷ ᠪᠠᠷᠢᠮᠵᠢᠶ᠎ᠠ ᠱᠠᠭᠠᠷᠳᠠᠯᠭ᠎ᠠ᠂ ᠥᠨᠳᠥᠷ ᠭᠠᠷᠤᠭ᠎ᠠ ᠠᠴᠠ ᠠᠬᠢᠭᠤᠯᠵᠤ᠂ ᠣᠷᠳᠣ ᠬᠤᠭᠤᠴᠠᠭᠠᠨ ᠤ ᠲᠤᠷᠰᠢ ᠪᠥᠬᠦ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠬᠦᠷᠢᠶᠡᠨ ᠳᠤ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠦᠨᠡᠨ ᠬᠦ ᠰᠠᠶᠢᠲᠤᠷ ᠰᠢᠢᠳᠪᠤᠷᠢᠯᠡᠵᠦ᠂ ᠠᠷᠠᠳ ᠤᠨ ᠲᠥᠯᠥᠭᠡ ᠪᠣᠳᠠᠲᠤ ᠶᠠᠪᠤᠳᠠᠯ ᠬᠢᠵᠦ ᠦᠭᠬᠦ ᠶᠢ ᠨᠠᠩ ᠯᠠᠪᠳᠠᠭᠤᠨ ᠪᠠᠲᠤᠲᠠᠶ ᠦᠷᠨᠢᠭᠦᠯᠵᠤ᠂ ᠪᠥᠬᠦ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠳᠠᠢ ᠭᠡᠵᠤ ᠵᠢᠭᠠᠵᠤ ᠭᠠᠷᠭᠠᠵᠠᠢ᠃        ᡁᠢ ᠱᠦ ᠫᠢᠩ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠰᠤᠷᠤᠯᠴᠠᠯᠭ᠎ᠠ ᠬᠥᠮᠦᠵᠢᠯ ᠢ ᠢᠮᠠᠭᠲᠠ ᠲᠤᠭᠤᠰᠢᠯᠠᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠤᠯᠤᠰ ᠲᠦᠷᠦ ᠶᠢᠨ ᠦᠨᠡᠨᠴᠢ ᠰᠢᠳᠤᠷᠭᠤ ᠪᠠᠶᠢᠬᠤ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠴᠢᠩᠭ᠎ᠠ ᠨᠢᠮᠪᠠᠢ ᠪᠣᠳᠠᠲᠠᠢ ᠶᠢ ᠡᠷᠬᠢᠮᠯᠡᠨ ᠠᠬᠢᠭᠤᠯᠵᠤ᠂ ᠰᠡᠳᠬᠢᠯ ᠤᠨ ᠦᠭᠡ ᠪᠠᠨ ᠶᠠᠷᠢᠯᠴᠠᠬᠤ ᠶᠢ ᠥᠷᠭᠡᠨ ᠢᠶᠠᠷ ᠥᠷᠨᠢᠭᠦᠯᠦᠨ᠂ ᠦᠵᠡᠯ ᠰᠠᠨᠠᠭᠠᠨ ᠤ ᠲᠠᠶᠢᠴᠢᠯᠠᠯᠳᠠ ᠶᠢ ᠰᠠᠶᠢᠲᠤᠷ ᠬᠢᠵᠦ᠂ ᠤᠯᠤᠰ ᠲᠦᠷᠦ ᠬᠠᠤᠯᠢ ᠴᠠᠭᠠᠵᠠ ᠶᠢᠨ ᠥᠷᠭᠡᠨ ᠤᠯᠠᠨ ᠺᠠᠳ᠋ᠷ ᠴᠠᠭᠳᠠᠭ᠎ᠠ ᠶᠢᠨ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠬᠦ ᠬᠡᠷᠡᠭᠲᠡᠢ᠃ ᠰᠦᠪᠡᠭᠴᠢ ᠶᠢ ᠬᠠᠷᠭᠤᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠤᠯᠠᠨ ᠢ ᠲᠦᠢᠪᠡᠭᠡᠭᠴᠢ ᠶᠢ ᠡᠷᠡᠰ ᠠᠷᠢᠯᠭᠠᠵᠤ᠂ ᠠᠷᠬᠠᠭ ᠭᠡᠮ ᠢ ᠲᠦᠢᠯᠪᠤᠷᠢᠲᠠᠢ ᠴᠡᠭᠴᠡᠯᠡᠨ ᠵᠠᠰᠠᠵᠤ᠂ ᠰᠤᠷᠲᠠᠯ ᠤᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠬᠤ ᠬᠡᠷᠡᠭᠲᠡᠢ᠃        ᠲᠦᠷᠦᠭᠦᠦ ᠪᠦᠯᠦᠭ ᠬᠥᠮᠦᠵᠢᠯ ᠴᠡᠭᠴᠡᠯᠡᠯᠲᠡ ᠶᠢ ᠤᠷᠲᠤᠰᠬᠠᠨ ᠭᠦᠨᠵᠡᠭᠡᠶᠢᠷᠡᠭᠦᠯᠬᠦ ᠠᠵᠢᠯ ᠢ ᠰᠠᠶᠢᠲᠤᠷ ᠬᠢᠵᠦ᠂ ︽ᠣᠳᠣᠬᠠᠨ ᠳᠤ ᠵᠠᠰᠠᠬᠤ︾ ᠪᠠ ︽ᠣᠷᠳᠣ ᠬᠤᠭᠤᠴᠠᠭ᠎ᠠ ᠪᠠᠷ ᠪᠠᠶᠢᠭᠤᠯᠬᠤ︾ ᠶᠢ ᠨᠢᠭᠡᠳᠦᠯᠲᠡᠶ ᠲᠥᠯᠥᠪᠵᠢᠭᠦᠯᠵᠦ᠂ ᠨᠢᠭᠡᠨᠲᠡ ᠢᠯᠡᠷᠡᠭᠰᠡᠨ ᠠᠰᠠᠭᠤᠳᠠᠯ ᠳᠤ ᠴᠢᠭᠯᠡᠭᠦᠯᠦᠨ᠂ ᠬᠤᠯᠪᠣᠭᠳᠠᠯ ᠪᠥᠬᠦᠶ ᠲᠦᠷᠢᠮ ᠲᠣᠭᠲᠠᠴᠠ ᠶᠢ ᠴᠠᠭ ᠲᠤᠬᠠᠶ ᠳᠤᠨᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠵᠠᠰᠠᠬᠤ ᠪᠠ ᠪᠠᠶᠢᠭᠤᠯᠬᠤ ᠶᠢ ᠵᠡᠷᠭᠡ ᠪᠠᠷ ᠠᠳᠬᠤᠨ᠂ ᠣᠷᠳᠣ ᠬᠤᠭᠤᠴᠠᠭ᠎ᠠ ᠪᠠᠷ ᠪᠦᠲᠦᠮᠵᠢᠲᠡᠶ ᠵᠠᠰᠠᠬᠤ ᠶᠢ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃        ᡁᠢ ᠱᠦ ᠫᠢᠩ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠭᠤᠣᠯ ᠴᠤᠭᠴᠠ ᠪᠣᠯ ᠰᠠᠶᠢᠨ ᠪᠠᠶᠢᠨ᠎ᠠ᠂ ᠨᠠᠮ ᠪᠣᠯᠤᠨ ᠠᠷᠠᠳ ᠲᠦᠮᠡᠨ ᠤ ᠢᠲᠡᠭᠡᠵᠦ ᠪᠣᠯᠬᠤ ᠡᠩᠨᠡᠭᠡ ᠮᠥᠨ᠃ ᠥᠷᠭᠡᠨ ᠤᠯᠠᠨ ᠺᠠᠳ᠋ᠷ ᠴᠠᠭᠳᠠᠭ᠎ᠠ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ᠂ ᠠᠷᠠᠳ ᠲᠦᠮᠡᠨ ᠢ ᠬᠠᠮᠠᠭᠠᠯᠠᠬᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠠᠵᠢᠯ ᠤᠨ ᠪᠠᠶᠢᠷᠢ ᠳᠡᠭᠡᠷ᠎ᠡ ᠡᠷᠡᠯᠬᠡᠭ ᠪᠠᠭᠠᠲᠤᠷᠯᠢᠭ ᠢᠶᠠᠷ ᠲᠡᠮᠡᠴᠡᠵᠦ᠂ ᠬᠠᠷᠠᠮ ᠦᠭᠡᠢ ᠵᠣᠷᠢᠭᠤᠯᠵᠤ᠂ ᠬᠢᠵᠢᠭ ᠲᠠᠢ ᠲᠡᠮᠡᠴᠡᠬᠦ᠂ ᠠᠶᠤᠯ ᠭᠠᠮᠰᠢᠭ ᠠᠴᠠ ᠠᠪᠤᠷᠠᠬᠤ ᠵᠡᠷᠭᠡ ᠴᠢᠬᠤᠯᠠ ᠶᠡᠭᠡ ᠡᠭᠦᠷᠭᠡ ᠶᠢᠨ ᠡᠮᠦᠨ᠎ᠡ ᠨᠢ ᠭᠠᠪᠰᠢᠭᠠᠶᠢᠯᠠᠵᠤ᠂ ᠦᠷᠭᠦᠯᠵᠢᠯᠡᠨ ᠲᠡᠮᠡᠴᠡᠵᠠᠢ᠃ ᠤᠯᠤᠰ ᠲᠥᠷᠥ ᠬᠠᠤᠯᠢ ᠴᠠᠭᠠᠵᠠ ᠶᠢᠨ ᠪᠠᠭᠠᠲᠤᠷ ᠵᠢᠱᠢᠶᠡᠴᠢ ᠪᠣᠯᠤᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠰᠠᠶᠢᠲᠤᠷ ᠰᠣᠩᠭᠤᠨ ᠱᠤᠭᠤᠵᠦ ᠰᠠᠶᠢᠲᠤᠷ ᠤᠬᠠᠭᠤᠯᠵᠤ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠴᠠᠭ ᠦᠶ᠎ᠡ ᠶᠢᠨ ᠬᠡᠪ ᠳᠠᠭᠤᠷᠢᠶᠠᠯ᠂ ᠴᠠᠭ ᠦᠶ᠎ᠡ ᠶᠢᠨ ᠲᠥᠪ ᠰᠤᠷᠲᠠᠯ᠂ ᠴᠠᠭ ᠦᠶ᠎ᠡ ᠶᠢᠨ ᠴᠤᠭ ᠵᠢᠪᠬᠤᠭ᠎ᠠ ᠶᠢ ᠭᠦᠢᠴᠡᠳ ᠢᠯᠡᠷᠡᠭᠦᠯᠵᠦ᠂ ᠬᠦᠴᠦᠷᠬᠡᠭ ᠶᠡᠭᠡ ᠢᠳᠡᠪᠬᠢ ᠬᠦᠴᠦᠨ ᠢ ᠪᠠᠳᠠᠷᠠᠭᠤᠯᠵᠤ᠂ ᠪᠥᠬᠦ ᠨᠡᠶᠢᠭᠡᠮ ᠢᠶᠠᠷ ᠢᠶᠠᠨ ᠪᠠᠭᠠᠲᠤᠷ ᠵᠢᠱᠢᠶᠡᠴᠢ ᠠᠴᠠ ᠰᠤᠷᠤᠯᠴᠠᠵᠤ᠂ ᠪᠠᠭᠠᠲᠤᠷ ᠵᠢᠱᠢᠶᠡᠴᠢ ᠶᠢ ᠳᠡᠭᠡᠳᠦᠯᠡᠬᠦ ᠶᠢ ᠠᠬᠢᠭᠤᠯᠬᠤ ᠬᠡᠷᠡᠭᠲᠡᠶ ᠭᠡᠵᠦ ᠵᠢᠭᠠᠵᠦ ᠭᠠᠷᠭᠠᠪᠠ᠃        ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠤᠤ ᠴᠦᠨ ᠪᠠᠷ᠎ᠠ ᠪᠣᠯᠵᠣ ᠭᠡᠰᠡᠭ ᠱᠠᠯᠠᠪᠳᠠᠭᠤᠯᠤᠨ ᠵᠢᠯᠣᠭᠤᠳᠬᠤ ᠠᠵᠢᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠾᠧᠩ ᠰᠢᠶᠤᠤ ᠹᠠᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠶᠠᠩ ᠽᠦᠩ ᠷᠧᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠯᠢ ᠴᠢ ᠯᠢᠨ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ᠂ ᠭᠢᠨᠳᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠲᠣᠰ ᠲᠣᠰ ᠠᠵᠢᠯ ᠤᠨ ᠬᠠᠷᠢᠭᠤ ᠮᠡᠳᠡᠭᠦᠯᠦᠯᠲᠡ ᠬᠢᠵᠠᠢ᠃    
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号