| | 9 ᠰᠠᠷ᠎ᠠ ᠶᠢᠨ 3 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠡᠷᠡᠬᠦᠯ ᠬᠠᠮᠠᠭᠠᠯᠠᠯ ᠤᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠬᠤᠷᠠᠯ | ᠬᠤᠷᠠᠯᠳᠤᠭᠤᠯᠵᠤ᠂ ᠪᠦᠬᠦ ᠤᠯᠤᠰ ᠤᠨ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠠᠵᠢᠯ ᠤᠨ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ | ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠭᠤᠣᠯᠳᠠᠯᠭ᠎ᠠ ᠲᠠᠢ ᠠᠵᠢᠯ ᠢ | ᠲᠤᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ | ᠥᠪᠡᠷᠲᠡᠭᠡᠨ ᠵᠠᠰᠠᠬᠤ ᠣᠷᠣᠨ ᠤ ᠣᠷᠣᠯᠠᠭᠴᠢ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠵᠤ ᠶᠠᠷᠢᠶ᠎ᠠ | ᠲᠠᠯᠪᠢᠪᠠ᠃ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ | ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠡᠸᠤ ᠶᠠᠩ ᠰᠢᠶᠤᠤ ᠬᠤᠶ ᠬᠤᠷᠠᠯ ᠢ | ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠠᠵᠢᠯ ᠤᠨ ᠠᠯᠪᠠᠨ ᠬᠡᠷ 2020 ᠣᠨ ᠠᠴᠠ ᠨᠠᠭᠠᠰᠢᠬᠢ ᠪᠥᠬᠦ ᠣᠷᠣᠨ ᠤ ᠡᠮ ᠡᠮᠨᠡᠯᠭᠡ | ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯ ᠤᠨ ᠪᠠᠶᠢᠳᠠᠯ ᠢ ᠵᠠᠷᠯᠠᠨ ᠮᠡᠳᠡᠭᠳᠡᠵᠦ᠂ | ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠲᠣᠰ ᠲᠣᠰ ᠦᠭᠡ ᠬᠡᠯᠡᠪᠡ᠃ | ᠬᠤᠷᠠᠯ ᠠᠴᠠ᠂ ᠣᠳᠣᠬᠠᠨ ᠳᠤ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠨᠢᠭᠡᠨᠲᠡ ᠲᠦᠭᠰᠢᠬᠦᠷᠢ ᠶᠢ ᠲᠤᠭᠤᠯᠬᠤ ᠬᠤᠭᠤᠴᠠᠭ᠎ᠠ ᠪᠠ ᠪᠤᠭᠤᠮᠳᠠ | ᠰᠢᠪᠳᠤᠯᠬᠤ ᠬᠤᠭᠤᠴᠠᠭᠠᠨ ᠳᠤ ᠣᠷᠣᠪᠠ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ | ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠳᠡᠭᠡᠭᠰᠢᠯᠡᠭᠦᠯᠵᠦ᠂ ᠶᠡᠷᠦᠩᠬᠡᠶ ᠱᠦᠵᠢ ᠰᠢ ᠶᠢᠨ | ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ | ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠶᠡᠭᠡ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠤᠶᠢᠪᠢᠰᠢ ᠥᠬᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠠᠷᠠᠳ ᠲᠦᠮᠡᠨ ᠤ ᠡᠷᠡᠭᠦᠯ ᠮᠡᠨᠳᠦ ᠶᠢ ᠪᠠᠲᠤᠯᠠᠬᠤ ᠠᠵᠢᠯ ᠢ ᠤᠷᠢᠳ ᠢᠶᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ | ᠪᠠᠶᠢᠷᠢᠨ ᠳᠤ ᠲᠠᠯᠪᠢᠵᠤ᠂ ᠶᠡᠭᠡ ᠡᠷᠡᠭᠦᠯ ᠬᠠᠮᠠᠭᠠᠯᠠᠯ ᠶᠡᠭᠡ ᠡᠷᠡᠭᠦᠯ ᠮᠡᠨᠳᠦ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ | ᠰᠢᠨ᠎ᠡ ᠴᠠᠭ ᠦᠶ᠎ᠡ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠴᠢᠭᠯᠡᠯᠲᠡ ᠶᠢ ᠨᠠᠶᠢᠳᠠᠪᠤᠷᠢᠵᠢᠭᠤᠯᠵᠤ᠂ | ᠣᠯᠠᠨ ᠲᠦᠮᠡᠨ ᠤ ᠡᠪᠡᠳᠴᠢᠨ ᠢᠶᠠᠨ ᠦᠵᠡᠭᠦᠯᠵᠦ ᠡᠮᠨᠡᠭᠦᠯᠬᠦ ᠠᠰᠠᠭᠤᠳᠠᠯ ᠢ ᠰᠢᠢᠳᠪᠦᠷᠢᠯᠡᠬᠦ ᠶᠢᠨ ᠲᠣᠭᠤᠷᠢᠨ ᠳᠤ ᠡᠮ | ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠠᠰᠤᠷᠠᠯᠲᠠ ᠥᠬᠡᠶ ᠭᠦᠨᠵᠡᠭᠡᠶᠢᠷᠡᠨ | ᠬᠥᠭᠵᠢᠬᠦ ᠶᠢ ᠭᠤᠶᠢᠪᠢᠰᠢ ᠥᠬᠡᠶ ᠠᠬᠢᠭᠤᠯᠵᠤ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠥᠷᠭᠡᠨ ᠣᠯᠠᠨ ᠠᠷᠠᠳ | ᠲᠦᠮᠡᠨ ᠳᠤ ᠨᠠᠩ ᠣᠯᠠᠨ᠂ ᠨᠠᠩ ᠰᠠᠶᠢᠳᠤᠷ ᠬᠦᠷᠲᠡᠭᠡᠬᠦ ᠬᠡᠷᠡᠭᠲᠡᠶ ᠬᠡᠵᠥ ᠵᠢᠭᠠᠵᠥ ᠭᠠᠷᠭᠠᠪᠠ᠃ | ᠬᠤᠷᠠᠯ ᠠᠴᠠ᠂ ︽ᠰᠠᠨᠮᠢᠩ ᠤᠨ ᠲᠤᠷᠰᠢᠯᠭ᠎ᠠ︾ ᠶᠢ ᠰᠤᠷᠤᠯᠴᠠᠨ ᠳᠡᠯᠭᠡᠷᠡᠭᠦᠯᠬᠦ ᠶᠢ ᠡᠮ ᠡᠮᠨᠡᠯᠭᠡ ᠡᠷᠡᠬᠦᠯ | ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠭᠠᠷᠳᠠᠴᠠ ᠪᠣᠯᠭᠠᠵᠤ᠂ ᠡᠮ | ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠤᠳᠤᠷᠢᠳᠬᠤ | ᠪᠠᠶᠢᠭᠤᠯᠤᠮᠵᠢ ᠪᠣᠯᠤᠨ ᠠᠬᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠤ᠂ ᠭᠠᠵᠠᠷ ᠣᠷᠣᠨ ᠤ | ᠪᠠᠶᠢᠳᠠᠯ ᠳᠤᠨᠢ ᠲᠤᠬᠢᠷᠠᠭᠤᠯᠤᠨ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ ᠪᠠᠶᠢᠭᠠᠳ ᠲᠤᠰ ᠪᠡᠶ᠎ᠡ ᠶᠢᠨ ᠪᠣᠳᠠᠲᠤ | ᠪᠠᠶᠢᠳᠠᠯ ᠲᠠᠢ ᠪᠠᠨ ᠨᠡᠶᠢᠴᠡᠭᠰᠡᠨ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ | ᠵᠠᠭᠪᠤᠷ ᠢ ᠰᠦᠪᠡᠭᠴᠢᠯᠡᠨ ᠪᠠᠶᠢᠭᠤᠯᠬᠤ ᠬᠡᠷᠡᠭᠲᠡᠢ︔ ᠰᠢᠰᠲ᠋ᠧᠮ ᠲᠠᠢ ᠬᠤᠷᠰᠢᠯᠴᠠᠵᠦ᠂ ᠡᠮᠴᠢᠯᠡᠭᠡ᠂ ᠡᠮᠴᠢᠯᠡᠭᠡᠨ ᠤ | ᠪᠠᠳᠤᠯᠠᠭ᠎ᠠ᠂ ᠡᠮ ᠡᠮᠨᠡᠯᠭᠡ ᠶᠢᠨ ᠬᠤᠷᠰᠢᠯᠴᠠᠭ᠎ᠠ ᠶᠢ ᠦᠨᠡᠨ ᠬᠦ ᠬᠤᠯᠪᠣᠵᠤ᠂ ᠬᠥᠳᠡᠯᠭᠡᠵᠦ᠂ ᠠᠮᠢᠳᠤᠯᠢᠭᠵᠢᠭᠤᠯᠵᠤ᠂ | ᠥᠭᠡᠷᠡᠴᠢᠯᠡᠯᠲᠡ ᠶᠢᠨ ᠳᠠᠪᠬᠤᠴᠠᠯ ᠦᠢᠯᠡᠳᠦᠯ ᠢ ᠪᠦᠷᠢᠯᠳᠦᠭᠦᠯᠬᠦ ᠭᠡᠷᠡᠭᠳᠠᠢ︔ ᠨᠠᠷᠢᠯᠢᠭ ᠣᠨᠣᠴᠠᠲᠠᠶ ᠪᠠᠷ ᠠᠷᠭ᠎ᠠ | ᠪᠣᠳᠣᠯᠭ᠎ᠠ ᠬᠡᠷᠡᠭᠵᠢᠭᠦᠯᠵᠦ᠂ ᠳᠤᠲᠠᠭᠤᠳᠠᠯ ᠠᠴᠠ ᠡᠬᠢᠯᠡᠨ ᠨᠥᠬᠦᠪᠥᠷᠢᠯᠡᠵᠦ᠂ ᠬᠠᠮᠤᠭ ᠤᠨ ᠬᠦᠴᠢᠷᠲᠡᠶ ᠲᠠᠯ᠎ᠠ ᠠᠴᠠ | ᠡᠬᠢᠯᠡᠨ ᠵᠠᠰᠠᠬᠤ ᠭᠡᠷᠡᠭᠳᠠᠢ᠃ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠤᠨ ᠲᠡᠩᠴᠡᠭᠦᠷᠢᠲᠡᠶ | ᠪᠠᠶᠢᠷᠢᠰᠢᠭᠤᠯᠤᠯᠲᠠ ᠶᠢ ᠠᠬᠢᠭᠤᠯᠵᠤ᠂ ᠱᠠᠲᠤ ᠬᠤᠪᠢᠶᠠᠨ ᠣᠨᠣᠰᠢᠯᠠᠨ ᠡᠮᠨᠡᠬᠦ ᠦᠢᠯᠡᠴᠢᠯᠡᠭᠡᠨ ᠤ ᠰᠢᠰᠲ᠋ᠧᠮ ᠢ | ᠲᠦᠷᠭᠡᠳᠬᠡᠨ ᠪᠠᠶᠢᠭᠤᠯᠵᠤ᠂ ᠡᠯ᠎ᠡ ᠱᠠᠲᠤ ᠡᠯ᠎ᠡ ᠲᠥᠷᠥᠯ ᠤᠨ ᠡᠮᠴᠢᠯᠡᠭᠡᠨ ᠤ ᠪᠠᠶᠢᠭᠤᠯᠤᠮᠵᠢ ᠶᠢᠨ ᠴᠢᠳᠠᠪᠬᠢ ᠶᠢᠨ | ᠪᠠᠶᠢᠷᠢ ᠲᠣᠭᠲᠠᠭᠠᠯᠲᠠ ᠶᠢ ᠨᠠᠶᠢᠳᠠᠪᠤᠷᠢᠵᠢᠭᠤᠯᠬᠤ᠂ ᠦᠢᠯᠡᠳᠦᠯ ᠢᠶᠠᠨ ᠲᠡᠩᠴᠡᠭᠦᠷᠢᠲᠡᠶ ᠪᠠᠳᠠᠷᠠᠭᠤᠯᠬᠤ ᠶᠢ ᠠᠬᠢᠭᠤᠯᠵᠤ | ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠣᠷᠣᠨ ᠪᠦᠰᠡ ᠶᠢᠨ ᠡᠮᠴᠢᠯᠡᠭᠡᠨ ᠤ ᠲᠥᠪ ᠤᠨ ᠪᠥᠲᠥᠭᠡᠨ | ᠪᠠᠶᠢᠭᠤᠯᠤᠯᠲᠠ ᠶᠢ ᠲᠣᠪᠤᠶᠢᠯᠭᠠᠨ ᠰᠠᠶᠢᠲᠤᠷ ᠠᠳᠬᠤᠵᠤ᠂ ᠣᠲᠣ ᠶᠢᠨ ᠪᠠᠶᠢᠭ᠎ᠠ ᠡᠬᠢ ᠪᠠᠶᠠᠯᠢᠭ ᠢ ᠨᠡᠶᠢᠳᠬᠡᠵᠦ᠂ | ᠬᠦᠴᠦᠨ ᠢᠶᠠᠨ ᠲᠥᠪᠯᠡᠷᠡᠭᠦᠯᠦᠨ ᠡᠮᠴᠢᠯᠡᠭᠡᠨ ᠤ ᠦᠢᠯᠡᠴᠢᠯᠡᠭᠡ ᠶᠢᠨ ︽ᠥᠨᠳᠦᠷᠯᠢᠭ︾ ᠢ ᠴᠣᠭᠴᠠᠯᠠᠬᠤ ᠬᠡᠷᠡᠭᠲᠡᠶ︔ | ᠰᠢᠰᠲ᠋ᠧᠮ ᠤᠨ ᠰᠢᠨ᠎ᠡ ᠶᠢ ᠡᠭᠦᠳᠬᠦ᠂ ᠮᠡᠷᠭᠡᠵᠢᠯ ᠤᠨ ᠰᠢᠨ᠎ᠡ ᠶᠢ ᠡᠭᠦᠳᠬᠦ᠂ ᠵᠠᠭᠪᠤᠷ ᠤᠨ ᠰᠢᠨ᠎ᠡ ᠶᠢ ᠡᠭᠦᠳᠬᠦ᠂ | ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶᠠᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠭᠡᠷᠡᠭᠳᠠᠢ︔ ᠶᠡᠷᠦᠩᠬᠡᠶᠢᠯᠡᠨ ᠬᠢᠨᠠᠵᠤ ᠬᠠᠮᠢᠶᠠᠷᠬᠤ | ᠳᠦᠷᠢᠮ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠱᠠᠯᠠᠪᠳᠠᠭᠤᠯᠤᠨ ᠰᠢᠯᠭᠠᠨ ᠪᠠᠶᠢᠴᠠᠭᠠᠬᠤ ᠶᠢ | ᠴᠢᠩᠭᠠᠷᠠᠭᠤᠯᠤᠨ᠂ ᠰᠢᠯᠭᠠᠨ ᠪᠠᠶᠢᠴᠠᠭᠠᠬᠤ ︽ᠳᠣᠬᠢᠭᠤᠷ︾ ᠤᠨ ᠦᠢᠯᠡᠳᠦᠯ ᠢ ᠭᠦᠢᠴᠡᠳ ᠪᠠᠳᠠᠷᠠᠭᠤᠯᠬᠤ ᠭᠡᠷᠡᠭᠳᠠᠢ᠃ | ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠬᠦᠨᠳᠦ ᠶᠡᠭᠡ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ | ᠪᠣᠯᠤᠨ ᠡᠮᠴᠢᠯᠡᠭᠡᠨ ᠤ ᠦᠢᠯᠡᠴᠢᠯᠡᠭᠡ ᠶᠢᠨ ᠥᠨᠳᠥᠷ ᠪᠦᠲᠦᠮᠵᠢᠲᠡᠢ ᠬᠠᠮᠵᠢᠯᠴᠠᠭ᠎ᠠ ᠶᠢ ᠠᠬᠢᠭᠤᠯᠵᠤ᠂ ᠤᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠬᠦᠨᠳᠦ ᠶᠡᠭᠡ ᠠᠶᠤᠯ ᠲᠦᠭᠰᠢᠭᠦᠷᠢ ᠶᠢ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠬᠦ᠂ ᠦᠨᠡᠯᠡᠨ ᠵᠢᠱᠢᠵᠦ ᠰᠤᠳᠤᠯᠤᠨ ᠮᠠᠭᠠᠳᠯᠠᠬᠤ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ᠂ | ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃ | ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠣᠬᠢᠶᠠᠨ | ᠪᠠᠶᠢᠭᠤᠯᠵᠤ ᠤᠳᠤᠷᠢᠳᠬᠤ ᠪᠠ ᠬᠠᠮᠵᠢᠯᠴᠠᠵᠤ ᠬᠤᠷᠰᠢᠯᠴᠠᠬᠤ ᠪᠠᠨ ᠤᠯᠠᠮ ᠴᠢᠨᠠᠭᠰᠢᠳᠠ ᠴᠢᠩᠭᠠᠳᠬᠠᠵᠤ᠂ | ᠥᠭᠡᠷᠡᠴᠢᠯᠡᠯᠲᠡ ᠶᠢ ᠠᠬᠢᠭᠤᠯᠬᠤ ᠬᠠᠮᠲᠤᠷᠠᠯ ᠬᠦᠴᠦᠨ ᠤ ᠪᠦᠷᠢᠯᠳᠦᠬᠦ ᠶᠢ ᠠᠬᠢᠭᠤᠯᠬᠤ ᠬᠡᠷᠡᠭᠲᠡᠢ᠃ ᠡᠯ᠎ᠡ ᠱᠠᠲᠤᠨ ᠤ | ᠵᠠᠰᠠᠭ ᠤᠨ ᠣᠷᠳᠣᠨ ᠨᠤᠭᠤᠳ ᠣᠷᠣᠭᠤᠯᠤᠯᠲᠠ ᠶᠢᠨ ᠪᠦᠲᠦᠴᠡ ᠪᠠᠨ ᠲᠠᠰᠤᠷᠠᠯᠲᠠ ᠤᠢᠭᠡᠢ ᠰᠢᠯᠢᠳᠡᠭᠵᠢᠭᠦᠯᠦᠨ᠂ | ᠲᠣᠭᠲᠠᠪᠤᠷᠢᠳᠠᠢ ᠣᠷᠣᠭᠤᠯᠤᠯᠲᠠ ᠶᠢᠨ ᠲᠣᠭᠲᠠᠴᠠ ᠶᠢ ᠪᠣᠶ ᠪᠣᠯᠭᠠᠵᠤ᠂ ᠡᠮ ᠡᠮᠨᠡᠯᠭᠡ ᠡᠷᠡᠬᠦᠯ ᠬᠠᠮᠠᠭᠠᠯᠠᠯ ᠤᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯ ᠤᠨ ᠰᠢᠨ᠎ᠡ ᠦᠷ᠎ᠡ ᠪᠦᠲᠦᠮᠵᠢ ᠣᠯᠬᠤ ᠶᠢ ᠦᠷᠭᠦᠯᠵᠢᠯᠡᠨ | ᠠᠬᠢᠭᠤᠯᠵᠤ᠂ ᠠᠷᠠᠳ ᠣᠯᠠᠨ ᠤ ᠡᠷᠡᠭᠦᠯ ᠮᠡᠨᠳᠦ ᠵᠤᠯ ᠵᠢᠷᠭᠠᠯ ᠢ ᠲᠠᠰᠤᠷᠠᠯᠲᠠ ᠤᠢᠭᠡᠢ ᠨᠡᠮᠡᠭᠳᠡᠭᠦᠯᠬᠦ ᠬᠡᠷᠡᠭᠲᠡᠶ ᠭᠡᠵᠤ | ᠱᠠᠭᠠᠷᠳᠠᠪᠠ᠃ |